ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 9 ᠤ ᠴᠠᠬᠢᠯᠭᠠᠨ ᠮᠡᠳᠡᠭᠡ ︵ᠰᠤᠷᠪᠤᠯᠵᠢᠯᠠᠬᠴᠢ ᠯᠢᠦ | ᠬᠤᠸᠠ︶ ᠤᠯᠤᠰ ᠤᠨ ᠲᠡᠷᠢᠬᠦᠯᠡᠭᠴᠢ ᠰᠢ ᠶᠢᠨ ᠫᠢᠩ 9 ᠤ ᠡᠳᠤᠷ ᠳ᠋ᠢᠶᠤᠤ ᠢᠤᠢ ᠲᠠᠢ ᠲᠦᠷᠤ ᠶᠢᠨ ᠵᠤᠴᠢᠳ ᠤᠨ | ᠪᠠᠭᠤᠳᠠᠯ ᠳᠤ ᠫᠠᠺᠢᠰᠲ᠋ᠠᠨ ᠤ ᠶᠠᠷᠤᠩᠬᠡᠢ ᠰᠠᠶᠢᠳ ᠢᠮᠦ᠋ᠯᠠᠨ · ᠬᠠᠨ ᠲᠠᠢ ᠠᠭᠤᠯᠵᠠᠪᠠ᠃ | ᠰᠢ ᠶᠢᠨ ᠫᠢᠩ᠂ ᠳᠤᠮᠳᠠᠳᠤ ᠤᠯᠤᠰ ᠪᠤᠯᠤᠨ ᠫᠠᠺᠢᠰᠲ᠋ᠠᠨ ᠪᠤᠯ ᠬᠤᠤᠰ ᠦᠬᠡᠢ ᠦᠪᠡᠷᠮᠢᠴᠡ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠪᠤᠯᠤᠨ᠎ᠠ᠃ ᠲᠡᠯᠡᠬᠡᠢ ᠶᠢᠨ ᠪᠠ ᠭᠠᠵᠠᠷ ᠤᠷᠤᠨ ᠤ | ᠪᠠᠶᠢᠳᠠᠯ ᠶᠠᠮᠠᠷ ᠬᠤᠪᠢᠷᠠᠯᠳᠠ ᠭᠠᠷᠤᠬᠰᠠᠨ ᠴᠦ᠂ ᠳᠤᠮᠳᠠᠳᠤ ᠫᠠᠺᠢᠰᠲ᠋ᠠᠨ ᠤ ᠨᠦᠬᠦᠷᠯᠠᠯ ᠢᠮᠠᠬᠳᠠ ᠬᠠᠳᠠ ᠴᠢᠯᠠᠭᠤ | ᠮᠡᠳᠤ ᠪᠠᠳᠦ ᠪᠠᠶᠢᠵᠤ᠂ ᠳᠤᠮᠳᠠᠳᠤ ᠫᠠᠺᠢᠰᠲ᠋ᠠᠨ ᠤ ᠬᠠᠮᠳᠤᠷᠠᠯᠴᠠᠭ᠎ᠠ ᠦᠷᠨᠢᠬᠦᠨ ᠪᠠᠳᠠᠷᠠᠩᠭᠤᠢ ᠠᠮᠢᠵᠢᠷᠠᠯ ᠤᠨ | ᠬᠦᠴᠤᠨ ᠢᠶᠠᠨ ᠪᠠᠳᠤᠯᠠᠵᠦ᠂ ᠲᠠᠰᠤᠷᠠᠯᠳᠠ ᠦᠭᠡᠢ ᠦᠷᠭᠡᠵᠢᠨ ᠬᠦᠨᠵᠡᠭᠡᠶᠢᠷᠡᠪᠡ᠃ ᠳᠤᠮᠳᠠᠳᠤ ᠤᠯᠤᠰ ᠤᠨ ᠬᠢᠨ | ᠫᠠᠺᠢᠰᠲ᠋ᠠᠨ ᠢ ᠢᠮᠠᠭᠲᠠ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠤᠷᠢᠳ ᠢᠶᠠᠷ ᠪᠤᠳᠤᠯᠬᠢᠯᠠᠬᠤ ᠴᠢᠭᠯᠡᠯ | ᠪᠤᠯᠭᠠᠵᠦ᠂ ᠫᠠᠺᠢᠰᠲ᠋ᠠᠨ ᠤ ᠭᠤᠤᠯᠯᠠᠬᠤ ᠠᠰᠢᠬ ᠲᠤᠰᠠ ᠪᠤᠯᠤᠨ ᠴᠢᠬᠤᠯᠠ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠤᠨ ᠲᠠᠯ᠎ᠠ ᠪᠠᠷ ᠦᠷᠬᠦᠯᠵᠢᠯᠠᠨ ᠫᠠᠺᠢᠰᠲ᠋ᠠᠨ ᠢ ᠡᠷᠡᠰ ᠲᠡᠮᠵᠢᠵᠤ᠂ ᠲᠤᠷᠠᠳᠠᠶ᠎ᠠ ᠫᠠᠺᠢᠰᠲ᠋ᠠᠨ ᠲᠠᠢ | ᠬᠠᠮᠳᠤ ᠪᠠᠷ ᠴᠢᠷᠮᠠᠶᠢᠵᠤ ᠪᠠᠶᠢᠭᠠᠳ᠂ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠤᠯᠤᠨ ᠪᠤᠳᠠᠳᠠᠢ ᠶᠢ ᠡᠷᠬᠢᠮᠯᠡᠬᠦ | ᠬᠠᠮᠳᠤᠷᠠᠯᠴᠠᠭ᠎ᠠ ᠪᠠᠨ ᠴᠢᠩᠭᠠᠳᠬᠠᠵᠤ᠂ ᠰᠢᠨ᠎ᠠ ᠴᠠᠬ ᠦᠶ᠎ᠠ ᠶᠢᠨ ᠨᠡᠩ ᠨᠢᠬᠳᠠ ᠳᠤᠮᠳᠠᠳᠤ ᠫᠠᠺᠢᠰᠲ᠋ᠠᠨ ᠤ ᠬᠤᠪᠢ | ᠵᠠᠶᠠᠭᠠᠨ ᠤ ᠬᠠᠮᠳᠤ ᠶᠢᠨ ᠴᠤᠬᠴᠠ ᠶᠢ ᠴᠤᠬᠴᠠᠯᠠᠨ ᠪᠠᠶᠢᠭᠤᠯᠤᠨ᠎ᠠ ᠬᠡᠵᠤ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠪᠤᠯ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ | ᠪᠤᠯᠤᠨ᠎ᠠ᠃ ᠪᠢᠳᠡ ᠠᠯᠢ ᠤᠯᠠᠨ ᠦᠪᠡᠳᠡᠭᠰᠢ ᠶᠡᠭᠡ ᠪᠡᠯᠬᠡᠯᠡᠬᠦ ᠶᠤᠰᠤᠯᠠᠯ ᠶᠠᠪᠤᠭᠤᠯᠵᠠᠢ᠂ ᠡᠨᠡ ᠨᠢ ᠮᠦᠨ ᠴᠤ | ᠤᠯᠤᠰ ᠢᠶᠠᠨ ᠬᠠᠶᠢᠷᠠᠯᠠᠬᠤ ᠦᠵᠡᠯ ᠤᠨ ᠲᠦᠪᠯᠡᠷᠡᠩᠬᠦᠢ ᠬᠦᠮᠤᠵᠢᠯ ᠪᠤᠯᠤᠨ᠎ᠠ᠃ 14 ᠳ᠋ᠦᠩᠰᠢᠭᠤᠷ ᠰᠢᠬᠠᠮ | ᠳᠤᠮᠳᠠᠳᠤ ᠤᠯᠤᠰ ᠤᠨ ᠠᠷᠠᠳ ᠲᠦᠮᠡᠨ ᠤ ᠰᠡᠳᠬᠢᠯ ᠤᠷᠢᠳ ᠡᠮᠤᠨ᠎ᠠ ᠪᠠᠶᠢᠭ᠎ᠠ ᠦᠬᠡᠢ ᠨᠢᠬᠳᠠᠷᠠᠵᠤ᠂ ᠤᠯᠤᠰ ᠢᠶᠠᠨ | ᠬᠠᠶᠢᠷᠠᠯᠠᠬᠤ ᠬᠠᠶᠢᠷ᠎ᠠ ᠰᠡᠳᠬᠢᠯᠭᠡ ᠤᠷᠢᠳ ᠡᠮᠤᠨ᠎ᠠ ᠪᠠᠶᠢᠭ᠎ᠠ ᠦᠬᠡᠢ ᠤᠷᠬᠢᠯᠵᠤ᠂ ᠪᠢᠳᠡᠨ ᠤ ᠠᠯᠢᠪᠡ ᠬᠦᠴᠢᠷ | ᠪᠡᠷᠬᠡᠰᠢᠶᠠᠯ ᠢ ᠢᠯᠠᠨ ᠲᠠᠪᠠᠵᠤ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠵᠠᠮ ᠢᠶᠠᠷ ᠵᠠᠮᠨᠠᠬᠤ᠂ | ᠦᠪᠡᠷ ᠤᠨ ᠶᠠᠪᠤᠳᠠᠯ ᠢᠶᠠᠨ ᠰᠠᠶᠢᠳᠤᠷ ᠬᠢᠬᠦ᠂ ᠲᠡᠯᠡᠬᠡᠢ ᠶᠢᠨ ᠦᠨᠳᠤᠰᠤᠳᠠᠨ ᠨᠦᠭᠦᠳ ᠤᠨ ᠲᠤᠮᠳᠠ ᠪᠠᠳᠤ ᠵᠤᠬᠰᠤᠬᠤ | ᠢᠳᠡᠬᠡᠯ ᠵᠤᠷᠢᠭ ᠨᠡᠩ ᠪᠠᠳᠤᠵᠢᠪᠠ᠃ ᠫᠠᠺᠢᠰᠲ᠋ᠠᠨ ᠤ ᠨᠠᠶᠢᠵᠠ ᠳᠤᠮᠳᠠᠳᠤ ᠤᠯᠤᠰ ᠬᠦᠴᠢᠷ ᠲᠠᠢ ᠪᠠᠶᠢᠬᠤ ᠦᠶ᠎ᠠ ᠳᠤ | ᠬᠠᠷᠠᠮ ᠦᠬᠡᠢ ᠬᠠᠪᠰᠤᠷᠤᠯᠭ᠎ᠠ ᠦᠵᠡᠬᠦᠯᠵᠡᠢ᠂ ᠤᠳᠤ ᠳᠤᠮᠳᠠᠳᠤ ᠤᠯᠤᠰ ᠬᠦᠭᠵᠢᠪᠠ᠂ ᠫᠠᠺᠢᠰᠲ᠋ᠠᠨ ᠢ ᠬᠠᠪᠰᠤᠷᠤᠨ | ᠨᠡᠩ ᠰᠠᠶᠢᠨ ᠬᠦᠭᠵᠢᠬᠦᠯᠬᠦ ᠶᠢ ᠴᠢᠩ ᠰᠡᠳᠬᠢᠯ ᠠᠴᠠ ᠪᠠᠨ ᠬᠦᠰᠡᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠡᠭᠡᠳᠤ | ᠲᠠᠪᠬᠤᠷᠭ᠎ᠠ ᠶᠢᠨ ᠨᠢᠬᠳᠠ ᠶᠠᠪᠤᠯᠴᠠᠭ᠎ᠠ ᠪᠤᠯᠤᠨ ᠨᠡᠩ ᠨᠢᠬᠳᠠ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ | ᠪᠠᠷᠢᠮᠳᠠᠯᠠᠵᠤ᠂ ᠴᠢᠬᠤᠯᠠ ᠶᠡᠭᠡ ᠠᠰᠠᠭᠤᠳᠠᠯ ᠤᠨ ᠲᠤᠬᠠᠢ ᠴᠠᠭ ᠲᠤᠬᠠᠢ ᠳᠤᠨᠢ ᠵᠤᠬᠰᠤᠯᠳᠠ ᠪᠠᠨ ᠵᠤᠬᠢᠴᠠᠭᠤᠯᠤᠶᠠ᠃ | ᠦᠨᠳᠤᠷ ᠪᠠᠷᠢᠮᠵᠢᠶ᠎ᠠ ᠪᠠᠷ ᠳᠤᠮᠳᠠᠳᠤ ᠫᠠᠺᠢᠰᠲ᠋ᠠᠨ ᠤ ᠠᠵᠤ ᠠᠬᠤᠢ ᠶᠢᠨ ᠬᠤᠩᠬᠢᠯ ᠤᠨ ᠪᠦᠳᠤᠬᠡᠨ ᠪᠠᠶᠢᠭᠤᠯᠤᠯᠳᠠ ᠶᠢ | ᠠᠬᠢᠭᠤᠯᠵᠤ᠂ ᠤᠳᠤ ᠪᠠᠶᠢᠭ᠎ᠠ ᠡᠨᠧᠷᠬᠢ᠂ ᠵᠠᠮ ᠬᠠᠷᠢᠯᠴᠠᠭᠠᠨ ᠤ ᠰᠠᠭᠤᠷᠢ ᠲᠦᠬᠦᠬᠡᠷᠤᠮᠵᠢ᠂ ᠠᠵᠤ ᠤᠢᠢᠯᠡᠰ ᠤᠨ | ᠬᠦᠷᠢᠶᠠᠯᠠᠩ ᠲᠤᠭᠤᠷᠢᠬ ᠪᠤᠯᠤᠨ ᠠᠷᠠᠳ ᠤᠨ ᠠᠮᠢᠳᠤᠷᠠᠯ ᠤᠨ ᠲᠦᠷᠤᠯ ᠵᠦᠢᠯ ᠢ ᠰᠠᠶᠢᠳᠤᠷ ᠪᠦᠳᠤᠬᠡᠨ ᠪᠠᠶᠢᠭᠤᠯᠵᠤ᠂ | ᠰᠠᠶᠢᠳᠤᠷ ᠡᠵᠡᠩᠨᠠᠵᠦ᠂ ᠬᠤᠩᠬᠢᠯ ᠢ ︽ᠨᠢᠬᠡ ᠪᠦᠰᠠ ᠨᠢᠬᠡ ᠵᠠᠮ︾ ᠢ ᠴᠢᠨᠠᠷ ᠰᠠᠶᠢᠳᠠᠢ ᠪᠦᠳᠤᠬᠡᠨ ᠪᠠᠶᠢᠭᠤᠯᠬᠤ | ᠵᠢᠱᠢᠶ᠎ᠡ ᠦᠵᠡᠬᠦᠯᠬᠦ ᠢᠨᠵᠧᠨᠧᠷᠢᠩ ᠪᠤᠯᠭᠠᠨ ᠴᠤᠬᠴᠠᠯᠠᠶ᠎ᠠ᠃ ᠳᠤᠮᠳᠠᠳᠤ ᠤᠯᠤᠰ ᠫᠠᠺᠢᠰᠲ᠋ᠠᠨ ᠤ ᠰᠦᠷᠳᠡᠬᠦᠯᠬᠦ | ᠦᠵᠡᠯ ᠳᠤ ᠴᠤᠬᠢᠯᠳᠠ ᠦᠭᠬᠦ ᠴᠢᠷᠮᠠᠶᠢᠯᠭ᠎ᠠ ᠶᠢ ᠲᠡᠬᠡᠳᠤ ᠬᠡᠮᠵᠢᠶ᠎ᠠ ᠪᠠᠷ ᠮᠠᠬᠳᠠᠨ ᠰᠠᠶᠢᠰᠢᠶᠠᠬᠤ ᠶᠢᠨ ᠬᠠᠮᠳᠦ ᠡᠷᠡᠰ | ᠲᠡᠮᠵᠢᠵᠤ ᠪᠠᠶᠢᠨ᠎ᠠ᠃ ᠳᠤᠮᠳᠠᠳᠤ ᠫᠠᠺᠢᠰᠲ᠋ᠠᠨ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ᠂ ᠱᠠᠩᠬᠠᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠵᠡᠷᠬᠡ ᠤᠯᠠᠨ ᠲᠠᠯᠠᠳᠦ ᠲᠤᠭᠳᠠᠴᠠ | ᠳᠤᠮᠳᠠᠬᠢ ᠤᠯᠤᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠭᠠᠵᠠᠷ ᠤᠷᠤᠨ ᠤ ᠡᠩᠬᠡ ᠲᠠᠶᠢᠪᠤᠩ ᠲᠤᠭᠳᠠᠭᠤᠨ ᠢ | ᠬᠠᠮᠳᠤ ᠪᠠᠷ ᠬᠠᠮᠠᠭᠠᠯᠠᠶ᠎ᠠ ᠬᠡᠵᠤ ᠵᠢᠭᠠᠵᠤ ᠭᠠᠷᠭᠠᠪᠠ᠃ | ᠢᠮᠦ᠋ᠯᠠᠨ · ᠬᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ | ᠤᠢ ᠳᠤ ᠬᠠᠯᠠᠭᠤᠨ ᠪᠠᠶᠠᠷ ᠬᠦᠷᠭᠡᠪᠡ᠃ | ᠲᠡᠷᠡ᠂ ᠳᠤᠮᠳᠠᠳᠤ ᠤᠯᠤᠰ ᠶᠡᠷᠦ ᠪᠤᠰᠤ ᠶᠢᠨ ᠬᠦᠭᠵᠢᠯᠲᠡ ᠶᠢᠨ ᠠᠮᠵᠢᠯᠲᠠ ᠪᠦᠲᠦᠮᠵᠢ ᠤᠯᠪᠠ᠂ ᠳᠤᠮᠳᠠᠳᠤ | ᠤᠯᠤᠰ ᠤᠨ ᠦᠨᠡᠨᠴᠢ ᠨᠠᠶᠢᠵᠠ ᠪᠤᠯᠤᠬᠰᠠᠨ ᠤ ᠬᠤᠪᠢ ᠳᠤ᠂ ᠫᠠᠺᠢᠰᠲ᠋ᠠᠨ ᠴᠢᠩ ᠰᠡᠳᠭᠢᠯ ᠠᠴᠠ ᠪᠠᠨ ᠪᠠᠶᠠᠷᠯᠠᠵᠤ | ᠪᠠᠶᠢᠨ᠎ᠠ᠃ ᠫᠠᠺᠢᠰᠲ᠋ᠠᠨ ᠤ ᠲᠠᠯ᠎ᠠ ᠳᠤᠮᠳᠠᠳᠤ ᠤᠯᠤᠰ ᠤᠨ ᠶᠡᠷᠦ ᠠᠴᠠ ᠵᠠᠷᠴᠢᠮ ᠢ ᠪᠠᠷᠢᠮᠲᠠᠯᠠᠵᠤ᠂ ᠰᠢᠳᠤᠷᠭᠤ | ᠶᠤᠰᠤ ᠶᠢ ᠪᠠᠷᠢᠮᠲᠠᠯᠠᠵᠤ᠂ ᠫᠠᠺᠢᠰᠲ᠋ᠠᠨ ᠢ ᠡᠷᠡᠰ ᠳᠡᠮᠵᠢᠭᠰᠡᠡ ᠪᠠ ᠬᠠᠷᠠᠮ ᠦᠭᠡᠢ ᠬᠠᠪᠰᠤᠷᠤᠬᠰᠠᠨ ᠳᠤ ᠲᠠᠯᠠᠷᠬᠠᠵᠤ | ᠪᠠᠶᠢᠨ᠎ᠠ᠃ ᠳᠤᠮᠳᠠᠳᠤ ᠤᠯᠤᠰ ᠪᠤᠯ ᠫᠠᠺᠢᠰᠲ᠋ᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠳᠤᠷᠠᠯᠴᠠᠭᠠᠨ ᠤ ᠬᠠᠨᠢᠳᠠᠨ ᠮᠦᠨ᠂ ᠫᠠᠺᠢᠰᠲ᠋ᠠᠨ ᠳᠤᠮᠳᠠᠳᠤ ᠶᠢᠨ ᠨᠦᠬᠦᠷᠯᠡᠯ ᠬᠦᠮᠦᠰ ᠤᠨ ᠰᠡᠳᠭᠢᠯ ᠳᠤ | ᠬᠠᠳᠠᠩᠰᠢᠬᠰᠠᠨ ᠢ ᠪᠤᠳᠠᠳᠤ ᠶᠠᠪᠤᠳᠠᠯ ᠭᠡᠷᠡᠴᠢᠯᠡᠪᠡ᠃ ᠫᠠᠺᠢᠰᠲ᠋ᠠᠨ ᠤ ᠲᠠᠯ᠎ᠠ ᠦᠷᠬᠦᠯᠵᠢᠯᠡᠨ ᠳᠤᠮᠳᠠᠳᠤ ᠶᠢᠨ | ᠲᠠᠯ᠎ᠠ ᠯᠤᠭ᠎ᠠ ᠶᠠᠪᠤᠯᠴᠠᠭ᠎ᠠ᠂ ᠵᠤᠬᠢᠴᠠᠭᠤᠯᠭ᠎ᠠ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠫᠠᠺᠢᠰᠲ᠋ᠠᠨ ᠤ | ᠠᠵᠤ ᠠᠬᠤᠢ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠶᠢ ᠡᠷᠡᠰ ᠠᠬᠢᠭᠤᠯᠵᠤ᠂ ︽ᠨᠢᠭᠡ ᠪᠦᠰᠡ ᠨᠢᠭᠡ ᠵᠠᠮ︾ | ᠤᠨ ᠠᠮᠵᠢᠯᠲᠠᠲᠠᠢ ᠬᠡᠪ ᠳᠠᠭᠤᠷᠢᠶᠠᠯ ᠢ ᠬᠠᠮᠲᠤ ᠪᠠᠷ ᠴᠤᠬᠴᠠᠯᠠᠬᠤ ᠶᠢ ᠬᠦᠰᠡᠵᠦ ᠪᠠᠶᠢᠨ᠎ᠠ᠃ ᠫᠠᠺᠢᠰᠲ᠋ᠠᠨ ᠤ ᠲᠠᠯ᠎ᠠ | ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢ ᠦᠷᠬᠦᠯᠵᠢᠯᠡᠨ ᠡᠷᠡᠰ ᠠᠬᠢᠭᠤᠯᠵᠤ᠂ ᠠᠮᠤᠷ ᠲᠦᠪᠰᠢᠨ ᠪᠠ | ᠲᠤᠬᠲᠠᠭᠤᠨ ᠢ ᠬᠠᠮᠠᠭᠠᠯᠠᠨ᠎ᠠ ᠭᠡᠵᠦ ᠢᠯᠡᠳᠭᠡᠪᠡ᠃ | ᠢᠮᠦ᠋ᠯᠠᠨ · ᠬᠠᠨ ᠫᠠᠺᠢᠰᠲ᠋ᠠᠨ ᠤ ᠲᠠᠯ᠎ᠠ ᠶᠢᠨ ᠤᠳᠤᠬᠠᠨ ᠤ ᠺᠠᠱᠮᠢᠷ ᠤᠨ ᠪᠠᠶᠢᠳᠠᠯ ᠤᠨ ᠲᠤᠬᠠᠢ ᠦᠵᠡᠯᠲᠠ ᠪᠠᠨ | ᠲᠠᠨᠢᠯᠴᠠᠭᠤᠯᠵᠤ᠂ ᠪᠠᠶᠢᠳᠠᠯ ᠢ ᠰᠢᠷᠦᠬᠦᠰᠦᠬᠦᠯᠬᠦ ᠠᠴᠠ ᠵᠠᠶᠢᠯᠠᠰᠬᠢᠵᠤ᠂ ᠪᠠᠶᠢᠳᠠᠯ ᠤᠨ ᠡᠵᠡᠮᠳᠡᠯ ᠠᠯᠳᠠᠬᠤ ᠠᠴᠠ | ᠰᠡᠷᠭᠡᠶᠢᠯᠡᠬᠦ ᠶᠢ ᠤᠷᠢᠶᠠᠯᠠᠵᠤ᠂ ᠫᠠᠺᠢᠰᠲ᠋ᠠᠨ ᠤ ᠲᠠᠯ᠎ᠠ ᠳᠤᠮᠳᠠᠳᠤ ᠶᠢᠨ ᠲᠠᠯ᠎ᠠ ᠶᠢᠨ ᠪᠠᠷᠢᠮᠲᠠᠯᠠᠵᠤ ᠪᠠᠶᠢᠭ᠎ᠠ ᠲᠦᠪ | ᠭᠤᠤᠯᠴᠢ ᠪᠤᠰᠤᠳᠴᠢ ᠵᠤᠬᠰᠤᠯᠲᠠ ᠶᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ᠂ ᠮᠠᠬᠲᠠᠨ ᠰᠠᠶᠢᠰᠢᠶᠠᠵᠦ ᠪᠠᠶᠢᠨ᠎ᠠ | ᠭᠡᠵᠦ ᠢᠯᠡᠳᠭᠡᠪᠡ᠃ ᠰᠢ ᠶᠢᠨ ᠫᠢᠩ᠂ ᠳᠤᠮᠳᠠᠳᠤ ᠶᠢᠨ ᠲᠠᠯ᠎ᠠ ᠺᠠᠱᠮᠢᠷ ᠤᠨ ᠪᠠᠶᠢᠳᠠᠯ ᠢ ᠠᠩᠬᠠᠷᠴᠤ ᠪᠤᠢ᠂ ᠬᠠᠮᠢᠶ᠎ᠠ | ᠪᠦᠬᠦᠢ ᠪᠠᠶᠢᠳᠠᠯ ᠤᠨ ᠵᠦᠪ ᠪᠤᠷᠤᠭᠤ ᠦᠨᠡᠨ ᠬᠤᠳᠠᠯ ᠨᠢ ᠲᠤᠳᠤᠷᠬᠠᠢ ᠪᠤᠯᠤᠭᠠᠳ ᠪᠠᠶᠢᠨ᠎ᠠ᠂ ᠳᠤᠮᠳᠠᠳᠤ ᠶᠢᠨ ᠲᠠᠯ᠎ᠠ | ᠫᠠᠺᠢᠰᠲ᠋ᠠᠨ ᠤ ᠲᠠᠯ᠎ᠠ ᠶᠢᠨ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠵᠦ᠂ | ᠲᠤᠬᠠᠢ ᠶᠢᠨ ᠬᠡᠷᠡᠭ ᠤᠨ ᠲᠠᠯ᠎ᠠ ᠶᠢᠨ ᠬᠢᠨ ᠨᠠᠶᠢᠷᠠᠮᠲᠠᠯ ᠢᠶᠠᠷ ᠶᠠᠷᠢᠯᠴᠠᠭ᠎ᠠ ᠬᠢᠬᠦ ᠪᠠᠷ ᠳᠠᠮᠵᠢᠨ ᠵᠢᠭᠤᠷᠠᠯᠳᠤᠭᠠᠨ ᠢᠶᠠᠨ | ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ | ᠶᠠᠩ ᠵᠢᠶᠧ ᡂᠢ᠂ ᠸᠠᠩ ᠢ᠂ ᠾᠧ ᠯᠢ ᠹᠧᠩ ᠨᠠᠷ ᠠᠭᠤᠯᠵᠠᠯᠲᠠ ᠳᠤ ᠤᠷᠤᠯᠴᠠᠪᠠ᠃ | |