| | | | | 10 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ | ᠬᠤᠷᠠᠯᠳᠤᠭᠠᠨ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ | ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ | ᠶᠢᠨ ᠭᠡᠰᠢᠭᠦᠳ ᠵᠢᠴᠢ ᠭᠡᠷ ᠲᠡᠭᠡᠨ ᠪᠠᠶᠢᠭ᠎ᠠ ᠰᠢᠶᠡᠨ ᠤ ᠳᠡᠰ ᠤᠨ ᠤᠳᠤᠷᠢᠳᠤᠯᠭ᠎ᠠ᠂ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠦᠴᠢᠷ᠂ ᠡᠯ᠎ᠡ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠯ᠎ᠡ ᠨᠡᠶᠢᠬᠡᠮ ᠲᠤᠭᠤᠷᠢᠭ ᠤᠨ ᠱᠦᠵᠢ | ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠦᠨᠳᠦᠰᠦᠲᠡᠨ ᠤ ᠪᠥᠯᠬᠦᠮᠳᠡᠯ | ᠳᠠᠪᠰᠢᠯᠲᠠ ᠶᠢᠨ ᠬᠦᠬᠢᠭᠦᠯᠤᠨ ᠰᠠᠶᠢᠰᠢᠶᠠᠬᠤ ᠶᠡᠭᠡ ᠬᠤᠷᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ | ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠦᠭᠵᠢᠯᠲᠡ ᠶᠢᠨ ᠰᠠᠭᠤᠳᠠᠯ ᠤᠨ ᠬᠤᠷᠠᠯ ᠳᠡᠭᠡᠷᠡᠬᠢ ᠶᠡᠷᠢᠶᠠᠨ ᠤ ᠵᠣᠷᠢᠭ | ᠰᠠᠨᠠᠭ᠎ᠠ᠂ ᠲᠥᠪ ᠤᠨ ᠤᠯᠤᠰ ᠲᠦᠷᠦ ᠶᠢᠨ ᠳᠣᠪᠴᠢᠶᠠᠨ ᠤ ᠬᠤᠷᠠᠯ ᠪᠤᠯᠤᠨ ᠰᠢᠨ᠎ᠡ ᠳᠤᠮᠳᠠᠳᠦ ᠤᠯᠤᠰ | ᠪᠠᠶᠢᠭᠤᠯᠤᠭᠳᠠᠭᠰᠠᠨ 70 ᠵᠢᠯ ᠶᠢᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠢ ᠱᠦᠵᠢ | ᠶᠢᠨ ᠶᠠᠷᠢᠶᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ | ᠶᠢᠰᠦᠳᠦᠭᠡᠷ ᠤᠳᠠᠭ᠎ᠠ ᠶᠢᠨ ᠪᠦᠭᠦᠳᠡ ᠬᠤᠷᠠᠯᠳᠤᠭᠠᠨ ᠪᠣᠯᠣᠨ ᠬᠤᠲᠠ ᠶᠢᠨ ᠬᠠᠷ᠎ᠠ ᠪᠥᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠤᠨ12 ᠳ᠋ᠤᠭᠠᠷ ᠤᠳᠠᠭᠠᠨ ᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠮᠠᠨ ᠤ ᠬᠤᠰᠢᠭᠤ ᠪᠣᠯ ᠣᠯᠠᠨ ᠦᠨᠳᠦᠰᠦᠲᠡᠨ ᠲᠥᠪᠯᠡᠷᠡᠨ | ᠰᠠᠭᠤᠷᠢᠰᠢᠭᠰᠠᠨ ᠣᠷᠣᠨ ᠮᠦᠷᠲᠡᠭᠡᠨ ᠪᠦᠬᠦ ᠤᠯᠤᠰ ᠤᠨ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ | ᠳᠠᠭᠤᠷᠢᠶᠠᠯ ᠬᠤᠰᠢᠭᠤ ᠪᠤᠯᠬᠤ ᠶᠣᠮ᠃ ᠡᠷᠬᠡᠪᠰᠢ ᠦᠨᠳᠦᠰᠦᠲᠡᠨ ᠤ ᠬᠡᠷᠡᠭ ᠢ ᠡᠷᠬᠢᠯᠡᠬᠦ ᠴᠢᠳᠠᠪᠬᠢ ᠪᠠᠨ ᠬᠠᠤᠯᠢ | ᠶᠤᠰᠤᠭᠠᠷ ᠳᠡᠭᠡᠭᠰᠢᠯᠡᠭᠦᠯᠵᠤ ᠬᠦᠴᠦᠨ ᠢᠶᠠᠨ ᠬᠠᠮᠳᠤᠳᠬᠠᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ | ᠲᠦᠮᠡᠨ ᠤ ᠪᠥᠯᠬᠦᠮᠳᠡᠯ ᠪᠣᠯᠣᠨ ᠡᠶ᠎ᠡ ᠵᠣᠬᠢᠴᠠᠯᠲᠦ ᠬᠦᠭᠵᠢᠯᠲᠡ ᠶᠢ ᠠᠬᠢᠭᠤᠯᠬᠤ ᠬᠡᠷᠡᠭᠲᠡᠢ᠃ ᠰᠢᠷᠬᠤᠰᠤᠨ ᠭᠤᠤᠯ | ᠪᠣᠯ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠦᠭᠵᠢᠯᠲᠡ | ᠶᠢᠨ ᠴᠢᠬᠤᠯᠠ ᠪᠦᠷᠢᠯᠳᠦᠭᠦᠨ ᠭᠡᠰᠡᠭ ᠪᠣᠯᠬᠤ ᠶᠤᠮ᠃ ᠡᠷᠬᠡᠪᠰᠢ ︽ᠬᠦᠬᠡᠮᠳᠦᠭ ᠠᠭᠤᠯᠠ ᠴᠡᠩᠬᠡᠭ ᠤᠰᠤ ᠪᠣᠯ | ᠳᠠᠷᠤᠢ ᠠᠯᠳᠠ ᠮᠦᠩᠬᠦᠨ ᠠᠭᠤᠯᠠ ᠮᠦᠨ︾ ᠬᠡᠬᠦ ᠤᠶᠢᠯᠠᠭᠠᠭᠳᠠᠬᠤᠨ ᠢ ᠪᠠᠲᠦ ᠪᠠᠬᠢ ᠪᠤᠢ ᠪᠤᠯᠭᠠᠵᠤ ᠰᠢᠷᠬᠤᠰᠤᠨ | ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠠᠵᠢᠯ | ᠢ ᠰᠠᠶᠢᠲᠤᠷ ᠬᠢᠵᠦ ᠪᠤᠲᠠᠳᠠᠢ ᠰᠡᠳᠬᠢᠴᠡ ᠪᠣᠯᠣᠨ ᠠᠷᠭ᠎ᠠ ᠬᠡᠮᠵᠢᠶ᠎ᠡ ᠶᠢ ᠰᠤᠳᠤᠯᠤᠨ ᠭᠤᠣᠯ ᠤᠨ ᠪᠣᠬᠢᠷᠳᠤᠯ ᠢ | ᠵᠠᠰᠠᠬᠤ᠂ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠵᠡᠷᠭᠡ ᠠᠵᠢᠯ ᠢ ᠦᠷᠭᠦᠯᠵᠢ ᠶᠢᠨ ᠴᠢᠨᠠᠷᠲᠠᠢ | ᠬᠢᠵᠤ ᠭᠤᠤᠯᠳᠠᠯᠭ᠎ᠠ ᠲᠠᠢ ᠠᠵᠢᠯ ᠲᠥᠷᠥᠯ ᠢᠶᠠᠨ ᠲᠦᠷᠭᠡᠳᠬᠡᠨ ᠬᠦᠷᠦᠰᠦ ᠰᠢᠷᠤᠢ ᠶᠢᠨ ᠪᠤᠬᠢᠷᠳᠤᠯ ᠪᠣᠯᠣᠨ ᠠᠶᠤᠯ | ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠵᠠᠰᠠᠯᠲᠠ ᠶᠢᠨ ᠠᠵᠢᠯ ᠢᠶᠠᠨ ᠴᠢᠩᠭᠠᠳᠬᠠᠬᠤ ᠬᠡᠷᠡᠭᠲᠡᠢ᠃ ᠡᠬᠡ ᠤᠷᠣᠨᠴᠢ | ᠦᠵᠡᠯ ᠤᠨ ᠬᠦᠮᠦᠵᠢᠯ ᠢ ᠴᠢᠩᠭᠠᠳᠬᠠᠨ ᠨᠡᠶᠢᠬᠡᠮ ᠵᠢᠷᠦᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠲᠤᠭᠤᠰᠢᠯᠠᠭᠤᠯᠬᠤ ᠯᠤᠭ᠎ᠠ ᠤᠶᠠᠯᠳᠤᠭᠤᠯᠤᠨ ᠤᠯᠠᠨ ᠵᠦᠢᠯ ᠤᠨ ᠪᠠᠶᠠᠯᠢᠭ ᠠᠭᠤᠯᠭ᠎ᠠ ᠪᠦᠬᠦᠢ ᠦᠢᠯᠡᠳᠦᠯᠭᠡ ᠶᠢᠨ | ᠠᠵᠢᠯᠯᠠᠭ᠎ᠠ ᠪᠠᠷ ᠲᠠᠮᠵᠢᠨ ᠡᠬᠡ ᠣᠷᠣᠨᠴᠢ ᠬᠦᠮᠦᠵᠢᠯ ᠤᠨ ᠰᠢᠯᠢᠳᠡᠭ ᠰᠠᠶᠢᠨ ᠣᠷᠴᠢᠨ ᠢ ᠪᠤᠢ ᠪᠣᠯᠭᠠᠵᠤ ᠪᠤᠳᠠᠳᠠᠢ | ᠦᠷ᠎ᠡ ᠪᠦᠲᠦᠮᠵᠢ ᠤᠯᠬᠤ ᠬᠡᠷᠡᠭᠲᠡᠢ᠃ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠨ ᠰᠠᠭᠤᠷᠢᠨ | ᠭᠠᠵᠠᠷ ᠤᠨ ᠪᠠᠶᠢᠭᠤᠯᠤᠯᠲᠠ ᠪᠣᠯᠣᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ ᠤᠯᠤᠰ | ᠲᠦᠷᠦ ᠶᠢᠨ ᠴᠢᠨᠠᠷ ᠢᠶᠠᠷ ᠴᠢᠩᠭ᠎ᠠ᠂ ᠠᠵᠢᠯ ᠮᠡᠷᠭᠡᠵᠢᠯ ᠳᠡᠭᠡᠨ ᠭᠠᠷᠮᠠᠭᠠᠢ᠂ ᠠᠵᠢᠯ ᠤᠨ ᠰᠤᠷᠲᠠᠯ ᠢᠶᠠᠷ ᠰᠢᠯᠢᠳᠡᠭ᠂ | ᠦᠨᠳᠦᠷ ᠬᠡᠪ ᠪᠤᠯᠪᠠᠰᠤᠷᠠᠯ ᠲᠠᠢ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠰᠢᠨ᠎ᠡ ᠳᠤᠮᠳᠠᠳᠦ | ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠤᠶᠢᠯᠠᠭᠠᠵᠦ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ᠂ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠤ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠳᠠᠬᠢ ᠬᠦᠰᠡᠯ ᠡᠷᠡᠮᠡᠯᠵᠡᠯ ᠢ ᠬᠠᠩᠭᠠᠨ ᠳᠠᠰᠤᠷᠠᠯᠲᠠ ᠦᠭᠡᠢ ᠰᠢᠨ᠎ᠡ | ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠬᠡᠪᠡ᠃ | ᠬᠤᠷᠠᠯ ᠳᠡᠭᠡᠷ᠎ᠡ ︽ᠦᠦᠰᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠲᠤᠬᠠᠢ ᠬᠡᠷᠡᠭᠵᠢᠭᠦᠯᠬᠦ ᠳᠥᠰᠥᠯ︾ ︵ᠰᠠᠨᠠᠯ ᠬᠤᠷᠢᠶᠠᠬᠤ ᠪᠢᠴᠢᠭ︶ ᠢ | ᠰᠤᠳᠤᠯᠤᠨ ᠶᠠᠷᠢᠯᠴᠠᠵᠤ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠳᠤᠭᠠᠷ | ᠪᠦᠭᠦᠳᠡ ᠬᠤᠷᠠᠯ ᠤᠨ ᠪᠡᠯᠡᠳᠬᠡᠯ ᠪᠠᠶᠢᠳᠠᠯ ᠢ ᠰᠤᠨᠤᠰᠤᠨ ᠦᠦᠰᠢᠨ ᠬᠤᠰᠢᠭᠤᠨ ᠤ ᠨᠠᠮ ᠤᠨ ᠰᠤᠯᠠ ᠪᠠᠭᠤᠷᠠᠢ | ᠵᠣᠬᠢᠶᠠᠨ ᠪᠠᠶᠢᠭᠤᠯᠤᠯᠲᠠ ᠶᠢ ᠪᠠᠶᠢᠴᠠᠭᠠᠬᠤ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠦᠪᠯᠡᠪᠡ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠡᠷᠢᠶ᠎ᠠ᠂ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠᠨ ᠤ ᠬᠦᠨᠳᠦ ᠴᠢᠬᠤᠯᠠ ᠠᠴᠢ ᠬᠤᠯᠪᠣᠭᠳᠠᠯ ᠢ ᠬᠦᠢᠴᠡᠳ | ᠲᠠᠨᠢᠵᠤ ︽ᠤᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠣᠯ | ᠰᠡᠳᠦᠪᠲᠦ ᠬᠦᠮᠦᠵᠢᠯ ᠯᠤᠭ᠎ᠠ ᠤᠶᠠᠯᠳᠤᠭᠤᠯᠤᠨ ᠣᠯᠠᠨ ᠲᠠᠯ᠎ᠠ ᠶᠢᠨ ᠡᠯ᠎ᠡ ᠵᠦᠢᠯ ᠤᠨ ᠤᠬᠠᠭᠤᠯᠭ᠎ᠠ ᠬᠦᠮᠦᠵᠢᠯ ᠤᠨ | ᠠᠵᠢᠯᠯᠠᠭ᠎ᠠ ᠶᠢ ᠥᠷᠨᠢᠭᠦᠯᠵᠦ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠬᠤ ᠬᠡᠷᠡᠭᠲᠡᠢ ᠭᠡᠵᠡᠢ᠃ | ︽ᠤᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠣᠯ | ᠰᠡᠳᠦᠪᠲᠦ ᠬᠦᠮᠦᠵᠢᠯ ᠪᠣᠯᠣᠨ ᠳᠥᠷᠪᠡᠳᠦᠭᠡᠷ ᠤᠯᠠᠷᠢᠯ ᠤᠨ ᠡᠯ᠎ᠡ ᠲᠠᠯ᠎ᠠ ᠶᠢᠨ ᠠᠵᠢᠯ ᠤᠨ ᠲᠤᠬᠠᠢ ᠡᠷᠳᠡᠨᠢᠪᠢᠯᠢᠭ | ᠴᠢᠬᠤᠯᠠᠴᠢᠯᠠᠬᠤ ᠳᠤ ᠪᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠭᠤᠣᠯ ᠰᠡᠲᠦᠪᠲᠦ ᠬᠦᠮᠦᠵᠢᠯ ᠢ ᠰᠠᠶᠢᠲᠤᠷ ᠦᠷᠨᠢᠭᠦᠯᠬᠦ ᠲᠤᠬᠠᠢ ︽ᠳᠥᠷᠪᠡ ᠶᠢ ᠣᠷᠣᠨᠵᠢᠭᠤᠯᠬᠤ︾ | ᠱᠠᠭᠠᠷᠳᠠᠯᠭ᠎ᠠ ᠶᠤᠰᠤᠭᠠᠷ ᠠᠵᠢᠯ ᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ | ᠪᠦᠬᠦ ᠬᠦᠴᠦᠨ ᠢᠶᠠᠷ ᠢᠶᠠᠨ ᠡᠯ᠎ᠡ ᠲᠠᠯ᠎ᠠ ᠶᠢᠨ ᠠᠵᠢᠯ ᠢᠶᠠᠨ ᠰᠠᠶᠢᠲᠤᠷ ᠠᠳᠬᠤᠵᠤ ᠪᠦᠬᠦ ᠵᠢᠯ ᠤᠨ ᠡᠯ᠎ᠡ ᠲᠠᠯ᠎ᠠ ᠶᠢᠨ | ᠡᠭᠦᠷᠭᠡ ᠪᠠᠨ ᠪᠥᠲᠦᠮᠵᠢᠲᠡᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ᠃ ᠡᠭᠦᠨ ᠤ ᠬᠠᠮᠲᠦ ᠨᠠᠮ ᠤᠨ ᠰᠤᠯᠠ | ᠳᠣᠷᠣᠢ ᠵᠤᠬᠢᠶᠠᠨ ᠪᠠᠶᠢᠭᠤᠯᠤᠯᠲᠠ ᠶᠢ ᠪᠠᠶᠢᠴᠠᠭᠠᠨ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ | ᠬᠡᠪᠡ᠃ | | | | | | | ᠵᠣᠣ ᠹᠸᠢ ᠯᠣ᠋ ᠪᠦᠬᠦ ᠤᠯᠤᠰ ᠤᠨ ᠬᠤᠰᠢᠭᠤ ᠰᠢᠶᠡᠨ ᠤ ᠳᠡᠰ ᠤᠨ ᠪᠤᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠪᠡ᠃ ᠲᠡᠷᠡ ᠵᠢᠭᠠᠬᠤ ᠳᠤ ᠪᠠᠨ᠂ ᠡᠨᠡ | ᠵᠢᠯ ᠪᠣᠯ ᠮᠠᠨ ᠤ ᠬᠤᠰᠢᠭᠤ ᠪᠦᠬᠦ ᠤᠯᠤᠰ ᠤᠨ ᠬᠤᠰᠢᠭᠤ ᠰᠢᠶᠡᠨ ᠤ ᠳᠡᠰ ᠤᠨ ᠪᠤᠯᠪᠠᠰᠤᠨ ᠬᠤᠲᠠ ᠶᠢ ᠡᠭᠦᠳᠦᠨ | ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠬᠤ ᠶᠣᠮ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ 15 | ᠡᠳᠦᠷ ᠤᠨ ᠬᠤᠭᠤᠴᠠᠭ᠎ᠠ ᠲᠠᠢ ᠲᠥᠪᠯᠡᠷᠡᠭᠦᠯᠦᠨ ᠰᠢᠪᠲᠤᠯᠤᠯᠲᠠ ᠬᠢᠬᠦ ᠠᠵᠢᠯᠯᠠᠭ᠎ᠠ ᠶᠢ ᠦᠷᠨᠢᠭᠦᠯᠬᠦ ᠪᠠᠷ ᠲᠤᠭᠲᠠᠪᠠ᠃ | ᠪᠦᠬᠦ ᠬᠤᠰᠢᠭᠤ ᠪᠠᠷ ᠪᠠᠨ ᠡᠷᠬᠡᠪᠰᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠦᠵᠡᠯ ᠰᠠᠨᠠᠭ᠎ᠠ ᠪᠠᠨ | ᠨᠢᠭᠡᠳᠬᠡᠨ ︽ᠰᠠᠭᠤᠭᠠᠯᠢ ᠠᠷᠠᠳ ᠤᠨ ᠲᠤᠭᠤᠷᠢᠭ ᠲᠤ ᠣᠴᠢᠵᠣ᠂ ᠠᠶᠢᠯ ᠡᠷᠦᠬᠡ ᠪᠠᠷ ᠭᠦᠨᠵᠡᠭᠡᠶᠢᠷᠡᠬᠦ︾ ᠠᠵᠢᠯ ᠢ | ᠨᠠᠷᠢᠯᠢᠭ ᠲᠤᠬᠢᠷᠠᠭᠤᠯᠤᠨ ᠪᠠᠶᠢᠷᠢᠯᠠᠭᠤᠯᠵᠤ ᠰᠢᠶᠡᠨ ᠤ ᠳᠡᠰ ᠤᠨ ᠤᠳᠤᠷᠢᠳᠤᠯᠭ᠎ᠠ ᠠᠴᠠ ᠡᠬᠢᠯᠡᠨ ᠰᠠᠯᠠᠭ᠎ᠠ ᠮᠦᠴᠢᠷ | ᠤᠨ ᠺᠠᠳ᠋ᠷ ᠠᠵᠢᠯᠲᠠᠳ ᠪᠦᠬᠦᠨ ᠢᠶᠠᠷ ᠢᠶᠠᠨ ᠣᠷᠣᠯᠴᠠᠨ ᠰᠢᠯᠢᠳᠡᠭ ᠰᠠᠶᠢᠨ ᠣᠷᠴᠢᠨ ᠠᠬᠤᠢ ᠶᠢ ᠡᠭᠦᠳᠬᠦ ᠬᠡᠷᠡᠭᠲᠡᠢ | ᠬᠡᠵᠡᠢ᠃ | ᠵᠣᠣ ᠹᠸᠢ ᠯᠤ᠋ ᠴᠢᠬᠤᠯᠠᠴᠢᠯᠠᠬᠤ ᠳᠤ ᠪᠠᠨ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠪᠣᠯᠣᠨ | ᠲᠤᠬᠠᠶᠢᠯᠠᠭᠰᠠᠨ ᠠᠵᠢᠯ ᠤᠨ ᠬᠠᠷᠢᠴᠠᠭ᠎ᠠ ᠶᠢ ᠰᠠᠶᠢᠲᠤᠷ ᠰᠶᠢᠳᠪᠤᠷᠢᠯᠡᠨ ︽ᠬᠤᠶᠠᠷ ᠲᠠᠯ᠎ᠠ ᠪᠠᠷ ᠠᠳᠬᠤᠵᠤ᠂ ᠬᠤᠶᠠᠷ | ᠢ ᠣᠰᠣᠯᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠤᠳᠠᠳᠦ ᠠᠵᠢᠯ ᠢ ᠬᠢᠬᠦ ᠪᠣᠯᠣᠨ ᠵᠠᠷᠤᠳᠠᠯ | ᠰᠦᠢᠳᠬᠡᠯ ᠤᠨ ᠲᠤᠬᠢᠷᠠᠭᠤᠯᠤᠯᠲᠠ ᠶᠢᠨ ᠬᠠᠷᠢᠴᠠᠭ᠎ᠠ ᠶᠢ ᠰᠠᠶᠢᠲᠤᠷ ᠰᠶᠢᠳᠪᠤᠷᠢᠯᠡᠬᠦ ᠬᠡᠷᠡᠭᠲᠡᠢ᠃ ᠠᠶᠢᠯ ᠡᠷᠦᠬᠡ ᠳᠤ | ᠣᠷᠣᠬᠤ ᠪᠣᠯᠣᠨ ᠤᠬᠠᠭᠤᠯᠭ᠎ᠠ ᠶᠢᠨ ᠣᠷᠴᠢᠨ ᠠᠬᠤᠢ ᠶᠢ ᠡᠭᠦᠳᠬᠦ ᠶᠢᠨ ᠬᠠᠷᠢᠴᠠᠭ᠎ᠠ ᠶᠢ ᠰᠠᠶᠢᠲᠤᠷ ᠰᠶᠢᠳᠪᠤᠷᠢᠯᠡᠬᠦ | ᠬᠡᠷᠡᠭᠲᠡᠢ᠃ ᠨᠡᠶᠢᠬᠡᠮ ᠲᠣᠭᠤᠷᠢᠭ ᠤᠨ ᠺᠠᠳ᠋ᠷ ᠠᠵᠢᠯᠲᠠᠨ ᠪᠣᠯᠣᠨ ᠳᠠᠭᠠᠭᠠᠴᠢᠯᠠᠨ ᠬᠠᠷᠢᠯᠴᠠᠵᠤ ᠪᠠᠶᠢᠭ᠎ᠠ ᠪᠠᠶᠢᠭᠤᠯᠭ᠎ᠠ | ᠶᠢᠨ ᠺᠠᠳ᠋ᠷ ᠠᠵᠢᠯᠲᠠᠳ ᠤᠨ ᠬᠠᠷᠢᠴᠠᠭ᠎ᠠ ᠶᠢ ᠰᠠᠶᠢᠲᠤᠷ ᠰᠶᠢᠳᠪᠤᠷᠢᠯᠡᠬᠦ ᠬᠡᠷᠡᠭᠲᠡᠢ᠃ ᠠᠵᠢᠯ ᠤᠨ ᠦᠷ᠎ᠡ ᠪᠦᠲᠦᠮᠵᠢ | ᠶᠢ ᠠᠬᠢᠭᠤᠯᠬᠤ ᠪᠣᠯᠣᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠰᠶᠢᠳᠪᠤᠷᠢᠯᠡᠬᠦ | ᠬᠡᠷᠡᠭᠲᠡᠢ ᠭᠡᠪᠡ᠃ | |