ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠬᠤᠰᠢᠭᠤ ᠲᠠᠷᠤᠭ᠎ᠠ  ᠶᠢᠨ ᠠᠯᠪᠠᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-14
     10 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋ ᠬᠤᠰᠢᠭᠤ ᠲᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠠᠨ ᠬᠤᠷᠠᠯᠳᠤᠭᠤᠯᠪᠠ᠃ ᠬᠤᠷᠠᠯ ᠲᠡᠭᠡᠷ᠎ᠡ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠭᠢᠴᠠ ᠶᠢᠨ ᠪᠠᠶᠢᠳᠠᠯ ᠤᠨ ᠬᠠᠷᠢᠭᠤ ᠮᠠᠳᠡᠭᠦᠯᠤᠯᠳᠠ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠯᠢ ᠵᠦᠩ ᠯᠢᠨ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ᠂ ᠯᠢᠦ ᠵᠧᠩ ᠪᠤᠯᠤᠨ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠯ᠎ᠡ ᠬᠤᠯᠪᠤᠭᠳᠠᠯ ᠪᠦᠬᠦᠢ ᠬᠤᠪᠢᠶᠠᠷᠢᠯᠠᠨ ᠬᠠᠷᠢᠭᠤᠴᠠᠬᠤ ᠤᠳᠤᠷᠢᠳᠤᠯᠭ᠎ᠠ ᠲᠤᠰ ᠲᠤᠰ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ ᠬᠠᠷᠢᠭᠤ ᠮᠡᠳᠡᠭᠦᠯᠥᠯᠳᠠ ᠶᠢ ᠰᠤᠨᠤᠰᠤᠭᠰᠠᠨ ᠤ ᠲᠠᠷᠠᠭ᠎ᠠ ᠵᠤᠤ ᠹᠧᠶ ᠯᠦ ᠤᠶᠢᠷ᠎ᠠ ᠶᠢᠨ ᠬᠤᠭᠤᠴᠠᠭᠠᠨ ᠤ ᠲᠣᠭᠤᠷᠢᠨ ᠪᠠᠶᠢᠴᠠᠭᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠭᠥᠢᠴᠡᠳ ᠨᠤᠳᠠᠯᠠᠯᠳᠠ ᠥᠭᠪᠡ᠃ ᠲᠡᠷᠡ ᠵᠢᠭᠠᠵᠤ ᠭᠠᠷᠭᠠᠬᠤ ᠳᠤ ᠪᠠᠨ᠂ ᠣᠶᠢᠷ᠎ᠠ ᠶᠢᠨ ᠵᠢᠯ ᠠᠴᠠ ᠨᠠᠰᠢ ᠡᠯ᠎ᠡ ᠬᠤᠪᠢᠶᠠᠷᠢᠯᠠᠨ ᠬᠠᠷᠢᠭᠤᠴᠠᠵᠤ ᠪᠠᠶᠢᠭ᠎ᠠ ᠤᠳᠤᠷᠢᠳᠤᠯᠭ᠎ᠠ ᠨᠠᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠥᠢᠯᠡᠳᠤᠯ ᠢᠶᠠᠨ ᠪᠠᠳᠠᠷᠠᠭᠤᠯᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠠᠵᠢᠯ ᠢᠶᠠᠨ ᠨᠠᠷᠢᠨ ᠬᠢᠨᠠᠮᠠᠭᠠᠶ ᠥᠷᠨᠢᠭᠦᠯᠵᠦ ᠲᠣᠭᠤᠷᠢᠨ ᠪᠠᠶᠢᠴᠠᠭᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠵᠦ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠭᠰᠠᠨ ᠪᠠᠶᠢᠨ᠎ᠠ ᠭᠡᠵᠡᠢ᠃      ᠵᠤᠤ ᠹᠧᠶ ᠯᠦ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ ᠪᠠᠯᠠ ᠮᠥᠩᠭᠦ ᠶᠢ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠶᠢ ᠪᠠᠲᠤᠯᠠᠬᠤ ᠬᠡᠷᠡᠭᠲᠡᠶ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠥᠷᠭᠡᠳᠭᠡᠨ ︽ᠡᠷᠭᠢᠵᠦ ᠬᠠᠷᠠᠬᠤ︾ ᠶᠢ ᠴᠠᠭ ᠲᠤᠬᠠᠶ ᠳᠤᠨᠢ ᠥᠷᠨᠢᠭᠦᠯᠤᠨ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ ᠳᠦᠷᠢᠮ ᠲᠣᠭᠲᠠᠭᠠᠯ ᠢᠶᠠᠨ ᠲᠡᠭᠦᠯᠳᠡᠷᠵᠢᠭᠦᠯᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠦ ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠯᠴᠠᠭ᠎ᠠ ᠶᠢ ᠪᠦᠷᠢᠯᠳᠦᠭᠦᠯᠬᠦ ᠬᠡᠷᠡᠭᠲᠡᠶ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠳᠦᠷᠢᠮ ᠢ ᠵᠢᠷᠤᠮᠵᠢᠭᠤᠯᠵᠤ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ ᠂ ︽ᠠᠯᠪᠠᠨ ᠵᠠᠷᠤᠳᠠᠯ︾ ᠤᠨ ᠬᠠᠮᠢᠶᠠᠷᠤᠯᠲᠠ ᠶᠢ ᠴᠢᠩᠭᠠᠳᠬᠠᠨ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ ᠬᠡᠷᠡᠭᠲᠡᠶ᠃ ᠡᠳ᠋ ᠤᠨ ᠶᠠᠪᠤᠳᠠᠯ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠦᠨ ᠣᠯᠠᠨ ᠠᠷᠭ᠎ᠠ ᠬᠡᠮᠵᠢᠶ᠎ᠡ ᠠᠪᠴᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠶ ᠭᠡᠵᠡᠢ᠃ ᠡᠯ᠎ᠡ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠵᠤ ᠡᠯ᠎ᠡ ᠲᠥᠷᠤᠯ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠤᠨ ᠠᠰᠠᠭᠤᠳᠠᠯ ᠢ ᠰᠠᠶᠢᠲᠤᠷ ᠰᠶᠢᠳᠪᠤᠷᠢᠯᠠᠵᠦ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠢᠨ᠎ᠡ ᠦᠷ᠎ᠡ ᠪᠦᠲᠦᠮᠵᠢ ᠪᠠᠷ ᠵᠠᠰᠠᠭ ᠤᠨ ᠣᠷᠳᠣᠨ ᠤ ᠡᠯ᠎ᠡ ᠲᠥᠷᠤᠯ ᠤᠨ ᠠᠵᠢᠯ ᠤᠨ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号