ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠣᠶᠠᠨᠮᠠᠨᠳᠣᠬᠤ ᠮᠠᠨ ᠤ ᠬᠤᠰᠢᠭᠤᠨ ᠤ ᠣᠳᠣᠬᠢᠴᠢᠯᠠᠭᠰᠠᠨ ᠮᠠᠯ ᠳᠠᠷᠢᠶᠠᠯᠠᠩ ᠤᠨ ᠬᠦᠭᠵᠢᠯᠳᠡ  ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2019-10-14
      ᠤᠶᠢᠷ᠎ᠠ ᠶᠢᠨ ᠡᠳᠤᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠣᠶᠠᠨᠮᠠᠨᠳᠣᠬᠤ ᠣᠯᠠᠭᠠᠨᠳᠣᠯᠣᠭᠠᠢ ᠪᠠᠯᠭᠠᠰᠣ᠂ ᠰᠦᠯᠳᠡ ᠰᠣᠮᠣ᠂ ᠰᠢᠷᠬᠤᠰᠣᠨ ᠪᠠᠯᠭᠠᠰᠣᠨ  ᠳᠤ ᠬᠦᠷᠴᠤ ᠮᠠᠨ ᠤ ᠬᠤᠰᠢᠭᠤᠨ ᠤ ᠣᠳᠣᠬᠢᠴᠢᠯᠠᠭᠰᠠᠨ ᠮᠠᠯ ᠳᠠᠷᠢᠶᠠᠯᠠᠩ ᠤᠨ ᠬᠦᠭᠵᠢᠯᠳᠡ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠲᠠ ᠬᠢᠪᠡ᠃ ᠬᠠᠮᠢᠶ᠎ᠠ ᠪᠦᠬᠦᠢ ᠰᠠᠯᠠᠭ᠎ᠠ ᠮᠦᠴᠢᠷ ᠬᠢᠬᠡᠳ ᠰᠣᠮᠣ ᠪᠠᠯᠭᠠᠰᠣᠨ ᠤ  ᠬᠠᠷᠢᠭᠤᠴᠠᠯᠭᠠᠲᠠᠨ ᠪᠠᠷᠠᠳᠠᠪᠠ᠃
     ᠪᠣᠶᠠᠨᠮᠠᠨᠳᠣᠬᠤ ᠣᠷᠢᠳ ᠬᠤᠵᠢᠳ ᠣᠯᠠᠭᠠᠨᠳᠣᠯᠣᠭᠠᠢ ᠪᠠᠯᠭᠠᠰᠣ᠂ ᠰᠦᠯᠳᠡ ᠰᠣᠮᠣ᠂ ᠰᠢᠷᠬᠤᠰᠣᠨ ᠪᠠᠯᠭᠠᠰᠣᠨ  ᠳᠤ ᠬᠦᠷᠴᠦ ᠳᠦᠬᠦᠬᠡᠷᠦᠮᠵᠢᠲᠦ ᠳᠠᠷᠢᠶᠠᠯᠠᠩ ᠤᠨ ᠬᠦᠭᠵᠢᠯᠳᠡ᠂ ᠬᠡᠪᠴᠢᠶᠡᠵᠢᠭᠰᠡᠨ ᠲᠠᠷᠢᠮᠠᠯ ᠲᠡᠵᠢᠭᠡᠪᠦᠷᠢ ᠵᠡᠷᠭᠡ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠢ ᠪᠠᠶᠢᠴᠠᠭᠠᠨ ᠳᠦᠷᠦᠯ ᠵᠦᠢᠯ ᠤᠨ ᠪᠠᠶᠢᠭᠤᠯᠣᠯᠳᠠ ᠳᠤ ᠳᠣᠯᠭᠠᠷᠠᠵᠦ ᠪᠠᠶᠢᠭ᠎ᠠ ᠬᠦᠴᠢᠷᠳᠡᠯ ᠪᠠ ᠳᠠᠷᠠᠭᠠᠴᠢ ᠶᠢᠨ ᠳᠦᠯᠦᠪᠯᠡᠭᠡ ᠶᠢᠨ ᠳᠣᠬᠠᠢ ᠨᠠᠷᠢᠨ ᠣᠶᠢᠯᠠᠭᠠᠵᠦ ᠰᠣᠳᠣᠯᠣᠨ ᠶᠠᠷᠢᠯᠴᠠᠭᠰᠠᠨ ᠪᠠᠶᠢᠨ᠎ᠠ  ᠃
     ᠪᠤᠶᠠᠨᠮᠠᠨᠳᠤᠬᠤ ᠲᠠᠷᠢᠶᠠᠨ ᠭᠠᠵᠠᠷ ᠲᠤ ᠤᠴᠢᠨ ᠦᠢᠯᠡᠳᠪᠦᠷᠢ ᠶᠢᠨ ᠳᠠᠰᠤᠭ ᠲᠤ ᠣᠷᠣᠵᠤ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠲᠦᠬᠦᠭᠡᠷᠦᠮᠵᠢᠲᠦ ᠲᠠᠷᠢᠶᠠᠯᠠᠩ᠂ ᠭᠠᠵᠠᠷ ᠰᠢᠷᠣᠶ ᠶᠢᠨ ᠬᠡᠪᠴᠢᠶᠡᠵᠢᠭᠰᠡᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ᠂ ᠪᠣᠷᠣᠯᠠᠭᠤᠯᠭ᠎ᠠ᠂ ᠮᠠᠯᠴᠢᠨ ᠲᠠᠷᠢᠶᠠᠴᠢᠨ ᠤ ᠶᠠᠳᠠᠭᠤ ᠠᠴᠠ ᠠᠩᠭᠢᠵᠢᠷᠠ ᠴᠢᠨᠡᠭᠡᠯᠢᠭᠵᠢᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ᠂ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠣᠶᠢᠯᠠᠭᠠᠵᠤ ᠰᠤᠮᠤ ᠪᠠᠯᠭᠠᠰᠤᠨ ᠤ ᠺᠠᠳ᠋ᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠶ ᠰᠤᠳᠤᠯᠤᠨ ᠶᠠᠷᠢᠯᠴᠠᠪᠠ᠃ ᠪᠠᠶᠢᠴᠠᠭᠠᠨ ᠰᠤᠳᠤᠯᠤᠯᠳᠠ ᠲᠤᠮᠳᠠ ᠪᠤᠶᠠᠨᠮᠠᠨᠳᠤᠬᠤ ᠵᠢᠭᠠᠬᠤ ᠳᠤ ᠪᠠᠨ᠂ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ  ᠬᠢᠨ ᠳᠦᠬᠦᠬᠡᠷᠦᠮᠵᠢᠲᠦ ᠮᠠᠯ ᠳᠠᠷᠢᠶᠠᠯᠠᠩ ᠤᠨ ᠳᠡᠯᠬᠡᠷᠡᠬᠦᠯᠦᠯᠲᠡ ᠶᠢ ᠦᠷᠭᠡᠳᠬᠡᠵᠦ ᠰᠢᠨ᠎ᠡ ᠡᠬᠦᠯᠳᠡᠷ ᠳᠡᠬᠡᠷ᠎ᠡ ᠬᠦᠴᠦ ᠲᠠᠯᠪᠢᠨ ᠳᠡᠷᠢᠬᠦᠨ ᠤ ᠮᠡᠷᠬᠡᠵᠢᠯ ᠲᠠᠢ᠂ ᠠᠰᠢᠭ ᠣᠷᠣᠯᠭ᠎ᠠ ᠦᠨᠳᠦᠷ ᠠᠵᠣ ᠠᠬᠤᠶᠢᠯᠠᠯ ᠤᠨ ᠳᠣᠬᠠᠢ ᠶᠢᠨ ᠭᠠᠵᠠᠷ  ᠲᠤ ᠬᠦᠭᠵᠢᠬᠦ ᠶᠢ ᠳᠡᠮᠵᠢᠵᠦ ᠳᠡᠵᠢᠬᠡᠨ ᠦᠷᠡᠵᠢᠬᠦᠯᠬᠦ ᠪᠦᠳᠦᠴᠡ ᠶᠢ ᠰᠢᠯᠢᠳᠡᠭᠵᠢᠬᠦᠯᠦᠨ ᠮᠠᠯᠵᠢᠬᠤ ᠳᠠᠷᠢᠶᠠᠯᠠᠬᠤ ᠣᠷᠣᠨ ᠤ ᠠᠵᠣ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号