10 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ | ᠹᠧᠶ ᠯᠦ ᠤᠯᠤᠰ ᠤᠨ ᠵᠠᠮ ᠤᠨ 338 ᠱᠤᠭᠤᠮ ᠤᠨ ᠭᠠᠯᠠᠭᠤᠲᠤ ᠠᠴᠠ ᠰᠤᠪᠤᠷᠭ᠎ᠠ ᠪᠠᠶᠢᠭᠠᠯᠢ ᠶᠢᠨ ᠰᠢᠳᠠᠮᠠᠬᠠᠢ ᠭᠡᠢ | ᠰᠢᠢᠳᠪᠦᠷᠢᠯᠡᠬᠦ ᠭᠤᠷᠪᠠᠳᠤᠭᠠᠷ ᠥᠢᠯᠡᠳᠪᠤᠷᠢ ᠭᠥᠷᠭᠦ ᠭᠡᠰᠡᠭ ᠤᠨ ᠨᠢᠭᠡᠳᠦᠭᠡᠷ ᠲᠡᠰ ᠤᠨ ᠵᠠᠰᠠᠮᠠᠯ ᠵᠠᠮ ᠤᠨ ᠲᠥᠷᠥᠯ | ᠵᠥᠢᠯ ᠵᠢᠴᠢ ᠬᠤᠳᠠ ᠶᠢᠨ ᠵᠠᠰᠠᠭ ᠤᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠡᠰᠡᠭ ᠪᠠᠷᠢᠯᠭ᠎ᠠ ᠶᠢᠨ | ᠢᠨᠵᠧᠨᠧᠷᠢᠩ ᠤᠨ ᠠᠭᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠳᠡᠳ᠋ | ᠳᠠᠷᠤᠭ᠎ᠠ ᠵᠸᠤ ᠱᠤᠸᠠᠢ᠂ ᠯᠢᠤ ᠵᠧᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | | | | | | | | | | | | | ᠤᠯᠤᠰ ᠤᠨ ᠵᠠᠰᠠᠮᠠᠯ ᠵᠠᠮ 338 ᠱᠤᠭᠤᠮ ᠤᠨ ᠵᠠᠰᠠᠮᠠᠯ ᠵᠠᠮ ᠤᠨ ᠲᠥᠷᠥᠯ ᠵᠥᠢᠯ ᠤᠨ ᠪᠠᠷᠢᠯᠭ᠎ᠠ ᠶᠢᠨ | ᠲᠤᠬᠠᠶ ᠶᠢᠨ ᠲᠠᠯᠠᠪᠠᠢ ᠳᠤ ᠵᠤᠤ ᠹᠧᠶ ᠯᠦ ᠨᠠᠷ ᠪᠠᠷᠢᠯᠭ᠎ᠠ ᠶᠢᠨ ᠠᠵᠢᠯ ᠤᠨ ᠨᠢᠭᠡᠴᠢ ᠪᠣᠯᠤᠨ ᠥᠮᠴᠢᠲᠡᠨ ᠤ | ᠨᠢᠭᠡᠴᠢ ᠶᠢᠨ ᠬᠠᠷᠢᠭᠤᠴᠠᠯᠭᠠᠲᠠᠨ ᠤ ᠵᠠᠮ ᠲᠠᠭᠠᠤ ᠶᠢᠨ ᠴᠠᠬᠢᠯᠭᠠᠨ ᠬᠦᠴᠦᠨ ᠤ ᠲᠥᠬᠦᠭᠡᠷᠦᠮᠵᠢ᠂ ᠪᠠᠶᠢᠭᠠᠯᠢ ᠶᠢᠨ | ᠰᠢᠲᠠᠮᠠᠬᠠᠶ ᠬᠡᠢ ᠶᠢᠨ ᠬᠤᠭᠤᠯᠠᠶ ᠲᠤᠤᠷ᠂ ᠴᠢᠮᠡᠭᠡ ᠨᠡᠪᠲᠡᠷᠡᠭᠦᠯᠭᠡ ᠶᠢᠨ ᠭᠡᠷᠡᠯᠯᠢᠭ ᠳᠡᠭᠡᠰᠦ ᠶᠢ ᠥᠭᠡᠷᠡᠴᠢᠯᠡᠨ | ᠬᠠᠮᠠᠭᠠᠯᠠᠵᠤ ᠪᠠᠶᠢᠭ᠎ᠠ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ | ᠬᠥᠭᠦᠷᠭᠡ ᠶᠢᠨ ᠭᠤᠯᠳᠤᠩ ᠨᠦᠬᠡ᠂ ᠵᠠᠮ ᠤᠨ ᠵᠢᠭᠠᠯᠳᠠ ᠶᠢᠨ ᠡᠬᠢᠯᠡᠵᠦ ᠳᠠᠭᠤᠰᠬᠤ ᠠᠭᠤᠯᠵᠠᠷ ᠴᠡᠭ ᠵᠡᠷᠭᠡ ᠶᠢᠨ | ᠭᠤᠤᠯᠳᠠᠯᠭ᠎ᠠ ᠲᠠᠢ ᠴᠠᠷᠠᠭᠠᠨ ᠤ ᠪᠠᠷᠢᠯᠭ᠎ᠠ ᠶᠢᠨ ᠠᠭᠢᠴᠠ ᠶᠢᠨ ᠪᠠᠶᠢᠳᠠᠯ ᠢ ᠪᠠᠶᠢᠴᠠᠭᠠᠨ ᠥᠵᠠᠵᠤ ᠲᠤᠬᠠᠢ ᠶᠢᠨ ᠭᠠᠵᠷ | ᠲᠤᠨᠢ ᠤᠴᠢᠨ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠠᠢ᠃ ᠵᠤᠤ ᠹᠧᠶ ᠯᠦ | ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠠᠵᠢᠯ ᠤᠨ ᠨᠢᠭᠡᠴᠢ ᠪᠣᠯᠤᠨ ᠥᠮᠴᠢᠲᠡᠨ ᠨᠢᠭᠡᠴᠢ ᠪᠠᠷᠢᠯᠭ᠎ᠠ ᠶᠢᠨ ᠶᠠᠰᠤ | ᠴᠢᠨᠠᠷ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢ | ᠪᠠᠲᠤᠯᠠᠭᠰᠠᠨ ᠤᠷᠢᠲᠠᠯ ᠳᠤᠤᠷ᠎ᠠ ᠪᠠᠷᠢᠯᠭ᠎ᠠ ᠶᠢᠨ ᠬᠤᠭᠤᠴᠠᠭ᠎ᠠ ᠶᠢ ᠵᠤᠭᠢᠰᠳᠠᠢ ᠲᠤᠭᠢᠷᠠᠭᠤᠯᠤᠨ ᠪᠠᠷᠢᠯᠭ᠎ᠠ ᠶᠢᠨ | ᠠᠬᠢᠴᠠ ᠶᠢ ᠲᠦᠷᠭᠡᠳᠬᠡᠵᠦ ᠢᠵᠢ ᠪᠦᠷᠢᠳᠦᠭᠰᠡᠨ ᠥᠢᠯᠡᠴᠢᠯᠡᠭᠡ ᠶᠢ ᠲᠡᠭᠦᠯᠳᠡᠷᠵᠢᠬᠦᠯᠦᠨ ᠵᠠᠰᠠᠮᠠᠯ ᠵᠠᠮ ᠤᠨ ᠲᠥᠷᠥᠯ | ᠵᠥᠢᠯ ᠲᠣᠭᠲᠠᠭᠰᠠᠨ ᠬᠤᠭᠤᠴᠠᠭᠠᠨ ᠳᠤ ᠳᠠᠭᠤᠰᠤᠨ ᠲᠡᠷᠭᠡ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠡᠭᠦᠨ ᠤ | ᠬᠠᠮᠲᠤ ᠬᠤᠰᠢᠭᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠪᠣᠯᠤᠨ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ | ᠤᠯᠠᠮ ᠨᠢᠭᠡ ᠠᠯᠬᠤᠮ ᠲᠦᠪᠯᠡᠷᠡᠭᠦᠯᠦᠨ ᠲᠦᠯᠦᠪᠵᠢᠬᠦᠯᠵᠤ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢ | ᠨᠥᠯᠥᠭᠡᠯᠡᠵᠦ ᠪᠠᠶᠢᠭ᠎ᠠ ᠡᠯ᠎ᠡ ᠲᠥᠷᠤᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠤ ᠵᠢᠷᠤᠭ | ᠲᠥᠯᠥᠪᠯᠡᠭᠡ ᠶᠢᠨ ᠲᠥᠰᠦᠯ ᠢ ᠰᠢᠯᠢᠳᠡᠭᠵᠢᠭᠦᠯᠦᠨ ᠬᠠᠷᠢᠯᠴᠠᠨ ᠠᠪᠴᠠᠯᠳᠤᠭᠤᠯᠬᠤ ᠠᠵᠢᠯ ᠢ ᠰᠠᠶᠢᠲᠤᠷ ᠬᠢᠵᠦ | ᠲᠥᠷᠥᠯ ᠵᠥᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠡᠢ᠃ | | | | | | | | | | ᠭᠠᠯᠠᠭᠤᠲᠤ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠤᠨ ᠲᠤᠬᠠᠶ ᠶᠢᠨ | ᠲᠠᠯᠠᠪᠠᠢ ᠳᠤ ᠵᠤᠤ ᠹᠧᠶ ᠯᠦ ᠴᠢᠬᠤᠯᠠᠴᠢᠯᠠᠬᠤ ᠳᠤ ᠪᠠᠨ᠂ ᠰᠤᠷᠭᠠᠨ ᠬᠥᠮᠦᠵᠢᠯ ᠨᠢ ᠠᠷᠠᠳ ᠣᠯᠠᠨ ᠤ ᠠᠮᠢᠳᠤᠷᠠᠯ ᠲᠠᠢ | ᠬᠤᠯᠪᠤᠭᠳᠠᠵᠤ ᠬᠠᠷᠢᠭᠤᠴᠠᠯᠭ᠎ᠠ ᠬᠦᠨᠳᠦ ᠴᠢᠬᠤᠯᠠ᠂ ᠡᠭᠦᠷᠭᠡ ᠢᠷᠠᠭᠤ ᠠᠯᠳᠠᠷ ᠲᠠᠢ᠃ ᠤᠳᠤᠬᠠᠨ ᠳᠤ ᠲᠥᠷᠤᠯ | ᠵᠥᠢᠯ ᠤᠨ ᠪᠠᠷᠢᠯᠭ᠎ᠠ ᠶᠢᠨ ᠠᠵᠢᠯ ᠰᠢᠪᠳᠤᠷᠭᠠᠨ ᠳᠤ ᠪᠠᠨ ᠤᠷᠤᠵᠤ ᠪᠠᠶᠢᠭ᠎ᠠ ᠪᠤᠯᠬᠤᠷ ᠪᠠᠷᠢᠯᠭ᠎ᠠ ᠶᠢᠨ ᠠᠵᠢᠯ ᠤᠨ | ᠨᠢᠭᠡᠴᠢ ᠨᠢ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠳᠤᠯᠠᠵᠤ ᠥᠨᠳᠥᠷ ᠪᠠᠷᠢᠮᠵᠢᠶ᠎ᠠ ᠪᠠᠷ ᠪᠠᠷᠢᠯᠭ᠎ᠠ ᠪᠠᠷᠢᠨ᠂ | ᠥᠨᠳᠥᠷ ᠪᠠᠷᠢᠮᠵᠢᠶ᠎ᠠ ᠪᠠᠷ ᠰᠢᠯᠭᠠᠨ ᠬᠤᠷᠢᠶᠠᠵᠤ ᠠᠮᠤᠷ ᠲᠦᠪᠰᠢᠨ ᠪᠠᠷᠢᠯᠭ᠎ᠠ ᠶᠢᠨ ᠭᠠᠵᠠᠷ ᠤᠨ ᠣᠷᠴᠢᠨ ᠲᠣᠭᠤᠷᠢᠨ | ᠢ ᠡᠭᠦᠳᠭᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠷᠣᠰᠢᠵᠤ ᠪᠠᠶᠢᠭ᠎ᠠ ᠬᠦᠴᠢᠷ | ᠠᠰᠠᠭᠤᠳᠠᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠢᠢᠳᠪᠦᠷᠢᠯᠡᠵᠦ ᠲᠥᠬᠦᠷ ᠪᠡᠯᠡᠳᠬᠡᠮᠵᠢ ᠶᠢ ᠲᠦᠷᠭᠡᠬᠡᠨ | ᠲᠡᠭᠦᠯᠳᠡᠷᠵᠢᠭᠦᠯᠦᠨ ᠲᠥᠷᠥᠯ ᠵᠦᠢᠯ ᠤᠨ ᠬᠤᠭᠤᠴᠠᠭ᠎ᠠ ᠶᠣᠰᠣᠭᠠᠷ ᠠᠰᠢᠭᠯᠠᠯᠲᠠ ᠳᠤ ᠤᠷᠤᠬᠤ ᠶᠢ ᠦᠨᠡᠨᠬᠦ | ᠪᠠᠲᠤᠯᠠᠬᠤ ᠬᠡᠷᠡᠭᠲᠡᠢ ᠭᠡᠪᠡ᠃ | | | | | | | ᠬᠤᠰᠢᠭᠤᠨ ᠤ ᠡᠬᠡ ᠨᠢᠯᠬᠠᠰ ᠤᠨ ᠡᠷᠡᠭᠦᠯᠵᠠᠯ ᠤᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠠᠶᠢᠴᠠᠭᠠᠨ ᠥᠵᠠᠭᠦ ᠶᠢᠨ ᠬᠠᠮᠳᠤ | ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠣᠯᠤᠨ ᠠᠬᠢᠯᠲᠠ ᠶᠢᠨ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠵᠤᠤ ᠹᠧᠶ ᠯᠦ ᠵᠢᠭᠠᠬᠤ ᠳᠤ ᠪᠠᠨ᠂ ᠡᠷᠡᠭᠦᠯ ᠬᠠᠮᠠᠭᠠᠯᠠᠯ ᠤᠨ | ᠠᠵᠢᠯ ᠨᠢ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ | ᠪᠣᠯᠤᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠠᠯ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠪᠠᠷᠢᠯᠭ᠎ᠠ ᠶᠢᠨ ᠠᠵᠤ ᠠᠬᠤᠶᠢᠯᠠᠯ ᠤᠨ | ᠪᠠᠷᠢᠯᠭ᠎ᠠ ᠶᠢᠨ ᠲᠥᠯᠥᠪᠯᠡᠭᠡ ᠶᠢ ᠱᠠᠯᠠᠪᠳᠠᠭᠤᠯᠤᠨ ᠬᠢᠵᠤ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠤ | ᠥᠨᠳᠥᠷ ᠪᠠᠷᠢᠮᠵᠢᠶ᠎ᠠ᠂ ᠥᠨᠳᠤᠷ ᠶᠠᠰᠤ ᠴᠢᠨᠠᠷ ᠲᠠᠢ ᠪᠠᠷ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠲᠣᠨᠤᠭ | ᠲᠥᠬᠦᠭᠡᠷᠦᠮᠵᠢ ᠬᠤᠳᠠᠯᠳᠤᠨ ᠠᠪᠬᠤ ᠪᠠ ᠳᠠᠭᠠᠯᠲᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠤᠭᠢᠰᠳᠠᠢ | ᠲᠤᠬᠢᠷᠠᠭᠤᠯᠤᠨ ᠲᠥᠯᠥᠪᠯᠡᠭᠡ ᠶᠤᠰᠤᠭᠠᠷ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠶ ᠭᠡᠵᠡᠢ᠃ | | | | | | | ᠮᠣᠷᠢ ᠣᠷᠣᠯᠳᠤᠬᠤ ᠲᠠᠯᠠᠪᠠᠢ ᠶᠢᠨ ᠭᠤᠤᠯ ᠰᠡᠳᠦᠪᠲᠦ ᠪᠠᠶ᠎ᠠ ᠲᠠᠮᠢᠷ ᠤᠨ ᠬᠥᠳᠡᠯᠭᠡᠭᠡᠨ ᠤ ᠴᠡᠴᠡᠷᠯᠢᠭ ᠤᠨ | ᠦᠵᠡᠮᠵᠢ ᠶᠢ ᠥᠭᠡᠷᠡᠴᠢᠯᠡᠬᠦ ᠢᠨᠵᠧᠨᠧᠷᠢᠩ᠂ ᠰᠣᠶᠣᠯ ᠤᠨ ᠣᠷᠳᠣᠨ ᠤ ᠠᠭᠤᠳᠠᠮ ᠲᠠᠯᠠᠪᠠᠢ ᠶᠢ ᠥᠭᠡᠷᠡᠴᠢᠯᠡᠬᠦ | ᠢᠨᠵᠧᠨᠧᠷᠢᠩ᠂ ᠬᠠᠭᠤᠴᠢᠨ ᠬᠤᠶᠠᠳᠤᠭᠠᠷ ᠵᠠᠬ᠎ᠠ ᠳᠡᠯᠭᠡᠭᠦᠷ ᠤᠨ ᠬᠦᠷᠢᠶ᠎ᠡ ᠶᠢ ᠥᠭᠡᠷᠡᠴᠢᠯᠡᠬᠦ ᠢᠨᠵᠧᠨᠧᠷᠢᠩ ᠳᠤ | ᠪᠠᠶᠢᠴᠠᠭᠠᠨ ᠰᠤᠳᠤᠯᠤᠯᠳᠠ ᠭᠢᠭᠦ ᠳᠤ ᠪᠠᠨ ᠵᠤᠤ ᠹᠧᠶ ᠯᠦ᠂ ᠪᠠᠭ᠎ᠠ ᠮᠥᠩᠭᠦ ᠵᠠᠷᠤᠴᠠᠭᠤᠯᠤᠨ ᠶᠡᠭᠡ ᠶᠠᠪᠤᠳᠠᠯ | ᠪᠦᠲᠦᠭᠡᠬᠦ ᠶᠢ ᠪᠠᠷᠢᠮᠳᠠᠯᠠᠨ ᠣᠯᠠᠨ ᠤ ᠣᠶᠤᠨ ᠤᠬᠠᠭᠠᠨ ᠢ ᠲᠥᠪᠯᠡᠷᠡᠭᠦᠯᠵᠦ ᠡᠯ᠎ᠡ ᠲᠥᠷᠤᠯ ᠤᠨ ᠬᠤᠲᠠ ᠶᠢᠨ | ᠶᠠᠪᠤᠳᠠᠯ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠶᠠᠪᠤᠭᠳᠠᠬᠤ ᠶᠢ | ᠪᠠᠲᠤᠯᠠᠵᠤ ᠪᠦᠬᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢ ᠪᠠᠶᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠶ᠃ ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠪᠠᠷ | ᠳᠠᠮᠵᠢᠨ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ ᠣᠯᠠᠨ ᠲᠦᠮᠡᠨ ᠤ ᠵᠣᠯ | ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠠᠭᠦᠯᠭᠦ ᠭᠡᠷᠡᠭᠳᠠᠢ ᠭᠡᠵᠤ ᠵᠢᠭᠠᠵᠤ ᠭᠠᠷᠭᠠᠪᠠ᠃ | | | |