| 10 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠺᠠᠳ᠋ᠮᠠᠨᠳᠦ᠋ ᠶᠢᠨ | ᠶᠡᠷᠦᠩᠭᠡᠶᠢᠯᠡᠭᠴᠢ ᠶᠢᠨ ᠤᠷᠳᠤᠨ ᠳᠤ ᠨᠧᠫᠠᠯ ᠤᠨ ᠶᠡᠷᠦᠩᠭᠡᠶᠢᠯᠡᠭᠴᠢ ᠪᠠᠨᠳᠠᠷᠢ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠰᠢᠶᠧ ᠬᠤᠸᠠᠢ ᠤᠤᠢ ᠰᠡᠭᠦᠳᠡᠷᠯᠡᠪᠡ | ᠰᠢᠨᠬᠤᠸᠠ ᠬᠤᠷᠢᠶᠠᠨ ᠤ ᠺᠠᠳ᠋ᠮᠠᠨᠳᠦ᠋ ᠶᠢᠨ 10 ᠰᠠᠷ᠎ᠠ ᠶᠢᠨ 12 ᠤᠨ ᠴᠠᠬᠢᠯᠭᠠᠨ ᠮᠡᠳᠡᠭᠡ ︵ᠰᠤᠷᠪᠤᠯᠵᠢᠯᠠᠬᠴᠢ | ᠾᠦᠸᠧ ᠰᠢᠶᠤᠤ ᠭᠤᠸᠠᠩ ᠮᠧᠩ ᠨᠠ ᠰᠦᠨ ᠬᠤᠤ︶ ᠤᠯᠤᠰ ᠤᠨ ᠲᠡᠷᠢᠬᠦᠯᠡᠭᠴᠢ ᠰᠢ ᠶᠢᠨ ᠫᠢᠩ 12 ᠤᠨ ᠡᠳᠦᠷ | ᠺᠠᠳ᠋ᠮᠠᠨᠳᠦ᠋ ᠶᠢᠨ ᠶᠡᠷᠦᠩᠭᠡᠶᠢᠯᠡᠭᠴᠢ ᠶᠢᠨ ᠤᠷᠳᠤᠨ ᠳᠤ ᠨᠧᠫᠠᠯ ᠤᠨ ᠶᠡᠷᠦᠩᠭᠡᠶᠢᠯᠡᠭᠴᠢ ᠪᠠᠨᠳᠠᠷᠢ ᠲᠠᠢ ᠠᠭᠤᠯᠵᠠᠪᠠ᠃ | ᠬᠤᠶᠠᠷ ᠤᠯᠤᠰ ᠤᠨ ᠲᠡᠷᠢᠬᠦᠨ᠂ ᠬᠤᠶᠠᠷ ᠲᠠᠯ᠎ᠠ ᠪᠠᠷ ᠢᠶᠠᠨ ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠬᠤ᠂ | ᠬᠠᠮᠳᠤᠷᠠᠯᠴᠠᠵᠦ ᠬᠠᠮᠳᠤ ᠪᠠᠷ ᠠᠰᠢᠬ ᠬᠦᠷᠳᠡᠬᠦ ᠵᠤᠷᠢᠭ ᠰᠠᠨᠠᠭ᠎ᠠ ᠪᠠᠷ᠂ ᠬᠦᠭᠵᠢᠯᠳᠠ ᠪᠠ ᠴᠡᠴᠡᠭᠯᠡᠯ ᠳᠤ | ᠬᠠᠨᠳᠤᠭᠤᠯᠤᠭᠰᠠᠨ ᠦᠶ᠎ᠠ ᠶᠢᠨ ᠦᠶ᠎ᠠ ᠳᠡᠭᠡᠨ ᠨᠦᠬᠦᠷᠰᠡᠭ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ | ᠬᠠᠨᠢᠳᠠᠨ ᠤ ᠬᠠᠷᠢᠯᠴᠠᠭ᠎ᠠ ᠶᠢ ᠪᠠᠶᠢᠭᠤᠯᠤᠨ᠎ᠠ ᠭᠡᠵᠦ ᠬᠠᠮᠳᠤ ᠪᠠᠷ ᠨᠡᠶᠢᠳᠡᠯᠡᠵᠠᠢ᠃ | ᠰᠢ ᠶᠢᠨ ᠫᠢᠩ᠂ ᠡᠨᠡ ᠵᠢᠯ ᠤᠨ 4 ᠰᠠᠷ᠎ᠠ ᠳᠤ ᠪᠡᠭᠡᠵᠢᠩ ᠳᠤ ᠪᠠᠶᠢᠬᠤ ᠳᠠᠭᠠᠨ᠂ ᠲᠠ ᠨᠠᠮᠠᠢᠢ ᠡᠨᠡ ᠵᠢᠯ ᠤᠨ | ᠳᠤᠳᠤᠷ᠎ᠠ ᠨᠧᠫᠠᠯ ᠳᠤ ᠠᠶᠢᠯᠴᠢᠯᠠᠯᠳᠠ ᠬᠢᠬᠦ ᠶᠢ ᠬᠠᠯᠠᠭᠤᠨ ᠢᠶᠠᠷ ᠤᠷᠢᠪᠠ᠃ ᠡᠨᠡ ᠡᠳᠦᠷ ᠪᠢ ᠪᠤᠯᠵᠤᠭ᠎ᠠ ᠶᠤᠰᠤᠭᠠᠷ | ᠢᠷᠡᠯ᠎ᠠ᠃ ᠶᠡᠷᠦᠩᠭᠡᠶᠢᠯᠡᠭᠴᠢ ᠠᠪᠠᠭᠠᠢ ᠶᠢᠨ ᠭᠡᠯᠡᠭᠰᠡᠨ ᠮᠡᠳᠦ ᠪᠠᠷ᠂ ᠳᠤᠮᠳᠠᠳᠤ ᠨᠧᠫᠠᠯ ᠤᠨ ᠬᠤᠭᠤᠷᠤᠨᠳᠦ ᠵᠦᠪᠬᠡᠨ | ᠨᠦᠬᠦᠷᠯᠡᠯ ᠪᠠ ᠬᠠᠮᠳᠤᠷᠠᠯᠴᠠᠭ᠎ᠠ ᠯᠡ ᠪᠠᠶᠢᠳᠠᠭ᠃ ᠨᠢᠰᠭᠡᠯ ᠤᠨ ᠪᠠᠭᠤᠳᠠᠯ ᠪᠠ ᠵᠠᠮ ᠳᠠᠭᠠᠤ ᠶᠢᠨ ᠪᠠᠶᠠᠷᠯᠠᠨ ᠤᠬᠳᠤᠬᠤ | ᠬᠦᠮᠦᠰ ᠤᠨ ᠴᠢᠷᠠᠢ ᠳᠡᠭᠡᠷ᠎ᠠ ᠠᠴᠠ ᠪᠢ ᠨᠧᠫᠠᠯ ᠤᠨ ᠠᠷᠠᠳ ᠲᠦᠮᠡᠨ ᠤ ᠴᠢᠩ ᠦᠨᠡᠨᠴᠢ ᠢᠨᠢᠶᠡᠮᠰᠦᠭᠯᠡᠯ ᠢ ᠤᠯᠵᠦ | ᠬᠠᠷᠠᠨ᠂ ᠳᠡᠳᠡᠨ ᠤ ᠳᠤᠮᠳᠠᠳᠤ ᠤᠯᠤᠰ ᠤᠨ ᠠᠷᠠᠳ ᠲᠦᠮᠡᠨ ᠳᠤ ᠰᠡᠳᠬᠢᠯ ᠤᠨ ᠤᠭ ᠠᠴᠠ ᠪᠠᠨ ᠨᠦᠬᠦᠷᠰᠡᠭ | ᠪᠠᠶᠢᠳᠠᠭ ᠢ ᠤᠯᠵᠤ ᠮᠡᠳᠡᠷᠡᠵᠦ᠂ ᠳᠤᠮᠳᠠᠳᠤ ᠨᠧᠫᠠᠯ ᠤᠨ ᠨᠦᠬᠦᠷᠯᠡᠯ ᠨᠢ ᠨᠧᠫᠠᠯ ᠳᠤ ᠦᠷᠭᠡᠨ ᠳᠡᠯᠭᠡᠷ ᠬᠠᠮᠳᠦ ᠶᠢᠨ | ᠲᠠᠨᠢᠯᠳᠠ ᠪᠠ ᠪᠠᠳᠤ ᠪᠠᠬᠢ ᠦᠨᠳᠦᠰᠦ ᠰᠠᠭᠤᠷᠢ ᠲᠠᠢ ᠪᠠᠶᠢᠬᠤ ᠶᠢ ᠨᠠᠳᠠ ᠳᠤ ᠲᠠᠬᠢᠨᠳᠠ ᠮᠡᠳᠡᠷᠡᠬᠦᠯᠦᠯᠠ᠃ ᠳᠤᠮᠳᠠᠳᠤ | ᠨᠧᠫᠠᠯ ᠬᠤᠶᠠᠷ ᠤᠯᠤᠰ ᠤᠨ ᠠᠷᠠᠳ ᠲᠦᠮᠡᠨ ᠰᠡᠳᠬᠢᠯ ᠰᠡᠳᠬᠢᠯ ᠢᠶᠠᠨ ᠮᠡᠳᠡᠯᠴᠡᠵᠦ᠂ ᠵᠢᠷᠭᠠᠯ ᠵᠤᠪᠠᠯᠠᠩ ᠢᠶᠠᠨ | ᠬᠠᠮᠳᠤᠳᠬᠠᠵᠤ᠂ ᠬᠦᠷᠰᠢ ᠤᠯᠤᠰ ᠤᠨ ᠨᠦᠬᠦᠷᠰᠡᠭ ᠶᠠᠪᠤᠯᠴᠠᠭᠠᠨ ᠤ ᠬᠡᠪ ᠳᠠᠭᠤᠷᠢᠶᠠᠯ ᠪᠤᠯᠵᠠᠢ᠃ ᠪᠢ ᠲᠤᠰ | ᠤᠳᠠᠭ᠎ᠠ ᠶᠢᠨ ᠠᠶᠢᠯᠴᠢᠯᠠᠯᠳᠠ ᠪᠠᠷ ᠳᠠᠮᠵᠢᠨ᠂ ᠳᠤᠮᠳᠠᠳᠤ ᠨᠧᠫᠠᠯ ᠤᠨ ᠤᠯᠠᠮᠵᠢᠯᠠᠯᠳᠤ ᠨᠦᠬᠦᠷᠯᠡᠯ ᠢ ᠤᠯᠠᠮᠵᠢᠯᠠᠨ | ᠵᠠᠯᠭᠠᠮᠵᠢᠯᠠᠵᠤ᠂ ᠬᠤᠶᠠᠷ ᠤᠯᠤᠰ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠳᠠᠭᠠᠵᠤ᠂ ᠬᠤᠶᠠᠷ ᠤᠯᠤᠰ ᠤᠨ | ᠬᠠᠷᠢᠯᠴᠠᠭ᠎ᠠ ᠶᠢ ᠰᠢᠨ᠎ᠠ ᠳᠡᠭᠳᠡᠷ ᠲᠤ ᠠᠬᠢᠭᠤᠯᠤᠨ ᠭᠠᠷᠭᠠᠬᠤ ᠶᠢ ᠬᠦᠰᠡᠵᠤ ᠪᠠᠶᠢᠨ᠎ᠠ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠳᠤᠮᠳᠠᠳᠤ ᠨᠧᠫᠠᠯ ᠤᠨ ᠬᠠᠷᠢᠯᠴᠠᠭᠠᠨ ᠤ ᠤᠯᠤᠰ ᠲᠦᠷᠦ ᠶᠢᠨ | ᠰᠠᠭᠤᠷᠢ ᠪᠠᠨ ᠪᠠᠬᠢᠵᠢᠭᠦᠯᠵᠤ᠂ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠᠷ ᠳᠤᠮᠳᠠᠳᠤ | ᠨᠧᠫᠠᠯ ᠤᠨ ᠬᠠᠷᠢᠯᠴᠠᠭᠠᠨ ᠤ ᠬᠦᠭᠵᠢᠯᠳᠡ ᠶᠢᠨ ᠠᠯᠤᠰ ᠬᠡᠳᠦ ᠶᠢᠨ ᠬᠠᠷᠠᠯᠳᠠ ᠪᠤᠯᠭᠠᠶ᠎ᠠ᠃ ᠨᠧᠫᠠᠯ ᠤᠨ ᠲᠠᠯ᠎ᠠ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ᠂ ᠤᠷᠳᠤ ᠬᠤᠭᠤᠴᠠᠭᠠᠨ ᠤ ᠲᠤᠷᠰᠢ | ᠳᠤᠮᠳᠠᠳᠤ ᠶᠢᠨ ᠲᠠᠯ᠎ᠠ ᠳᠤ ᠡᠷᠡᠰ ᠪᠠᠳᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠪᠠᠶᠠᠷᠯᠠᠨ ᠲᠠᠯᠠᠷᠬᠠᠵᠤ ᠪᠠᠶᠢᠨ᠎ᠠ᠃ | ᠳᠤᠮᠳᠠᠳᠤ ᠶᠢᠨ ᠲᠠᠯ᠎ᠠ ᠦᠩᠭᠡᠷᠡᠭᠰᠡᠨ ᠲᠠᠢ ᠪᠠᠨ ᠠᠳᠠᠯᠢ ᠪᠠᠷ ᠨᠧᠫᠠᠯ ᠤᠨ ᠬᠢᠨ ᠤ ᠤᠯᠤᠰ ᠤᠨ ᠢᠶᠠᠨ ᠲᠤᠰᠠᠭᠠᠷ | ᠲᠤᠭᠳᠠᠨᠢᠯ᠂ ᠡᠷᠬᠡ ᠮᠡᠳᠡᠯ᠂ ᠨᠤᠲᠤᠭ ᠳᠡᠪᠢᠰᠭᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠳᠤ ᠳᠡᠮᠵᠢᠯᠭᠡ ᠦᠭᠴᠤ᠂ | ᠨᠧᠫᠠᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠴᠢᠳᠠᠯ ᠤᠨ ᠢᠶᠠᠨ ᠬᠢᠷᠢ ᠪᠠᠷ ᠳᠡᠮᠵᠢᠯᠭᠡ ᠪᠠ | ᠬᠠᠪᠰᠤᠷᠤᠯᠭ᠎ᠠ ᠦᠵᠡᠭᠦᠯᠦᠨ᠎ᠠ᠃ ᠬᠤᠶᠠᠷ ᠲᠠᠯ᠎ᠠ ᠪᠠᠷ ᠢᠶᠠᠨ ᠪᠦᠬᠦ ᠲᠠᠯ᠎ᠠ ᠶᠢᠨ ᠬᠠᠮᠳᠤᠷᠠᠯᠴᠠᠭᠠᠨ ᠤ ᠪᠠᠶᠢᠷᠢᠰᠢᠯ ᠢ | ᠪᠠᠶᠢᠭᠤᠯᠵᠤ᠂ ᠾᠢᠮᠠᠯᠠᠶ᠎ᠠ ᠶᠢ ᠳᠠᠪᠠᠭᠰᠠᠨ ᠪᠤᠰᠤᠭ᠎ᠠ ᠴᠤᠭᠴᠠᠳᠤ ᠬᠤᠯᠪᠤᠯᠳᠤᠨ ᠨᠡᠪᠳᠡᠷᠡᠯᠴᠡᠬᠦ ᠲᠤᠤᠷ ᠤᠨ ᠪᠦᠲᠦᠭᠡᠨ | ᠪᠠᠶᠢᠭᠤᠯᠤᠯᠳᠠ ᠶᠢ ᠦᠷᠨᠢᠭᠦᠯᠵᠤ᠂ ᠡᠯ᠎ᠠ ᠬᠦᠷᠢᠶᠡᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠦᠷᠭᠡᠳᠭᠡᠶ᠎ᠠ ᠭᠡᠵᠤ | ᠴᠢᠬᠤᠯᠠᠴᠢᠯᠠᠵᠠᠢ᠃ | ᠰᠢ ᠶᠢᠨ ᠫᠢᠩ᠂ ᠪᠢᠲᠠ ᠲᠦᠷᠦᠭᠦᠬᠡᠨ ᠰᠢᠨ᠎ᠠ ᠲᠤᠮᠲᠠᠲᠤ ᠤᠯᠤᠰ ᠪᠠᠶᠢᠭᠤᠯᠤᠭᠲᠠᠭᠰᠠᠠ 70 ᠵᠢᠯ ᠤᠨ | ᠤᠢ ᠪᠠᠨ ᠦᠪᠡᠳᠡᠭᠰᠢ ᠶᠡᠭᠡ ᠪᠠᠷ ᠪᠡᠯᠭᠡᠯᠠᠵᠠᠢ᠃ ᠡᠨᠡ 70 ᠵᠢᠯ ᠪᠤᠯ ᠲᠤᠮᠲᠠᠲᠤ ᠤᠯᠤᠰ ᠤᠨ ᠡᠪ ᠬᠠᠮᠲᠤ ᠨᠠᠮ | ᠲᠤᠮᠲᠠᠲᠤ ᠤᠯᠤᠰ ᠤᠨ ᠠᠷᠠᠳ ᠲᠦᠮᠡᠡ ᠢ ᠤᠳᠤᠷᠢᠳᠴᠤ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ | ᠮᠠᠠᠲᠤᠯᠲᠠ ᠶᠢ ᠪᠡᠶᠡᠯᠡᠭᠦᠯᠬᠦ ᠠᠶᠠᠠ ᠲᠤᠮᠲᠠ ᠶᠠᠪᠤᠵᠦ ᠢᠷᠡᠭᠰᠡᠡ 70 ᠵᠢᠯ ᠮᠦᠨ᠃ ᠡᠨᠡ ᠪᠤᠯ ᠶᠡᠷᠦ ᠪᠤᠰᠤ ᠶᠢᠨ ᠵᠠᠮ | ᠮᠦᠨ᠂ ᠰᠤᠷᠭᠤᠭ ᠴᠡᠴᠡᠭ ᠠᠯᠠᠭ᠎ᠠ ᠲᠠᠰᠢᠯᠲᠠ ᠪᠠᠶᠢᠬᠤ ᠪᠠᠷ ᠪᠠᠷᠠᠬᠤ ᠦᠭᠡᠢ ᠪᠠᠰᠠ ᠬᠠᠷᠰᠢ ᠰᠠᠭᠠᠳ ᠪᠠ | ᠦᠷᠢᠰᠦᠯᠲᠦᠭᠡᠡ ᠪᠠᠶᠢᠨ᠎ᠠ᠃ ᠪᠢᠲᠠ ᠦᠷᠬᠦᠯᠵᠢᠯᠡᠡ ᠦᠭᠡᠷᠡᠴᠢᠯᠡᠯᠲᠡ ᠪᠠᠨ ᠬᠦᠨᠵᠡᠭᠡᠶᠢᠷᠡᠭᠦᠯᠵᠦ᠂ ᠨᠡᠭᠡᠭᠡᠯᠲᠡ ᠪᠠᠨ | ᠦᠷᠭᠡᠳᠭᠡᠨ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠤᠨ ᠪᠡᠶᠡᠯᠡᠬᠦᠯᠦᠨ᠎ᠠ᠃ ᠨᠢᠭᠡᠡ ᠲᠤᠭᠲᠠᠭᠤᠨ᠂ | ᠨᠡᠭᠡᠭᠡᠯᠲᠡᠳᠤ᠂ ᠴᠡᠴᠡᠭᠯᠡᠡ ᠬᠦᠭᠵᠢᠭᠰᠡᠡ ᠲᠤᠮᠲᠠᠲᠤ ᠤᠯᠤᠰ ᠢᠮᠠᠭᠲᠠ ᠨᠧᠫᠠᠯ ᠪᠤᠯᠤᠠ ᠲᠡᠯᠡᠭᠡᠢ ᠳ᠋ᠠᠬᠢᠨ ᠤ | ᠬᠦᠭᠵᠢᠯᠲᠠ ᠶᠢᠨ ᠠᠵᠠ ᠲᠤᠬᠢᠶᠠᠯ ᠪᠤᠯᠬᠤ ᠶᠤᠮ ᠭᠡᠵᠦ ᠴᠢᠬᠤᠯᠠᠴᠢᠯᠠᠪᠠ᠃ | ᠪᠠᠨᠳᠠᠷᠢ ᠲᠡᠷᠢᠭᠦᠯᠡᠭᠴᠢ ᠰᠢ ᠶᠢᠨ ᠫᠢᠩ ᠤᠨ ᠨᠧᠫᠠᠯ ᠳᠤ ᠠᠶᠢᠯᠴᠢᠯᠠᠯᠲᠠ ᠬᠢᠭᠰᠡᠡ ᠢ ᠬᠠᠯᠠᠭᠤᠨ ᠢᠶᠠᠷ | ᠤᠭᠲᠤᠵᠦ᠂ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠠ 70 ᠵᠢᠯ ᠤᠨ ᠤᠢ ᠳᠤ | ᠲᠠᠬᠢᠨᠲᠠ ᠪᠠᠶᠠᠷ ᠬᠦᠷᠭᠡᠵᠦ᠂ ᠨᠧᠫᠠᠯ ᠲᠤᠷᠠᠲᠠᠶ᠎ᠠ ᠲᠤᠮᠲᠠᠲᠤ ᠤᠯᠤᠰ ᠤᠨ ᠬᠦᠭᠵᠢᠯᠲᠠ ᠶᠢᠨ ᠠᠮᠵᠢᠯᠲᠠᠲᠠᠢ | ᠲᠤᠷᠰᠢᠯᠭ᠎ᠠ ᠶᠢ ᠰᠤᠷᠤᠯᠴᠠᠵᠤ ᠲᠤᠯᠢ ᠪᠤᠯᠭᠠᠨ᠎ᠠ᠂ ᠲᠤᠮᠲᠠᠲᠤ ᠤᠯᠤᠰ ᠤᠨ ᠠᠷᠠᠳ ᠲᠦᠮᠡᠡ ᠲᠤᠮᠲᠠᠲᠤ ᠤᠯᠤᠰ ᠤᠨ | ᠡᠪ ᠬᠠᠮᠲᠤ ᠨᠠᠮ ᠤᠨ ᠤᠲᠤᠷᠢᠲᠤᠯᠭ᠎ᠠ ᠲᠤᠤᠷ᠎ᠠ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ | ᠮᠠᠠᠲᠤᠯᠲᠠ ᠶᠢᠨ ᠲᠤᠮᠲᠠᠲᠤ᠋ ᠶᠢᠨ ᠵᠡᠭᠦᠲᠦ ᠶᠢ ᠯᠠᠪᠳᠠᠢ ᠲᠡᠷᠭᠡᠯᠰᠢᠭᠦᠯᠵᠤ ᠳᠡᠶᠢᠯᠦᠨ᠎ᠠ ᠭᠡᠲᠡᠭ ᠢ ᠢᠲᠡᠭᠡᠵᠦ ᠪᠠᠶᠢᠨ᠎ᠠ᠂ | ᠡᠨᠡ ᠨᠢ ᠨᠧᠫᠠᠯ ᠵᠢᠴᠢ ᠭᠠᠵᠠᠷ ᠤᠷᠤᠨ ᠤ ᠡᠩᠭᠡ ᠲᠠᠶᠢᠪᠤᠩ᠂ ᠬᠦᠭᠵᠢᠯᠲᠠ᠂ ᠴᠡᠴᠡᠭᠯᠡᠯᠲᠡ ᠳᠤ ᠪᠤᠶᠠᠠ | ᠦᠢᠯᠡᠳᠬᠦ ᠨᠢ ᠳᠠᠮᠵᠢᠬ ᠦᠭᠡᠢ ᠶᠤᠮ ᠭᠡᠵᠦ ᠢᠯᠡᠳᠭᠡᠪᠡ᠃ | ᠪᠠᠨᠳᠠᠷᠢ᠂ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ 23 ᠵᠢᠯ ᠤᠨ ᠳᠠᠷᠠᠭ᠎ᠠ ᠨᠧᠫᠡᠯ ᠳᠤ ᠳᠠᠬᠢᠨᠲᠠ | ᠠᠶᠢᠯᠴᠢᠯᠠᠭᠰᠠᠨ ᠨᠢ ᠴᠢᠬᠤᠯᠠ ᠲᠡᠦᠬᠡᠲᠦ ᠠᠴᠢ ᠬᠤᠯᠪᠤᠬᠳᠠᠯ ᠲᠠᠢ ᠶᠤᠮ᠃ ᠨᠧᠫᠠᠯ ᠳᠤᠮᠳᠠᠳᠤ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠨᠡᠶᠢᠲᠡᠯᠡᠭᠰᠡᠨ ᠨᠢ᠂ ᠬᠤᠶᠠᠷ | ᠤᠯᠤᠰ ᠤᠨ ᠤᠯᠠᠮᠵᠢᠯᠠᠯᠲᠤ ᠨᠦᠬᠦᠷᠯᠡᠯ ᠢ ᠪᠠᠳᠤᠳᠬᠠᠵᠤ᠂ ᠬᠤᠶᠠᠷ ᠤᠯᠤᠰ ᠤᠨ ᠬᠠᠷᠢᠯᠴᠠᠭᠠᠨ ᠤ ᠠᠭᠤᠯᠤᠬᠳᠠᠬᠤᠨ ᠢ | ᠪᠠᠶᠠᠯᠢᠬᠵᠢᠭᠤᠯᠵᠤ᠂ ᠨᠧᠫᠡᠯ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠠ ᠴᠠᠭ ᠦᠶ᠎ᠠ ᠳᠤ ᠤᠷᠤᠬᠤ ᠶᠢ | ᠠᠬᠢᠭᠤᠯᠬᠤ ᠨᠢ ᠯᠠᠪᠲᠠᠢ᠃ ᠨᠧᠫᠠᠯ ᠤᠨ ᠲᠠᠯ᠎ᠠ ᠳᠤᠮᠳᠠᠳᠤ ᠶᠢᠨ ᠲᠠᠯ᠎ᠠ ᠶᠢᠨ ᠬᠢᠨ ᠤ ᠤᠯᠠᠨ ᠵᠢᠯ ᠤᠨ ᠲᠤᠷᠰᠢ | ᠤᠯᠭᠤᠬᠰᠠᠨ ᠬᠦᠴᠦᠳᠠᠢ ᠳᠡᠮᠵᠢᠯᠭᠡ ᠪᠠ ᠬᠠᠪᠰᠤᠷᠤᠯᠭ᠎ᠠ ᠳᠤ ᠪᠠᠶᠠᠷᠯᠠᠨ ᠲᠠᠯᠠᠷᠬᠠᠵᠤ᠂ ᠳᠤᠮᠳᠠᠳᠤ ᠤᠯᠤᠰ ᠤᠨ ᠡᠷᠬᠡ | ᠮᠡᠳᠡᠯ ᠪᠠ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠭᠡᠵᠦ᠂ ᠳᠤᠮᠳᠠᠳᠤ ᠤᠯᠤᠰ ᠢ | ᠡᠰᠡᠷᠭᠦᠴᠡᠬᠦ ᠶᠠᠮᠠᠷᠪᠠ ᠬᠦᠴᠦᠨ ᠨᠧᠫᠡᠯ ᠤᠨ ᠨᠤᠲᠤᠭ ᠳᠡᠪᠢᠰᠭᠡᠷ ᠢ ᠠᠰᠢᠬᠯᠠᠨ ᠳᠤᠮᠳᠠᠳᠤ ᠤᠯᠤᠰ ᠢ ᠡᠰᠡᠷᠬᠦᠴᠡᠬᠦ | ᠶᠠᠮᠠᠷᠪᠠ ᠠᠵᠢᠯᠯᠠᠭ᠎ᠠ ᠦᠷᠨᠢᠭᠦᠯᠬᠦ ᠶᠢ ᠤᠬᠳᠤ ᠵᠦᠪᠰᠢᠶᠡᠷᠡᠬᠦ ᠦᠭᠡᠢ᠃ ᠨᠧᠫᠡᠯ ᠤᠨ ᠲᠠᠯ᠎ᠠ ᠳᠤᠮᠳᠠᠳᠤ ᠤᠯᠤᠰ ᠤᠨ | ᠲᠤᠳᠤᠨᠤ ᠦᠨᠡᠨᠴᠢ ᠠᠰᠢᠭᠳᠠᠢ ᠪᠠᠭᠲᠠᠭᠠᠮᠵᠢᠲᠠᠢ ᠡᠷᠬᠢᠨ ᠲᠤᠭᠤᠷᠢᠨ ᠤ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠤᠳᠤᠯᠭ᠎ᠠ ᠶᠢ ᠮᠠᠬᠲᠠᠨ ᠰᠠᠶᠢᠰᠢᠶᠠᠵᠤ᠂ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠢᠳᠡᠪᠬᠢᠲᠡᠢ ᠤᠷᠤᠯᠴᠠᠵᠤ᠂ ᠾᠢᠮᠠᠯᠠᠶ᠎ᠠ ᠶᠢ ᠳᠠᠪᠠᠭᠰᠠᠨ ᠪᠤᠰᠤᠭ᠎ᠠ ᠴᠤᠬᠴᠠᠲᠤ ᠬᠤᠯᠪᠤᠯᠳᠤᠨ | ᠨᠡᠪᠲᠡᠷᠡᠯᠴᠡᠬᠦ ᠲᠤᠤᠷ ᠢ ᠪᠠᠶᠢᠭᠤᠯᠤᠨ᠂ ᠨᠧᠫᠡᠯ ᠤᠨ ︽ᠬᠦᠭᠵᠢᠨ ᠴᠡᠴᠡᠭᠯᠡᠭᠰᠡᠨ ᠨᠧᠫᠡᠯ᠂ ᠵᠤᠯ ᠵᠢᠷᠭᠠᠯ ᠲᠠᠢ | ᠨᠧᠫᠡᠯᠴᠦᠳ︾ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠠ ᠭᠡᠵᠦ ᠢᠯᠡᠳᠭᠡᠪᠡ᠃ | ᠰᠢ ᠶᠢᠨ ᠫᠢᠩ ᠪᠠᠰᠠ 12 ᠤᠨ ᠡᠳᠦᠷ ᠨᠧᠫᠡᠯ ᠳᠤ ᠡᠭᠦᠰᠦᠭᠰᠡᠨ ᠨᠡᠶᠢᠲᠡ ᠶᠢᠨ ᠮᠠᠰᠢᠨ ᠲᠡᠷᠭᠡ ᠬᠠᠳᠠ ᠠᠴᠠ | ᠤᠨᠠᠬᠰᠠᠨ ᠠᠳᠡᠯ ᠳᠤ ᠬᠦᠨᠳᠦ ᠨᠤᠴᠢᠲᠠᠢ ᠦᠬᠦᠯ ᠰᠢᠷᠬᠠᠳᠤᠯ ᠡᠭᠦᠰᠦᠭᠰᠡᠨ ᠲᠤᠬᠠᠢ ᠪᠠᠨᠳᠠᠷᠢ ᠶᠢ ᠴᠢᠩ | ᠰᠡᠳᠭᠢᠯ ᠠᠴᠠ ᠪᠠᠨ ᠲᠤᠬᠤᠨᠢᠭᠤᠯᠵᠤ ᠪᠠᠶᠢᠭ᠎ᠠ ᠪᠠᠨ ᠢᠯᠡᠳᠭᠡᠪᠡ᠃ ᠪᠠᠨᠳᠠᠷᠢ ᠲᠠᠯᠠᠷᠬᠠᠵᠤ ᠪᠠᠶᠢᠬᠤ ᠪᠠᠨ ᠢᠯᠡᠳᠭᠡᠵᠠᠢ᠃ | | ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠸᠠᠩ ᠢ᠂ ᠾᠧ ᠯᠢ ᠹᠧᠩ ᠨᠠᠷ ᠠᠭᠤᠯᠵᠠᠯᠳᠠ ᠳᠤ | ᠤᠷᠤᠯᠴᠠᠪᠠ᠃ | |