ᠭᠠᠯᠠᠭᠤᠲᠣ ᠪᠠᠯᠭᠠᠰᠣᠨ ᠤ ᠰᠢᠷᠬᠤᠰᠣ ᠨᠡᠶᠢᠬᠡᠮ ᠳᠣᠭᠤᠷᠢᠭ ᠤᠨ ᠬᠠᠮᠳᠤᠷᠠᠭᠰᠠᠨ ᠨᠠᠮ ᠤᠨ ᠬᠤᠷᠢᠶᠠᠨ ᠤ ᠪᠣᠯᠪᠠᠰᠣᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-10-16
     10 ᠰᠠᠷ᠎ᠠ ᠶᠢᠨ 11 ᠤ ᠡᠳᠦᠷ᠂ ᠭᠠᠯᠠᠭᠤᠲᠣ ᠪᠠᠯᠭᠠᠰᠣᠨ ᠤ ᠰᠢᠷᠬᠤᠰᠣ ᠨᠡᠶᠢᠬᠡᠮ ᠳᠣᠭᠤᠷᠢᠭ ᠤᠨ ᠬᠠᠮᠳᠤᠷᠠᠭᠰᠠᠨ ᠨᠠᠮ ᠤᠨ ᠬᠤᠷᠢᠶᠠᠨ ᠤ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ  ᠶᠢᠨ ᠬᠤᠷᠠᠯ ᠰᠢᠷᠬᠤᠰᠣ ᠨᠡᠶᠢᠬᠡᠮ ᠳᠣᠭᠤᠷᠢᠭ ᠲᠤ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠪᠣᠯᠪᠠᠰᠤᠨ ᠤ ᠠᠯᠪᠠᠨ ᠬᠡᠷ᠂ ᠭᠠᠯᠠᠭᠤᠲᠣ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠨᠡᠶᠢᠬᠡᠮ ᠲᠤᠭᠤᠷᠢᠭ ᠤᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠢ ᠳᠠᠭᠠᠭᠠᠴᠢᠯᠠᠵᠦ ᠪᠠᠶᠢᠭ᠎ᠠ ᠡᠯ᠎ᠡ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠷᠬᠤᠰᠣ ᠨᠡᠶᠢᠬᠡᠮ ᠳᠣᠭᠤᠷᠢᠭ ᠤᠨ ᠬᠠᠷᠢᠭᠤᠴᠠᠯᠭᠠᠳᠠᠨ ᠠᠴᠠ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠢ ᠬᠢᠨᠠᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠡᠭᠦᠳᠦᠨ ᠪᠠᠶᠢᠭᠤᠯᠤᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠪᠠ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠣᠬᠠᠢ ᠬᠠᠷᠢᠭᠤ ᠮᠡᠳᠡᠬᠦᠯᠦᠯᠲᠡ ᠬᠢᠵᠦ ᠡᠯ᠎ᠡ ᠳᠠᠭᠠᠭᠠᠴᠢᠯᠠᠨ ᠬᠠᠷᠢᠭᠤᠴᠠᠬᠤ ᠨᠢᠭᠡᠴᠢ ᠶᠢᠨ ᠬᠠᠷᠢᠭᠤᠴᠠᠯᠭᠠᠳᠠᠨ ᠠᠴᠠ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠳᠣᠮᠳᠠᠬᠢ ᠠᠰᠠᠭᠤᠳᠠᠯ ᠢ ᠬᠠᠷᠢᠭᠤ ᠮᠡᠳᠡᠬᠦᠯᠤᠨ ᠬᠤᠷᠠᠯ ᠳᠤ ᠤᠷᠤᠯᠴᠠᠭᠰᠠᠳ ᠠᠴᠠ ᠡᠳᠡᠭᠡᠷ ᠠᠰᠠᠭᠤᠳᠠᠯ ᠢ ᠰᠶᠢᠳᠪᠦᠷᠢᠯᠡᠬᠦ ᠳᠣᠬᠠᠢ ᠰᠣᠳᠣᠯᠣᠨ ᠶᠠᠷᠢᠯᠴᠠᠪᠠ᠃ ᠣᠬᠠᠭᠤᠯᠬᠤ ᠬᠡᠯᠳᠡᠰ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠳᠣᠮᠳᠠ ᠠᠩᠬᠠᠷᠬᠤ ᠵᠦᠢᠯᠡᠰ ᠤᠨ ᠲᠠᠯ᠎ᠠ ᠪᠠᠷ ᠤᠯᠠᠮ ᠨᠢᠬᠡ ᠠᠯᠬᠤᠮ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠪᠠᠶᠢᠭᠤᠯᠭ᠎ᠠ ᠨᠢᠬᠡᠴᠢ ᠶᠢᠨ ᠬᠢᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ ᠴᠢᠩᠭ᠎ᠠ ᠠᠳᠬᠤᠨ ᠪᠣᠳᠠᠳᠠᠢ ᠬᠢᠵᠦ ᠦᠷ᠎ᠡ ᠪᠦᠲᠦᠮᠵᠢ ᠣᠯᠬᠤ ᠬᠡᠷᠡᠭᠲᠡᠢ᠂ ᠦᠵᠡᠯ ᠣᠬᠠᠮᠰᠠᠷ ᠪᠠ ᠣᠯᠣᠰ ᠳᠦᠷᠦ ᠶᠢᠨ ᠵᠣᠭᠰᠣᠴᠠ ᠪᠠᠨ ᠳᠡᠭᠡᠭᠰᠢᠯᠡᠬᠦᠯᠵᠦ ᠬᠤᠪᠢᠶᠠᠷᠢᠯᠠᠨ ᠬᠠᠷᠢᠭᠤᠴᠠᠵᠦ ᠪᠠᠶᠢᠭ᠎ᠠ ᠠᠵᠢᠯ ᠢᠶᠠᠨ ᠰᠠᠶᠢᠳᠣᠷ ᠪᠡᠶᠡᠯᠡᠬᠦᠯᠤᠨ ᠡᠷᠦᠬᠡ ᠳᠤ ᠣᠷᠣᠵᠦ ᠰᠠᠨᠠᠯ ᠬᠤᠷᠢᠶᠠᠵᠦ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠤᠨ ᠣᠷᠣᠭᠰᠢᠳᠠᠢ ᠶᠠᠪᠣᠭᠳᠠᠬᠤ ᠳᠤ ᠰᠠᠭᠤᠷᠢ ᠳᠠᠯᠪᠢᠨ ᠬᠦᠮᠦᠨ ᠪᠦᠬᠦᠨ ᠳᠤ ︽ᠪᠣᠯᠪᠠᠰᠣᠨ ᠬᠤᠳᠠ ᠶᠢ ᠡᠭᠦᠳᠦᠨ ᠪᠠᠶᠢᠭᠤᠯᠬᠤ︾ ᠠᠵᠢᠯ ᠢ ᠣᠶᠢᠯᠠᠭᠠᠭᠤᠯᠵᠦ ᠣᠯᠠᠨ ᠲᠦᠮᠠᠨ ᠢ ᠳᠠᠶᠢᠴᠢᠯᠠᠨ ᠪᠣᠯᠪᠠᠰᠣᠨ ᠬᠤᠳᠠ ᠶᠢ ᠡᠬᠦᠳᠦᠨ ᠪᠠᠶᠢᠭᠤᠯᠬᠤ ᠠᠵᠢᠯ ᠳᠤ ᠣᠷᠣᠯᠴᠠᠭᠤᠯᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号