10 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ | ᠵᠤᠤ ᠹᠸᠢ ᠯᠦ ᠤᠷᠢᠳ ᠬᠤᠵᠢᠳ ᠪᠥᠸᠧ ᠵᠢᠤᠸᠠᠢ ᠰᠠᠭᠤᠭᠠᠯᠢ ᠲᠣᠭᠤᠷᠢᠭ᠂ ᠭᠡᠷ ᠪᠠᠶᠢᠰᠢᠩ ᠤᠨ | ᠬᠠᠮᠢᠶᠠᠷᠤᠯᠲᠠ ᠶᠢᠨ ᠰᠠᠭᠤᠭᠠᠯᠢ ᠲᠣᠭᠤᠷᠢᠭ᠂ ᠴᠡᠴᠡᠷᠯᠢᠭᠴᠢ ᠰᠠᠭᠤᠭᠠᠯᠢ ᠲᠣᠭᠤᠷᠢᠭ᠂ ᠮᠠᠯ ᠠᠵᠤ ᠠᠬᠤᠢ ᠶᠢᠨ | ᠲᠣᠪᠴᠢᠶᠠᠨ ᠤ ᠭᠤᠳᠤᠮᠵᠢ᠂ ᠮᠠᠰᠢᠨ ᠲᠡᠷᠭᠡᠨ ᠥᠷᠲᠡᠭᠡᠨ ᠤ ᠠᠭᠤᠳᠠᠮ ᠲᠠᠯᠠᠪᠠᠢ ᠵᠡᠷᠭᠡ ᠭᠠᠵᠠᠷ ᠲᠤ ᠬᠦᠷᠴᠦ ᠪᠥᠭᠦ | ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠨ ᠰᠶᠢᠳᠪᠤᠷᠢᠯᠡᠭᠰᠠᠨ ᠪᠠᠶᠢᠨ᠎ᠠ᠃ ᠵᠤᠤ ᠹᠧᠶ | ᠯᠦ ᠱᠠᠭᠠᠷᠳᠠᠭᠰᠠᠨ ᠨᠢ᠂ ᠣᠳᠣᠬᠠᠨ ᠳᠤ ᠨᠢᠭᠡᠨᠲᠡ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ | ᠬᠤᠲᠠ ᠶᠢᠨ ᠡᠭᠦᠳᠦᠨ ᠪᠠᠶᠢᠭᠤᠯᠤᠯᠳᠠ ᠶᠢᠨ ᠵᠠᠩᠭᠢᠯᠠᠭ᠎ᠠ ᠶᠢᠨ ᠴᠠᠭ ᠣᠢᠶ᠎ᠠ ᠳᠤ ᠤᠷᠤᠭᠠᠳ ᠪᠠᠶᠢᠨ᠎ᠠ᠃ ᠡᠷᠬᠡᠪᠰᠢ | ᠴᠠᠭ ᠢ ᠵᠠᠪᠳᠤᠨ ᠡᠭᠦᠳᠦᠨ ᠪᠠᠶᠢᠭᠤᠯᠤᠯᠳᠠ ᠶᠢᠨ ᠰᠢᠯᠭᠠᠨ ᠦᠨᠡᠯᠡᠬᠦ ᠪᠠᠷᠢᠮᠵᠢᠶ᠎ᠠ ᠲᠠᠢ ᠬᠠᠷᠢᠴᠠᠭᠤᠯᠵᠤ ᠵᠡᠭᠡᠯᠢ | ᠭᠤᠳᠤᠮᠵᠢ ᠶᠢᠨ ᠥᠨᠴᠥᠭ ᠪᠤᠯᠤᠩ ᠢ ᠴᠡᠪᠡᠷᠯᠠᠨ ᠴᠡᠭᠴᠡᠯᠠᠵᠤ ᠬᠤᠲᠠ ᠶᠢᠨ ᠲᠥᠷᠢ ᠲᠥᠷᠭᠦ ᠪᠠ ᠣᠯᠠᠨ ᠲᠦᠮᠡᠨ ᠤ | ᠠᠮᠢᠳᠤᠷᠠᠯ ᠢ ᠨᠥᠯᠥᠭᠡᠯᠡᠵᠦ ᠪᠠᠶᠢᠭ᠎ᠠ ᠨᠢᠭᠡ ᠪᠦᠯᠦᠭ ᠪᠣᠳᠠᠲᠠᠶ ᠠᠰᠠᠭᠤᠳᠠᠯ ᠢ ᠪᠦᠲᠦᠮᠵᠢᠲᠡᠶ ᠰᠶᠢᠳᠪᠤᠷᠢᠯᠠᠨ | ᠡᠭᠦᠳᠦᠨ ᠪᠠᠶᠢᠭᠤᠯᠤᠯᠳᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃ | ᠰᠠᠭᠤᠭᠠᠯᠢ ᠠᠷᠠᠳ ᠤᠨ ᠲᠣᠭᠤᠷᠢᠭ ᠲᠤ ᠵᠤᠤ ᠹᠧᠶ ᠯᠦ ᠨᠠᠷ ᠪᠠᠶᠢᠴᠠᠭᠠᠨ ᠥᠵᠠᠭᠦ ᠶᠢᠨ ᠲᠠᠭᠠᠤ ᠰᠠᠭᠤᠭᠠᠯᠢ | ᠠᠷᠠᠳ ᠤᠨ ᠡᠭᠦᠳᠤᠨ ᠪᠠᠶᠢᠭᠤᠯᠤᠯᠳᠠ ᠶᠢᠨ ᠠᠵᠢᠯ ᠤᠨ ᠲᠤᠬᠠᠶ ᠣᠶᠢᠯᠠᠭᠠᠭᠰᠠᠨ ᠬᠡᠮᠵᠢᠶ᠎ᠡ᠂ ᠰᠠᠭᠤᠭᠠᠯᠢ | ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠪᠠ ᠬᠤᠲᠠ ᠶᠢᠨ ᠲᠥᠷᠢ ᠲᠥᠷᠭᠦ ᠶᠢᠨ | ᠲᠤᠬᠠᠢ ᠨᠠᠷᠢᠨ ᠣᠶᠢᠯᠠᠭᠠᠵᠤ ᠡᠭᠦᠳᠦᠨ ᠪᠠᠶᠢᠭᠤᠯᠤᠯᠳᠠ ᠶᠢᠨ ᠠᠵᠢᠯ ᠤᠨ ᠲᠤᠬᠠᠶ ᠰᠠᠨᠠᠯ ᠬᠤᠷᠢᠶᠠᠪᠠ᠃ | ᠮᠠᠯ ᠠᠵᠤ ᠠᠬᠤᠢ ᠶᠢᠨ ᠲᠣᠪᠴᠢᠶ᠎ᠠ ᠶᠢᠨ ᠭᠤᠳᠤᠮᠵᠢ᠂ ᠪᠠᠶᠠᠨ ᠵᠠᠮ᠂ ᠮᠠᠰᠢᠨ ᠲᠡᠷᠭᠡᠨ ᠥᠷᠲᠡᠭᠡᠨ ᠤ | ᠠᠭᠤᠳᠠᠮ ᠲᠠᠯᠠᠪᠠᠢ ᠵᠡᠷᠭᠡ ᠭᠠᠵᠠᠷ ᠲᠤ ᠵᠤᠤ ᠹᠧᠶ ᠯᠦ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢ | ᠡᠪᠳᠡᠭᠳᠡᠭᠰᠡᠨ ᠵᠠᠮ ᠤᠨ ᠭᠠᠳᠠᠷᠭᠤ᠂ ᠲᠣᠭᠤᠰᠬ᠎ᠠ ᠶᠢ ᠴᠠᠭ ᠲᠤᠬᠠᠶ ᠳᠤᠨᠢ ᠰᠡᠯᠪᠢᠨ ᠵᠠᠰᠠᠵᠤ ᠬᠠᠮᠠᠭᠠᠯᠠᠨ ᠠᠯᠢ | ᠲᠦᠷᠭᠡᠨ ᠢᠶᠠᠷ ᠰᠢᠨᠵᠢᠯᠡᠬᠦ ᠤᠬᠠᠭᠠᠨᠴᠢ ᠪᠠᠷ ᠪᠠᠷᠢᠮᠵᠢᠶ᠎ᠠ ᠱᠤᠭᠤᠮ ᠵᠢᠷᠤᠵᠤ ᠵᠠᠮ ᠤᠨ ᠡᠮᠬᠢ ᠳᠢᠭᠯᠢᠮ ᠤᠨ | ᠬᠠᠮᠢᠶᠠᠷᠤᠯᠲᠠ ᠶᠢ ᠴᠢᠩᠭᠠᠳᠬᠠᠨ ᠲᠡᠷᠭᠡ ᠮᠠᠰᠢᠨ ᠤ ᠵᠤᠭᠰᠤᠭᠠᠯᠲᠠ ᠶᠢ ᠵᠢᠷᠤᠮᠵᠢᠭᠤᠯᠬᠤ ᠬᠡᠷᠡᠭᠲᠡᠶ ᠭᠡᠵᠦ | ᠱᠠᠭᠠᠷᠳᠠᠪᠠ᠃ | ᠬᠢᠨᠠᠨ ᠵᠢᠯᠣᠭᠤᠳᠬᠤ ᠳᠤᠮᠳᠠ ᠵᠤᠤ ᠹᠧᠶ ᠯᠦ ᠰᠠᠭᠤᠭᠠᠯᠢ ᠲᠣᠭᠤᠷᠢᠭ ᠤᠨ ᠠᠰᠠᠷ ᠤᠨ ᠭᠤᠳᠤᠮᠵᠢ ᠳᠤ | ᠳᠤᠷ᠎ᠠ ᠪᠠᠷ ᠢᠶᠠᠨ ᠡᠯᠳᠡᠪ ᠶᠠᠭᠤᠮ᠎ᠠ ᠬᠠᠶᠠᠭᠰᠠᠨ᠂ ᠮᠠᠰᠢᠨ ᠲᠡᠷᠭᠡ ᠲᠥᠷᠢᠮᠵᠢᠯ ᠥᠭᠡᠢ ᠲᠤᠷ᠎ᠠ ᠪᠠᠷ ᠵᠣᠭᠰᠣᠭᠠᠭᠰᠠᠨ | ᠵᠡᠷᠭᠡ ᠠᠰᠠᠭᠤᠳᠠᠯ ᠳᠤ ᠴᠢᠭᠯᠡᠭᠦᠯᠦᠨ ᠲᠠᠭᠠᠭᠠᠴᠢᠯᠠᠨ ᠬᠠᠷᠢᠯᠴᠠᠬᠤ ᠨᠢᠭᠡᠴᠢ ᠪᠣᠯᠤᠨ ᠰᠠᠭᠤᠭᠠᠯᠢ ᠲᠣᠭᠤᠷᠢᠭ ᠤᠨ | ᠬᠠᠷᠢᠭᠤᠴᠠᠯᠭᠠᠲᠠᠨ ᠳᠤ ᠰᠠᠭᠤᠭᠠᠯᠢ ᠠᠷᠠᠳ ᠤᠨ ᠭᠤᠳᠤᠮᠵᠢ ᠨᠢ ᠠᠷᠠᠳ ᠤᠨ ᠶᠠᠪᠤᠵᠤ ᠰᠠᠭᠤᠬᠤ ᠵᠠᠮ ᠪᠣᠯᠬᠤ ᠪᠠᠷ | ᠪᠠᠷᠠᠬᠤ ᠦᠭᠡᠢ ᠨᠠᠩ ᠴᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠵᠠᠮ ᠪᠣᠯᠤᠨ᠎ᠠ᠂ ᠳᠠᠷᠤᠶᠢᠬᠠᠨ ᠵᠣᠬᠢᠶᠠᠨ | ᠪᠠᠶᠢᠭᠤᠯᠵᠦ ᠴᠡᠪᠡᠷᠯᠡᠬᠦ ᠬᠡᠷᠡᠭᠲᠡᠶ ᠭᠡᠵᠤ ᠰᠠᠨᠠᠭᠤᠯᠵᠠᠢ᠃ | ᠵᠤᠤ ᠹᠧᠶ ᠯᠦ ᠬᠢᠨᠠᠨ ᠵᠢᠯᠣᠭᠤᠳᠬᠤ ᠳᠤᠮᠳᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠰᠬᠠᠭᠰᠠᠨ | ᠪᠠᠶᠢᠳᠠᠯ ᠢ ᠨᠢᠭᠡᠳ ᠨᠢᠭᠡ ᠪᠠᠷ ᠠᠯᠪᠠᠯᠠᠵᠤ ᠰᠶᠢᠳᠪᠤᠷᠢᠯᠠᠪᠠ᠃ ᠵᠤᠤ ᠹᠧᠶ ᠯᠦ ᠵᠢᠭᠠᠵᠤ ᠭᠠᠷᠭᠠᠭᠰᠠᠨ ᠨᠢ᠂ ᠪᠥᠭᠦ | ᠤᠯᠤᠰ ᠤᠨ ᠬᠤᠰᠢᠭᠤ ᠰᠢᠶᠠᠨ ᠤ ᠲᠠᠰ ᠤᠨ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠳᠠ ᠪᠣᠯ ᠣᠳᠣᠬᠠᠨ ᠤ | ᠬᠠᠮᠤᠭ ᠤᠨ ᠴᠢᠬᠤᠯᠠ ᠠᠵᠢᠯ ᠪᠣᠯᠤᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠳᠠᠭᠠᠭᠠᠴᠢᠯᠠᠨ | ᠬᠠᠷᠢᠯᠴᠠᠬᠤ ᠨᠢᠭᠡᠴᠢ ᠴᠠᠭ ᠢ ᠠᠮᠵᠢᠨ ᠳᠠᠭᠠᠭᠠᠴᠢᠯᠠᠨ ᠬᠠᠷᠢᠯᠴᠠᠭᠰᠠᠨ ᠲᠤᠭᠤᠷᠢᠭ ᠲᠤ ᠭᠥᠷᠴᠤ ᠣᠷᠣᠰᠢᠵᠤ | ᠪᠠᠶᠢᠭ᠎ᠠ ᠠᠰᠠᠭᠤᠳᠠᠯ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠦ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠪᠣᠯᠪᠠᠰᠤᠨ ᠤᠷᠢᠶ᠎ᠠ ᠯᠤᠽᠥ᠋ᠩ ᠨᠠᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ ᠡᠭᠦᠳᠦᠨ ᠪᠠᠶᠢᠭᠤᠯᠤᠯᠳᠠ ᠶᠢᠨ ᠭᠦᠨ | ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ ᠠᠷᠠᠳ ᠣᠯᠠᠨ ᠤ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ | ᠶᠢᠨ ᠠᠵᠢᠯ ᠤᠨ ᠲᠤᠬᠠᠶ ᠣᠶᠢᠯᠠᠭᠠᠯᠲᠠ ᠶᠢ ᠳᠡᠭᠡᠭᠰᠢᠯᠡᠭᠦᠯᠵᠦ ᠥᠷᠭᠡᠨ ᠣᠯᠠᠨ ᠲᠦᠮᠡᠨ ᠢ ᠡᠭᠦᠳᠤᠨ ᠪᠠᠶᠢᠭᠤᠯᠤᠯᠳᠠ | ᠶᠢᠨ ᠠᠵᠢᠯ ᠳᠤ ᠤᠷᠤᠯᠴᠠᠭᠤᠯᠬᠤ ᠶᠢ ᠲᠠᠶᠢᠴᠢᠯᠠᠨ ᠡᠨᠡ ᠬᠦ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠶᠢ ᠦᠨᠡᠨ | ᠬᠦ ᠳᠡᠭᠡᠭᠰᠢᠯᠡᠭᠦᠯᠵᠦ ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠲᠤ ᠠᠰᠢᠭ ᠬᠦᠷᠲᠡᠭᠡᠬᠦ ᠦᠷ᠎ᠡ | ᠳ᠋ᠦᠩ ᠳᠤ ᠦᠨᠡᠨ ᠬᠦ ᠬᠦᠷᠬᠡᠬᠦ ᠬᠡᠷᠡᠭᠲᠡᠶ ᠭᠡᠵᠡᠢ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠯᠠᠨ ᠲᠢᠶᠠᠨ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠭᠠᠯᠠᠭᠤᠲᠤ | ᠪᠠᠯᠭᠠᠰᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ | ᠪᠠᠶᠢᠴᠠᠭᠠᠪᠠ᠃ |