10 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠬᠠᠶ ᠶᠢᠨ ᠲᠠᠯᠠᠪᠤᠷ ᠤᠨ | ᠰᠤᠳᠤᠯᠤᠨ ᠰᠤᠷᠤᠯᠴᠠᠬᠤ ᠠᠵᠢᠯᠯᠠᠭ᠎ᠠ ᠪᠤᠯᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ | ᠪᠠᠶᠢᠭᠤᠯᠤᠨ ᠥᠷᠨᠢᠭᠦᠯᠥᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ ᠵᠢᠴᠢ ᠪᠦᠬᠦ ᠬᠤᠰᠢᠭᠤᠨ ᠤ ᠭᠡᠷ ᠲᠡᠭᠡᠨ | ᠪᠠᠶᠢᠭ᠎ᠠ ᠰᠢᠶᠠᠨ ᠤ ᠲᠠᠰ ᠤᠨ ᠤᠳᠤᠷᠢᠳᠬᠤ ᠺᠠᠳ᠋ᠷ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃ | | | | | | | ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠤᠨ ᠲᠤᠬᠠᠶ ᠶᠢᠨ ᠲᠠᠯᠠᠪᠤᠷ ᠤᠨ ᠰᠤᠳᠤᠯᠤᠨ ᠰᠤᠷᠤᠯᠴᠠᠬᠤ ᠠᠵᠢᠯᠯᠠᠭ᠎ᠠ ᠪᠤᠯᠤᠨ ᠲᠤᠰᠬᠠᠶ | ᠰᠡᠳᠦᠪᠲᠦ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠦᠬᠦ ᠬᠦᠮᠦᠰ ᠠᠵᠢᠯᠯᠠᠭᠠᠨ ᠤ ᠨᠢᠭᠡᠳᠦᠭᠡᠷ | ᠥᠷᠲᠡᠭᠡ ᠪᠤᠯᠬᠤ ︽ ᠠᠬᠠᠮᠠᠳ ᠲᠣᠰᠬᠤᠨ ᠳᠠᠷᠤᠭ᠎ᠠ ᠶᠢᠨ ᠦᠯᠢᠭᠡᠷ︾ ᠤᠨ ᠲᠤᠬᠠᠢ ᠶᠢᠨ ᠭᠠᠵᠠᠷ ᠲᠤ ᠭᠥᠷᠴᠤ | ᠠᠬᠠᠮᠠᠳ ᠲᠤᠰᠬᠤᠨ ᠲᠠᠷᠤᠭ᠎ᠠ ᠸᠠᠩ ᠸᠧᠨ ᠰᠢᠤ ᠶᠢᠨ ᠭᠢᠴᠢᠶᠠᠯ ᠢ ᠰᠤᠨᠤᠰᠤᠭᠰᠠᠨ ᠪᠠᠶᠢᠨ᠎ᠠ᠃ ᠸᠠᠩ ᠸᠧᠨ ᠰᠢᠤ | ᠥᠪᠡᠷ ᠤᠨ ᠥᠩᠭᠡᠷᠡᠯᠲᠡ᠂ ᠠᠶᠢᠯ ᠲᠣᠰᠬᠤᠨ ᠤ ᠬᠥᠭᠵᠢᠯᠲᠡ ᠬᠤᠪᠢᠷᠠᠯᠲᠠ ᠶᠢᠨ ᠠᠯᠢ ᠣᠯᠠᠨ ᠦᠯᠢᠭᠡᠷ ᠢ | ᠶᠠᠷᠢᠬᠤ ᠪᠠᠷ ᠳᠠᠮᠵᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠥᠪ ᠣᠨᠣᠪᠴᠢᠲᠠᠶ ᠤᠳᠤᠷᠢᠳᠤᠯᠭ᠎ᠠ ᠲᠤᠤᠷ᠎ᠠ | ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠤ ᠪᠦᠬᠦ ᠲᠠᠯ᠎ᠠ ᠶᠢᠨ ᠳᠡᠭᠡᠭᠰᠢᠯᠡᠯᠲᠡ ᠪᠣᠯᠤᠨ ᠮᠠᠯᠵᠢᠬᠤ | ᠲᠠᠷᠢᠶᠠᠯᠠᠬᠤ ᠣᠷᠣᠨ ᠤ ᠲᠦᠷᠢ ᠲᠦᠷᠬᠦ ᠶᠢᠨ ᠯᠤᠲᠤ ᠶᠡᠭᠡ ᠬᠤᠪᠢᠷᠠᠯᠲᠠ ᠶᠢ ᠲᠤᠰᠬᠠᠵᠤ ᠠᠬᠠᠮᠠᠳ ᠨᠢᠭᠡ ᠥᠶ᠎ᠠ | ᠶᠢᠨ ᠡᠪ ᠬᠠᠮᠲᠤ ᠨᠠᠮ ᠤᠨ ᠭᠡᠰᠢᠭᠦᠨ ᠤ ᠰᠢᠷᠭᠠᠭᠤ ᠬᠠᠲᠠᠭᠤᠵᠢᠯᠲᠠᠶ ᠲᠡᠮᠡᠴᠡᠵᠦ ᠨᠢᠭᠡ ᠰᠡᠳᠬᠢᠯ ᠢᠶᠠᠷ ᠠᠷᠠᠳ ᠤᠨ | ᠲᠥᠯᠥᠭᠡ ᠵᠢᠳᠬᠦᠬᠦ ᠬᠤᠪᠢᠰᠬᠠᠯᠲᠤ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠪᠥᠭᠡᠳ ᠥᠷᠭᠡᠨ ᠣᠯᠠᠨ ᠠᠷᠠᠳ | ᠲᠦᠮᠡᠨ ᠤ ︽ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠪᠠᠲᠤ ᠵᠣᠷᠢᠭ ᠰᠠᠨᠠᠭ᠎ᠠ ᠶᠢ | ᠢᠯᠡᠷᠡᠭᠦᠯᠦᠭᠰᠡᠨ ᠪᠠᠶᠢᠨ᠎ᠠ᠃ ᠸᠠᠩ ᠸᠧᠨ ᠰᠢᠤ ᠪᠠᠰᠠ ︽ᠨᠡᠶᠢᠭᠡᠮ ᠵᠢᠷᠤᠮ ᠰᠠᠶᠢᠨ︾ ᠭᠡᠬᠦ ᠲᠠᠭᠤᠤ ᠶᠢ | ᠳᠠᠭᠠᠭᠤᠯᠤᠨ ᠳᠠᠭᠤᠯᠠᠵᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠲᠤᠤᠷ᠎ᠠ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠰᠢᠨ᠎ᠡ | ᠴᠢᠷᠮᠠᠶᠢᠯᠭ᠎ᠠ᠂ ᠰᠢᠨ᠎ᠡ ᠴᠠᠭ ᠣᠢᠶ᠎ᠠ ᠳᠤ ᠵᠢᠳᠭᠦᠯ ᠭᠠᠪᠢᠶ᠎ᠠ ᠭᠠᠷᠭᠠᠬᠤ ᠶᠢ ᠵᠣᠷᠢᠭᠵᠢᠭᠤᠯᠪᠠ᠃ | | | | | | | | | | ᠲᠣᠰᠬᠤᠨ ᠳᠠᠷᠤᠭ᠎ᠠ ᠶᠢᠨ ᠬᠢᠴᠢᠶᠡᠯ ᠢ ᠰᠤᠨᠤᠰᠤᠭᠰᠠᠨ ᠤ ᠳᠠᠷᠠᠭ᠎ᠠ ᠬᠤᠰᠢᠭᠤ ᠨᠠᠮ ᠤᠨ ᠬᠤᠷᠢᠶᠠᠨ ᠤ | ᠱᠦᠵᠢ ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ︽ᠠᠬᠠᠮᠠᠳ ᠲᠣᠰᠬᠤᠨ ᠳᠠᠷᠤᠭ᠎ᠠ︾ ᠸᠠᠩ ᠸᠧᠨ ᠰᠢᠦ | ᠥᠪᠡᠷ ᠤᠨ ᠥᠩᠭᠡᠷᠡᠯᠲᠡ ᠪᠠᠷ ᠢᠶᠠᠨ ᠨᠠᠮ ᠤᠨ ᠭᠡᠰᠢᠭᠦᠨ ᠤ ᠲᠡᠰᠪᠦᠷᠢ ᠬᠠᠲᠠᠭᠤᠵᠢᠯᠲᠠᠶ ᠲᠡᠮᠡᠴᠡᠵᠦ ᠵᠣᠪᠠᠭᠤᠷᠢ | ᠵᠦᠳᠡᠭᠦᠷᠢ ᠶᠢ ᠲᠡᠰᠪᠦᠷᠢᠯᠡᠨ ᠨᠤᠲᠤᠭ ᠤᠰᠤ ᠪᠠᠨ ᠪᠦᠲᠦᠭᠡᠨ ᠪᠠᠶᠢᠭᠤᠯᠬᠤ ᠵᠤᠷᠢᠭ ᠰᠠᠨᠠᠭ᠎ᠠ ᠪᠠ ᠠᠳᠠᠯᠢ ᠪᠤᠰᠤ | ᠲᠠᠤᠭᠡᠨ ᠠᠬᠤᠶ ᠲᠤᠤᠷᠠᠭᠢ ᠥᠥᠰᠢᠨ ᠬᠤᠰᠢᠭᠤᠨ ᠤ ᠬᠥᠭᠵᠢᠯᠲᠡ᠂ ᠨᠠᠮ ᠤᠨ ᠲᠥᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠨᠠᠷᠢᠨ ᠶᠠᠷᠢᠯ᠎ᠠ᠃ ᠣᠯᠠᠨ ᠢᠶᠠᠷ ᠢᠶᠠᠨ ᠰᠤᠳᠤᠯᠤᠨ ᠰᠤᠷᠤᠯᠴᠠᠬᠤ ᠠᠵᠢᠯᠯᠠᠭ᠎ᠠ | ᠥᠷᠨᠢᠭᠦᠯᠬᠦ ᠪᠠᠷ ᠳᠠᠮᠵᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ | ᠪᠣᠯᠤᠨ ᠠᠷᠠᠳ ᠲᠦᠮᠡᠨ ᠢᠶᠠᠷ ᠭᠤᠤᠯ ᠪᠣᠯᠭᠠᠬᠤ ᠤᠶᠢᠯᠠᠭᠠᠭᠳᠠᠬᠤᠨ ᠢ ᠣᠶᠢᠯᠠᠭᠠᠵᠤ ᠲᠡᠰᠪᠦᠷᠢ ᠬᠠᠲᠠᠭᠤᠵᠢᠯᠲᠠᠶ ᠪᠠᠷ | ᠲᠡᠮᠡᠴᠡᠨ ᠥᠪᠡᠷ ᠢ ᠪᠠᠨ ᠰᠢᠨᠡᠴᠢᠯᠡᠬᠦ ᠵᠣᠷᠢᠭ ᠰᠠᠨᠠᠭ᠎ᠠ ᠵᠢᠴᠢ ᠰᠠᠬᠢᠯᠭ᠎ᠠ ᠪᠠᠲᠤ ᠴᠢᠩᠭ᠎ᠠ ᠪᠠᠶᠢᠬᠤ ᠵᠡᠷᠭᠡ ᠠᠯᠢ ᠣᠯᠠᠨ | ᠠᠰᠠᠭᠤᠳᠠᠯ ᠢ ᠣᠶᠢᠯᠠᠭᠠᠵᠤ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ | ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ ᠭᠤᠤᠯ | ᠰᠡᠳᠦᠪᠲᠦ ᠬᠥᠮᠦᠵᠢᠯ ᠢ ᠠᠭᠢᠭᠤᠯᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠵᠡᠢ᠃ | ᠰᠢᠶᠠᠨ ᠤ ᠲᠠᠰ ᠤᠨ ᠪᠦᠬᠦ ᠤᠳᠤᠷᠢᠳᠤᠯᠭ᠎ᠠ ᠨᠠᠷ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ | ᠡᠷᠭᠢᠴᠠᠭᠦᠯᠪᠡ᠃ | | | | | | | ᠳᠠᠷᠠᠭ᠎ᠠ ᠨᠢ᠂ ᠤᠯᠠᠭᠠᠠᠳᠤᠯᠤᠭᠠᠢ ᠪᠠᠯᠭᠠᠰᠤᠨ ᠤ ᠪᠠᠶᠠᠠᠭᠤᠤᠯ ᠭᠠᠴᠠᠭᠠᠨ ᠤ ︽ᠪᠢ ᠡᠬᠡ ᠤᠯᠤᠰ ᠲᠠᠢ ᠪᠠᠨ︾ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠦᠵᠡᠭᠦᠯᠣᠯᠬᠡ ᠶᠢᠨ ᠲᠢᠩᠬᠢᠮ᠂ ᠮᠠᠯᠵᠢᠬᠤ | ᠳ᠋ᠠᠵᠠᠶ ᠶᠢᠨ ᠮᠦᠽᠧᠶ ᠪᠣᠯᠤᠨ ᠥᠥᠰᠢᠨᠵᠤᠤ ᠪᠠᠯᠭᠠᠰᠤᠨ ᠤ ᠥᠥᠰᠢᠨᠵᠤᠤ ᠭᠠᠴᠠᠭ᠎ᠠ ᠶᠢᠨ ᠠᠮᠢ ᠠᠬᠤᠢ ᠶᠢᠨ | ᠪᠣᠯᠪᠠᠰᠤᠨ ᠤ ᠠᠭᠤᠳᠠᠮ ᠲᠠᠯᠠᠪᠠᠢ ᠳᠤ ᠬᠦᠷᠴᠦ ᠰᠤᠳᠤᠯᠤᠨ ᠰᠤᠷᠤᠯᠴᠠᠪᠠ᠃ ︽ᠪᠢ ᠡᠬᠡ ᠤᠯᠤᠰ ᠲᠠᠢ ᠪᠠᠨ︾ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠦᠵᠡᠭᠦᠯᠦᠯᠭᠡ ᠶᠢᠨ ᠲᠢᠩᠬᠢᠮ ᠳᠤ | ᠲᠡᠯᠭᠡᠨ ᠥᠵᠡᠭᠦᠯᠥᠭᠰᠠᠨ ᠭᠡᠷᠡᠯ ᠵᠢᠷᠤᠭ ᠂ ᠬᠠᠭᠤᠴᠢᠨ ᠪᠤᠳᠠᠰ ᠨᠢ ᠮᠠᠨ ᠤ ᠬᠤᠰᠢᠭᠤᠨ ᠤ 70 ᠵᠢᠯ ᠤᠨ ᠲᠤᠷᠰᠢᠬᠢ | ᠤᠯᠤᠰ ᠲᠥᠷᠥ᠂ ᠠᠮᠢ ᠠᠬᠤᠶ᠂ ᠰᠣᠶᠣᠯ᠂ ᠨᠡᠶᠢᠭᠡᠮ ᠤᠨ ᠡᠯ᠎ᠡ ᠲᠠᠯ᠎ᠠ ᠶᠢᠨ ᠬᠤᠪᠢᠷᠠᠯᠲᠠ ᠪᠠ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠲᠤᠤᠷ᠎ᠠ ᠪᠦᠯᠬᠦᠮᠳᠡᠨ ᠨᠢᠭᠡᠳᠴᠦ ᠰᠢᠷᠭᠠᠭᠤ ᠬᠠᠲᠠᠭᠤᠵᠢᠯᠲᠠᠶ ᠲᠡᠮᠡᠴᠡᠭᠰᠡᠨ ᠠᠮᠢᠳᠤᠯᠢᠭ ᠦᠢᠯᠡᠳᠦᠯᠬᠡ ᠶᠢ | ᠢᠯᠠᠷᠠᠭᠦᠯᠵᠠᠢ᠃ ᠣᠯᠠᠨ ᠢᠶᠠᠷ ᠢᠶᠠᠨ ᠬᠤᠪᠢᠷᠠᠯᠲᠠ ᠶᠢ ᠮᠡᠳᠡᠷᠡᠵᠦ ᠬᠥᠭᠵᠢᠯᠲᠡ ᠶᠢ ᠶᠠᠷᠢᠯᠴᠠᠨ ᠲᠠᠤᠭᠡ ᠶᠢᠨ | ᠬᠤᠪᠢᠰᠤᠯᠲᠠ ᠶᠢᠨ ᠳᠤᠮᠳᠠ ᠤᠭ ᠰᠠᠨᠠᠭ᠎ᠠ ᠪᠠᠨ ᠡᠷᠢᠯᠬᠢᠯᠡᠵᠦ ᠬᠥᠭᠵᠢᠯᠲᠡ ᠶᠢᠨ ᠵᠠᠮ ᠳᠡᠭᠡᠷ᠎ᠡ ᠡᠭᠦᠷᠭᠡ | ᠬᠠᠷᠢᠭᠤᠴᠠᠯᠭ᠎ᠠ ᠪᠠᠨ ᠪᠠᠳᠤᠳᠬᠠᠭᠰᠠᠨ ᠪᠠᠶᠢᠨ᠎ᠠ᠃ | ︽ᠮᠠᠯᠵᠢᠬᠤ ᠳ᠋ᠠᠵᠠᠶ︾ ᠶᠢᠨ ᠮᠦᠽᠧᠶ ᠨᠢ ᠠᠳᠠᠯᠢ ᠪᠤᠰᠤ ᠬᠠᠷᠠᠭᠠᠰᠤ ᠠᠴᠠ ᠮᠠᠯᠵᠢᠬᠤ ᠳ᠋ᠠᠵᠠᠶ ᠶᠢᠨ ᠵᠣᠷᠢᠭ | ᠰᠠᠨᠠᠭᠠᠨ ᠤ ᠲᠠᠤᠭᠡ ᠶᠢᠨ ᠤᠯᠠᠷᠢᠯ ᠬᠤᠪᠢᠰᠤᠯ ᠢ ᠪᠦᠬᠦ ᠲᠠᠯ᠎ᠠ ᠪᠠᠷ ᠰᠢᠰᠲ᠋ᠧᠮ ᠲᠠᠢ ᠢᠯᠡᠷᠡᠭᠦᠯᠵᠦ ᠪᠤᠷᠤᠯᠳᠠᠢ ᠪᠠᠷ | ᠲᠥᠯᠥᠭᠡᠯᠡᠭᠦᠯᠦᠭᠰᠡᠨ ᠥᠥᠰᠢᠨᠵᠤᠤ ᠶᠢᠨ ᠬᠥᠮᠦᠨ ᠤ ᠥᠥᠰᠢᠨ ᠬᠤᠰᠢᠭᠤᠨ ᠤ ᠬᠥᠭᠵᠢᠯᠲᠡ ᠳᠤ ᠭᠠᠷᠭᠠᠭᠰᠠᠨ ᠯᠤᠲᠤ | ᠶᠡᠭᠡ ᠬᠤᠪᠢ ᠨᠡᠮᠡᠷᠢ ᠵᠢᠴᠢ ᠥᠥᠰᠢᠨᠵᠤᠤ ᠶᠢᠨ ᠭᠥᠮᠤᠨ ᠤ ᠪᠠᠷᠢᠮᠳᠠᠯᠠᠭᠰᠠᠭᠠᠷ ᠢᠷᠡᠭᠰᠡᠨ ᠪᠣᠬᠢᠷᠲᠤᠯ ᠥᠬᠡᠶ | ᠣᠶᠢᠯᠠᠭᠠᠭᠳᠠᠬᠤᠨ᠂ ᠪᠣᠬᠢᠷᠲᠤᠯ ᠥᠬᠡᠶ ᠬᠠᠶᠢᠷ᠎ᠠ ᠰᠡᠳᠬᠢᠯᠭᠡ ᠶᠢ ᠭᠥᠢᠴᠠᠳ ᠢᠯᠠᠷᠠᠭᠦᠯᠵᠠᠢ᠃ ᠣᠯᠠᠨ ᠢᠶᠠᠷ ᠢᠶᠠᠨ | ᠵᠢᠷᠤᠭ ᠮᠠᠲ᠋ᠧᠷᠢᠶᠠᠯ ᠢ ᠰᠣᠨᠢᠷᠬᠠᠨ ᠥᠵᠠᠭᠦ ᠪᠠᠷ ᠲᠠᠮᠵᠢᠨ ᠪᠤᠷᠤᠯᠳᠠᠢ ᠶᠢᠨ ᠨᠢᠭᠡ ᠥᠶ᠎ᠠ ᠶᠢᠨ ᠬᠢᠨ ᠤ | ᠥᠢᠯᠠᠳᠪᠤᠷᠢᠯᠠᠯ ᠠᠮᠢᠳᠤᠷᠠᠯ ᠪᠠ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠨᠤᠭᠤᠷᠠᠰᠢ | ᠦᠭᠡᠢ ᠵᠣᠷᠢᠭ ᠰᠠᠨᠠᠭ᠎ᠠ ᠶᠢ ᠤᠶᠢᠯᠠᠭᠠᠨ ᠠᠬᠠᠮᠠᠳ ᠦᠶ᠎ᠡ ᠶᠢᠨ ᠬᠢᠨ ᠤ ᠡᠯᠡᠰᠦ ᠶᠢ ᠵᠠᠰᠠᠭᠰᠠᠨ ᠦᠯᠢᠭᠡᠷ ᠢ | ᠰᠣᠨᠣᠰᠴᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ︽ᠪᠣᠬᠢᠷᠲᠤᠯ ᠦᠭᠡᠢ ᠬᠥᠭᠵᠢᠯᠲᠡ︾ ᠶᠢᠨ ᠲᠤᠬᠠᠶ | ᠨᠠᠩ ᠭᠦᠨᠵᠡᠭᠡᠶ ᠤᠶᠢᠯᠠᠭᠠᠯᠲᠠ ᠲᠠᠢ ᠪᠤᠯᠵᠠᠢ᠃ | | | | | | | ᠥᠥᠰᠢᠨᠵᠤᠤ ᠪᠠᠯᠭᠠᠰᠤᠨ ᠤ ᠥᠥᠰᠢᠨᠵᠤᠤ ᠭᠠᠴᠠᠭᠠᠨ ᠤ ᠠᠮᠢ ᠠᠬᠤᠢ ᠶᠢᠨ ᠪᠣᠯᠪᠠᠰᠤᠨ ᠤ ᠠᠭᠤᠳᠠᠮ | ᠲᠠᠯᠠᠪᠠᠢ ᠳᠤ ᠣᠯᠠᠨ ᠢᠶᠠᠷ ᠢᠶᠠᠨ ᠥᠥᠰᠢᠨᠵᠤᠤ ᠪᠠᠯᠭᠠᠰᠤ ᠪᠣᠯᠤᠨ ᠥᠥᠰᠢᠨᠵᠤᠤ ᠭᠠᠴᠠᠭ᠎ᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠬᠡ᠂ ᠰᠡᠳᠬᠢᠴᠡ᠂ ᠠᠷᠭ᠎ᠠ | ᠪᠠᠷᠢᠯ ᠵᠢᠴᠢ ᠪᠠᠯᠭᠠᠰᠤ ᠲᠣᠰᠬᠤᠨ ᠬᠤᠶᠠᠷ ᠱᠠᠲᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ︽ᠮᠠᠯᠵᠢᠬᠤ ᠳ᠋ᠠᠵᠠᠶ ᠶᠢᠨ | ᠵᠣᠷᠢᠭ ᠰᠠᠨᠠᠭ᠎ᠠ︾ ᠶᠢ ᠤᠯᠠᠮᠵᠢᠯᠠᠨ ᠪᠠᠳᠠᠷᠠᠭᠤᠯᠬᠤ ᠶᠢ ᠬᠡᠷᠬᠢᠨ ᠴᠢᠩᠭᠠᠳᠬᠠᠬᠤ ᠲᠤᠬᠠᠶ ᠰᠡᠳᠬᠢᠴᠡ ᠠᠷᠭ᠎ᠠ | ᠬᠡᠮᠵᠢᠶ᠎ᠡ ᠶᠢ ᠰᠣᠨᠣᠰᠪᠠ᠃ ᠲᠠᠷᠠᠭ᠎ᠠ ᠨᠢ ᠣᠯᠠᠨ ᠢᠶᠠᠷ ᠢᠶᠠᠨ ᠨᠤᠮᠢᠨ ᠲᠠᠩᠰᠤᠭ ᠬᠥᠭᠵᠢᠨ ᠮᠠᠨᠳᠤᠯᠳᠠ ᠶᠢᠨ | ᠰᠣᠶᠣᠯ ᠤᠨ ᠭᠤᠳᠤᠮ᠂ ᠬᠥᠳᠡᠭᠡ ᠲᠣᠰᠬᠤᠨ ᠤ ᠭᠥᠭᠵᠢᠯᠳᠠ ᠬᠤᠪᠢᠷᠠᠯᠳᠠ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠣᠶᠣᠯ ᠤᠨ ᠭᠤᠳᠤᠮ ᠤᠨ ᠬᠠᠮᠢᠶ᠎ᠠ ᠪᠦᠬᠦᠢ ᠲᠠᠨᠢᠯᠴᠠᠭᠤᠯᠭ᠎ᠠ ᠶᠢ ᠰᠣᠨᠣᠰᠪᠠ᠃ | | | | | | | | | | ᠠᠵᠢᠯᠯᠠᠭ᠎ᠠ ᠶᠢᠨ ᠳᠠᠷᠠᠭ᠎ᠠ᠂ ᠥᠥᠰᠢᠨᠵᠤᠤ ᠭᠠᠴᠠᠭᠠᠨ ᠳᠤ ᠬᠤᠰᠢᠭᠤ ᠨᠠᠮ ᠤᠨ ᠬᠤᠷᠢᠶᠠᠨ ᠤ ︽ᠤᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠲᠡᠭᠡᠷ᠎ᠡ᠂ | ᠬᠤᠳᠠ ᠶᠢᠨ ᠨᠠᠮ ᠤᠨ ᠰᠤᠷᠭᠠᠭᠤᠯᠢ ᠪᠤᠯᠤᠨ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠠᠴᠠ ᠲᠤᠰ ᠲᠤᠰ | ᠲᠤᠰᠬᠠᠢ ᠰᠠᠳᠤᠪᠳᠤ ᠭᠥᠮᠤᠵᠢᠯ ᠪᠠ ᠲᠤᠰᠬᠠᠶ ᠰᠡᠳᠦᠪᠲᠦ ᠲᠠᠶᠢᠯᠤᠮᠵᠢ ᠶᠢᠨ ᠭᠢᠴᠢᠶᠠᠯᠯᠡᠭᠡ ᠭᠢᠪᠠ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ | ᠵᠤᠤ ᠶᠦᠩ ᠹᠧᠩ᠂ ᠬᠤᠰᠢᠭᠤ ᠳᠡᠳ᠋ ᠳᠠᠷᠤᠭ᠎ᠠ ᠵᠸᠤ ᠱᠤᠸᠠᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠯᠧᠢ · ᠬᠠᠰ ᠨᠠᠷ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠣᠭᠤᠷᠢᠨ ᠳᠤ | ᠲᠣᠰ ᠲᠣᠰ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃ | ᠡᠷᠳᠡᠨᠢᠪᠢᠯᠢᠭ ᠴᠢᠬᠤᠯᠠᠴᠢᠯᠠᠭᠰᠠᠨ ᠨᠢ᠂ ᠭᠤᠤᠯ ᠰᠡᠳᠦᠪᠲᠦ ᠬᠥᠮᠦᠵᠢᠯ ᠤᠨ ᠠᠵᠢᠯ ᠢ ᠤᠯᠠᠮ | ᠭᠦᠨᠵᠡᠭᠡᠶᠢᠷᠡᠭᠦᠯᠵᠦ ᠵᠢᠱᠢᠶ᠎ᠡ ᠦᠵᠡᠭᠦᠯᠦᠨ ᠵᠢᠯᠣᠭᠤᠳᠬᠤ ᠪᠠ ᠱᠠᠯᠠᠪᠳᠠᠭᠤᠯᠤᠨ ᠪᠠᠶᠢᠴᠠᠭᠠᠬᠤ ᠠᠵᠢᠯ ᠢ | ᠴᠢᠩᠭᠠᠳᠬᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠠᠯᠢ | ᠲᠦᠷᠭᠡᠨ ᠢᠶᠠᠷ ᠪᠣᠳᠠᠲᠠᠶ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠶ᠃ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠨ ᠭᠤᠤᠯ ᠰᠡᠳᠦᠪᠲᠦ | ᠬᠥᠮᠦᠵᠢᠯ ᠢ ᠥᠷᠨᠢᠭᠦᠯᠬᠦ ᠶᠢ ᠡᠯ᠎ᠡ ᠲᠥᠷᠤᠯ ᠤᠨ ᠭᠤᠤᠯᠳᠠᠯᠭ᠎ᠠ ᠲᠠᠢ ᠠᠵᠢᠯ ᠢ ᠠᠭᠢᠭᠤᠯᠬᠤ ᠲᠠᠢ ᠨᠢᠭᠲᠠ | ᠤᠶᠠᠯᠳᠤᠭᠤᠯᠵᠤ ᠦᠨᠡᠨ ᠠᠴᠠ ᠵᠥᠪ ᠢ ᠡᠷᠢᠬᠦ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ | ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ | ᠵᠢᠯ ᠤᠨ ᠡᠬᠢᠨ ᠳᠤ ᠠᠮᠠᠯᠠᠭᠰᠠᠨ ᠡᠯ᠎ᠡ ᠲᠥᠷᠤᠯ ᠤᠨ ᠡᠭᠦᠷᠭᠡ ᠶᠢ ᠨᠠᠷᠢᠨ ᠬᠢᠨᠠᠮᠠᠭᠠᠶ ᠪᠠᠶᠢᠴᠠᠭᠠᠨ ᠪᠦᠷᠢᠳᠬᠡᠵᠦ | ᠠᠮᠵᠢᠯᠳᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠪᠦᠯᠬᠦᠮᠳᠡᠨ ᠲᠡᠮᠡᠴᠡᠬᠦ ᠬᠠᠮᠲᠤᠷᠠᠯ ᠬᠦᠴᠦᠨ ᠢ | ᠨᠢᠭᠳᠠᠷᠠᠭᠤᠯᠵᠦ ᠤᠯᠤᠰ ᠲᠥᠷᠥ ᠂ ᠪᠦᠯᠬᠦᠮᠳᠡᠯ ᠂ ᠶᠡᠭᠡ ᠲᠠᠯ᠎ᠠ ᠶᠢ ᠡᠷᠬᠢᠮᠯᠡᠬᠦ ᠶᠢ ᠪᠠᠷᠢᠮᠳᠠᠯᠠᠨ ᠤᠯᠤᠰ ᠲᠥᠷᠦ ᠶᠢᠨ | ᠰᠠᠬᠢᠯᠭ᠎ᠠ ᠪᠠᠲᠤ ᠶᠣᠰᠣ ᠳᠦᠷᠢᠮ ᠢ ᠵᠢᠷᠤᠮᠯᠠᠨ ︽ᠳᠥᠷᠪᠡᠨ ᠤᠬᠠᠮᠰᠠᠷ︾ ᠢ ᠲᠡᠭᠡᠭᠰᠢᠯᠠᠭᠦᠯᠵᠤ ︽ᠳᠥᠷᠪᠡᠨ | ᠢᠲᠡᠭᠡᠯ︾ ᠢᠶᠠᠨ ᠪᠠᠳᠤᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠡᠭᠦᠷᠢᠳᠡ ᠬᠤᠪᠢᠷᠠᠰᠢ ᠦᠭᠡᠢ ᠣᠶᠤᠨ ᠰᠠᠨᠠᠭᠠᠨ ᠤ ᠪᠠᠶᠢᠳᠠᠯ ᠪᠣᠯᠤᠨ ᠡᠷᠡᠰ ᠪᠠᠲᠤ ᠲᠡᠮᠡᠴᠡᠯ ᠤᠨ | ᠪᠠᠶᠢᠳᠠᠯ ᠢᠶᠠᠷ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ | ᠪᠡᠶᠡᠯᠡᠭᠦᠯᠬᠦ︾ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠡᠢ᠃ |