2019 ᠣᠨ ᠤ ᠬᠤᠷᠠᠬᠤ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶᠠᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-18
     ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ 10 ᠰᠠᠷ᠎ᠠ ᠶᠢᠨ 12 ᠤᠨ ᠡᠳᠦᠷ᠂ 2019 ᠤᠨ ᠤ ᠬᠤᠷᠠᠬᠤ ᠨᠡᠶᠢᠬᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶᠠᠨ ᠤ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠵᠤ ᠨᠡᠶᠢᠬᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶᠠᠨ ᠤ ᠬᠠᠮᠲᠤ ᠪᠠᠷ ᠪᠠᠶᠢᠭᠤᠯᠬᠤ ᠨᠢᠭᠡᠴᠢ ᠶᠢᠨ ᠬᠠᠷᠢᠭᠤᠴᠠᠯᠭᠠᠲᠠᠨ ᠪᠠ ᠨᠡᠶᠢᠬᠡᠮ ᠲᠣᠭᠤᠷᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠬᠤᠰᠢᠭᠤ ᠤᠶᠤᠨ ᠤ ᠪᠣᠯᠪᠠᠰᠤᠨ ᠤ ᠠᠯᠪᠠᠨ ᠭᠡᠷ ᠤᠨ ᠬᠠᠷᠢᠭᠤᠴᠠᠯᠭᠠᠲᠠᠨ ᠠᠴᠠ ᠪᠥᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠬᠡᠮᠵᠢᠨ ᠲᠣᠭᠲᠠᠭᠠᠯᠲᠠ ᠶᠢᠨ ᠲᠣᠭᠲᠠᠯᠴᠠᠭ᠎ᠠ ᠵᠢᠴᠢ ᠨᠢᠭᠡᠳᠦᠯᠲᠡᠢ ᠪᠠᠷ ᠪᠤᠭᠤᠮᠳᠠ ᠰᠢᠪᠳᠤᠯᠬᠤ ᠪᠤᠲᠠᠲᠠᠢ ᠶᠠᠪᠤᠳᠠᠯ ᠳᠤ ᠨᠠᠷᠢᠨ ᠲᠤᠲᠤᠷᠬᠠᠢ ᠲᠠᠶᠢᠯᠪᠤᠷᠢᠯᠠᠯᠳᠠ ᠪᠠ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ᠬᠤᠷᠠᠯ ᠠᠴᠠ ᠵᠢᠭᠠᠬᠤ ᠳᠠᠭᠠᠨ᠂ 2019 ᠣᠨ ᠤ ᠪᠥᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠤᠨ ᠪᠠᠶᠢᠭᠤᠯᠬᠤ ᠬᠡᠮᠵᠢᠨ ᠲᠣᠭᠲᠠᠭᠠᠯᠲᠠ ᠶᠢᠨ ᠠᠵᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠬᠠᠮᠤᠭ ᠡᠴᠦᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠮᠠᠨ ᠤ ᠬᠤᠰᠢᠭᠤ ᠨᠢᠭᠡᠳᠦᠯᠲᠡᠢ ᠪᠠᠷ ᠪᠤᠭᠤᠮᠳᠠ ᠰᠢᠪᠳᠤᠯᠬᠤ ᠠᠵᠢᠯᠯᠠᠭ᠎ᠠ ᠥᠷᠨᠢᠭᠦᠯᠵᠤ ᠬᠤᠰᠢᠭᠤ ᠰᠢᠶᠠᠨ ᠤ ᠳᠡᠰ ᠤᠨ ᠤᠳᠤᠷᠢᠳᠤᠯᠭ᠎ᠠ ᠪᠠᠷ ᠲᠤᠯᠤᠭᠠᠶᠢᠯᠠᠭᠤᠯᠤᠨ ᠡᠯ᠎ᠡ ᠪᠠᠶᠢᠭᠤᠯᠭ᠎ᠠ ᠡᠯ᠎ᠡ ᠰᠠᠯᠠᠭ᠎ᠠ ᠮᠥᠴᠢᠷ ᠬᠠᠮᠲᠤᠷᠠᠨ ᠳᠠᠭᠠᠭᠠᠴᠢᠯᠠᠨ ᠬᠠᠷᠢᠯᠴᠠᠬᠤ ᠬᠡᠰᠡᠭ ᠤᠨ ᠪᠣᠯᠪᠠᠰᠤᠨ ᠬᠤᠲᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠳᠤ ᠨᠠᠷᠢᠯᠢᠭ ᠪᠠᠶᠢᠴᠠᠭᠠᠨ ᠴᠡᠭᠴᠡᠯᠠᠯᠳᠠ ᠬᠢᠵᠦ ᠪᠦᠬᠦᠶᠢᠯᠡ ᠨᠠᠮ ᠤᠨ ᠬᠡᠰᠢᠭᠦᠨ ᠺᠠᠳ᠋ᠷ ᠰᠠᠭᠤᠭᠠᠯᠢ ᠠᠷᠠᠳ ᠢ ᠳᠠᠶᠢᠴᠢᠯᠠᠵᠤ ᠬᠠᠮᠲᠤ ᠪᠠᠷ ᠬᠥᠳᠡᠯᠦᠯᠴᠡᠨ ᠡᠯ᠎ᠡ ᠲᠥᠷᠥᠯ ᠤᠨ ᠣᠷᠣᠰᠢᠵᠤ ᠪᠠᠶᠢᠭ᠎ᠠ ᠠᠰᠠᠭᠤᠳᠠᠯ ᠢ ᠴᠠᠭ ᠳᠠᠷᠤᠢ ᠳᠤ ᠨᠢ ᠰᠢᠢᠳᠪᠦᠷᠢᠯᠡᠵᠦ ᠬᠡᠮᠵᠢᠨ ᠲᠣᠭᠲᠠᠭᠠᠯᠲᠠ ᠶᠢᠨ ᠡᠯ᠎ᠡ ᠲᠥᠷᠥᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠨ ᠬᠢᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠤᠯᠤᠰ ᠤᠨ ᠬᠤᠰᠢᠭᠤ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠤᠨ ᠪᠠᠶᠢᠭᠤᠯᠬᠤ ᠪᠣᠯ ᠣᠳᠣᠬᠠᠨ ᠤ ᠨᠢᠭᠡᠨ ᠴᠢᠬᠤᠯᠠ ᠮᠥᠷᠲᠡᠭᠡᠨ ᠪᠠᠴᠢᠮ ᠤᠯᠤᠰ ᠲᠦᠷᠤ ᠶᠢᠨ ᠡᠭᠦᠷᠭᠡ ᠪᠤᠯᠤᠨ᠎ᠠ᠃ ᠡᠷᠬᠡᠪᠰᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠠᠵᠢᠯ ᠤᠨ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠤᠨ ᠥᠨᠠᠨ ᠢ ᠡᠷᠭᠢᠮᠯᠠᠨ ᠪᠤᠳᠠᠳᠠᠢ ᠠᠵᠢᠯᠯᠠᠬᠤ ᠠᠵᠢᠯ ᠤᠨ ᠬᠡᠪ ᠰᠤᠷᠲᠠᠯ ᠢ ᠪᠠᠷᠢᠮᠲᠠᠯᠠᠵᠤ ᠬᠠᠮᠤᠭ ᠬᠤᠷᠳᠤᠨ ᠢᠶᠠᠷ ᠬᠠᠮᠤᠭ ᠦᠨᠳᠦᠷ ᠴᠢᠨᠠᠷ ᠴᠢᠨᠰᠠᠭ᠎ᠠ ᠲᠠᠢ ᠪᠠᠷ ᠪᠤᠯᠪᠠᠰᠤᠨ ᠬᠤᠲᠠ ᠶᠢ ᠡᠭᠦᠳᠤᠨ ᠪᠠᠶᠢᠭᠤᠯᠬᠤ ᠡᠯ᠎ᠡ ᠲᠥᠷᠥᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠡᠷᠬᠡᠪᠰᠢ ᠤᠬᠠᠭᠤᠯᠭ᠎ᠠ ᠶᠢᠨ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠨ ᠪᠣᠯᠪᠠᠰᠣᠨ ᠬᠤᠲᠠ ᠶᠢ ᠡᠭᠦᠳᠤᠨ ᠪᠠᠶᠢᠭᠤᠯᠬᠤ ᠠᠵᠢᠯ ᠳᠤ ᠪᠥᠬᠦ ᠠᠷᠠᠳ ᠢᠶᠠᠷ ᠢᠶᠠᠨ ᠬᠠᠮᠲᠤ ᠪᠠᠷ ᠤᠷᠤᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠥᠷᠢᠯᠳᠤᠭᠦᠯᠤᠨ ᠡᠭᠦᠳᠤᠨ ᠪᠠᠶᠢᠭᠤᠯᠤᠯᠳᠠ ᠶᠢᠨ ᠠᠵᠢᠯ ᠢ ᠬᠠᠮᠳᠤᠪᠠᠷ ᠠᠭᠢᠭᠤᠯᠵᠤ ᠪᠤᠭᠤᠮᠳᠠ ᠰᠢᠪᠳᠤᠯᠬᠤ ᠠᠵᠢᠯᠯᠠᠭᠠᠨ ᠤ ᠪᠤᠲᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号