ᠪᠦᠬᠦ ᠬᠤᠰᠢᠭᠤᠨ ᠤ ᠨᠠᠰᠤᠲᠠᠶᠢᠴᠤᠳ ᠤᠨ ᠠᠵᠢᠯ ᠵᠢᠴᠢ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠭ᠎ᠠ ᠶᠢᠨ ᠤᠷᠤᠯᠳᠤᠭᠠᠨ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-18
     10 ᠰᠠᠷ᠎ᠠ ᠶᠢᠨ 14 ᠤ ᠡᠳᠦᠷ᠂ ᠪᠦᠬᠦ ᠬᠤᠰᠢᠭᠤᠨ ᠤ ᠨᠠᠰᠤᠲᠠᠶᠢᠴᠤᠳ ᠤᠨ ᠠᠵᠢᠯ ᠵᠢᠴᠢ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠭ᠎ᠠ ᠶᠢᠨ ᠤᠷᠤᠯᠳᠤᠭᠠᠨ ᠤ ᠱᠠᠩᠨᠠᠨ ᠬᠥᠬᠢᠭᠦᠯᠬᠦ ᠶᠡᠭᠡ ᠬᠤᠷᠠᠯ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠳᠤ ᠶᠠᠪᠤᠭᠳᠠᠭᠰᠠᠨ ᠪᠠᠶᠢᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠬᠤᠰᠢᠭᠤ ᠳᠡᠳ᠋ ᠳᠠᠷᠤᠭ᠎ᠠ ᠯᠢᠦ ᠵᠧᠩ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤ ᠨᠠᠰᠤᠲᠠᠶᠢᠴᠤᠳ ᠤᠨ ᠵᠥᠪᠯᠡᠯ ᠪᠣᠯᠤᠨ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠭ᠎ᠠ ᠶᠢᠨ ᠤᠷᠤᠯᠳᠤᠭᠠᠨ ᠤ ᠵᠥᠪᠯᠡᠯ ᠤᠨ ᠪᠦᠷᠢᠯᠳᠦᠬᠦᠨ ᠨᠢᠭᠡᠴᠢ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠢᠭᠤᠯᠭ᠎ᠠ ᠨᠢᠭᠡᠴᠢ᠂ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠭ᠎ᠠ ᠶᠢᠨ ᠤᠷᠤᠯᠳᠤᠭᠠᠨ ᠤ ᠳᠠᠭᠠᠭᠤᠯᠤᠭᠴᠢ ᠵᠢᠴᠢ ᠬᠥᠬᠢᠭᠦᠯᠦᠯ ᠬᠦᠷᠲᠡᠭᠰᠡᠨ ᠲᠡᠷᠢᠭᠦᠨ ᠤ ᠬᠤᠪᠢ ᠬᠥᠮᠦᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠪᠥᠬᠦ ᠬᠤᠰᠢᠭᠤᠨ ᠤ ︽ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠲᠤᠰᠠᠯᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ᠂ ᠦᠳᠡᠯᠦᠬᠡ ᠨᠠᠰᠤᠨ ᠳᠠᠭᠠᠨ ᠦᠢᠯᠡᠰ ᠤᠨ ᠲᠦᠷᠦᠬᠡ ᠵᠢᠬᠢᠭᠰᠡᠨ ᠲᠡᠷᠢᠭᠦᠨ ᠤ ᠬᠠᠮᠲᠤ ᠨᠡᠶᠢᠲᠡ︾᠂ ᠪᠥᠬᠦ ᠬᠤᠰᠢᠭᠤᠨ ᠤ ︽ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠦᠳᠡᠯᠦᠬᠡ ᠨᠠᠰᠤᠨ ᠳᠠᠭᠠᠨ ᠦᠢᠯᠡᠰ ᠤᠨ ᠲᠦᠷᠦᠬᠡ ᠵᠢᠬᠢᠭᠰᠡᠨ ᠲᠡᠷᠢᠭᠦᠨ ᠤ ᠬᠤᠪᠢ ᠬᠥᠮᠦᠨ︾᠂ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠭ᠎ᠠ ᠶᠢᠨ ᠤᠷᠤᠯᠳᠤᠭᠠᠨ ᠤ ᠱᠠᠩᠨᠠᠯ ᠬᠦᠷᠲᠡᠭᠰᠡᠨ ᠪᠦᠯᠬᠦᠮ ᠨᠡᠶᠢᠲᠡ ᠪᠠ ᠬᠤᠪᠢ ᠬᠥᠮᠦᠨ ᠢ ᠬᠥᠬᠢᠭᠦᠯᠦᠨ ᠱᠠᠩᠨᠠᠵᠠᠶ᠃      ᠲᠣᠰ ᠤᠳᠠᠭᠠᠨ ᠤ ︽ᠲᠦᠮᠡᠨ ᠠᠯᠬᠤᠮ ᠢ ᠪᠠᠷᠢᠮᠲᠠᠯᠠᠬᠤ︾ ᠡᠷᠡᠭᠦᠯᠵᠢᠯ ᠠᠯᠬᠤᠭ᠎ᠠ ᠶᠢᠨ ᠤᠷᠤᠯᠳᠤᠭᠠᠨ ᠳᠤ ᠪᠥᠬᠦ ᠬᠤᠰᠢᠭᠤᠨ ᠤ 61 ᠪᠦᠯᠬᠦᠮ ᠤᠨ 882 ᠭᠡᠰᠢᠭᠦᠨ ᠣᠷᠣᠯᠴᠠᠵᠤ ᠥᠪᠡᠷᠲᠡᠭᠡᠨ ᠵᠠᠰᠠᠬᠤ ᠣᠷᠣᠨ ᠤ ᠡᠯ᠎ᠡ ᠬᠤᠰᠢᠭᠤ ︵ᠰᠢᠶᠠᠨ᠂ ᠲᠣᠭᠤᠷᠢᠭ︶ ᠶᠢᠨ ᠲᠡᠷᠢᠭᠦᠨ ᠳᠤ ᠣᠷᠣᠵᠤ ᠪᠥᠬᠦ ᠣᠷᠣᠨ ᠤ ᠡᠷᠡᠭᠦᠯᠵᠢᠯ ᠠᠯᠬᠤᠭ᠎ᠠ ᠶᠢᠨ ᠤᠷᠤᠯᠳᠤᠭᠠᠨ ᠤ ᠭᠤᠷᠪᠠᠳᠤᠭᠠᠷ ᠲᠤ ᠣᠷᠤᠨ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠭᠰᠠᠨ ᠰᠠᠶᠢᠨ ᠬᠢᠷᠢ ᠪᠦᠲᠦᠮᠵᠢ ᠣᠯᠵᠠᠶ᠃      ᠬᠤᠷᠠᠯ ᠳᠡᠭᠡᠷ᠎ᠡ᠂ ᠯᠢᠦ ᠵᠧᠩ ᠪᠦᠬᠦ ᠬᠤᠰᠢᠭᠤᠨ ᠤ ᠡᠯ᠎ᠡ ᠱᠠᠲᠤᠨ ᠤ ᠬᠢᠨ ︽ᠨᠠᠮ ᠵᠠᠰᠠᠭ ᠭᠤᠤᠯᠯᠠᠨ ᠤᠳᠤᠷᠢᠳᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠪᠦᠬᠦ ᠠᠷᠠᠳ ᠢᠶᠠᠷ ᠢᠶᠠᠨ ᠬᠠᠯᠠᠮᠵᠢᠯᠠᠬᠤ︾ ᠠᠵᠢᠯ ᠤᠨ ᠴᠢᠭᠯᠡᠯᠲᠡ ᠶᠢ ᠪᠠᠷᠢᠮᠳᠠᠯᠠᠨ ᠨᠠᠰᠤᠲᠠᠶᠢᠴᠤᠳ ᠤᠨ ᠠᠵᠢᠯ ᠤᠨ ᠡᠯ᠎ᠡ ᠵᠦᠶᠯ ᠤᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠶᠯᠡᠴᠢᠯᠡᠭᠡ ᠶᠢ ᠰᠠᠶᠢᠨ ᠬᠢᠬᠦ᠂ ᠨᠠᠰᠤᠲᠠᠶᠢᠴᠤᠳ ᠤᠨ ᠣᠯᠠᠨ ᠲᠦᠮᠡᠨ  ᠤ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠶᠡᠭᠡ ᠰᠢᠰᠲ᠋ᠧᠮ︾ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ ᠡᠮᠴᠢᠯᠡᠭᠡ ᠨᠠᠰᠤᠵᠢᠯ ᠢ ᠤᠶᠠᠯᠳᠤᠭᠤᠯᠬᠤ ᠪᠠᠶᠢᠭᠤᠯᠤᠯᠲᠠ ᠶᠢ ᠠᠭᠢᠭᠤᠯᠤᠨ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠲᠡᠩᠴᠡᠭᠦᠷᠢ ᠦᠭᠡᠢ ᠭᠦᠶᠴᠡᠳ ᠦᠭᠡᠢ ᠠᠰᠠᠭᠤᠳᠠᠯ ᠢ ᠦᠨᠡᠨᠬᠦ ᠪᠦᠲᠦᠮᠵᠢᠲᠡᠶ ᠰᠢᠶᠳᠪᠦᠷᠢᠯᠡᠵᠦ ᠨᠠᠰᠤᠲᠠᠶᠢᠴᠤᠳ ᠤᠨ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠶᠳᠪᠦᠷᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃      ᠾᠧ ᠤᠯᠠᠭᠠᠨ ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠬᠢᠭᠦᠯᠦᠨ ᠰᠠᠶᠢᠰᠢᠶᠠᠬᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠰᠤᠲᠠᠶᠢᠴᠤᠳ ᠤᠨ ᠨᠣᠮᠢᠨ ᠲᠠᠩᠰᠤᠭ ᠦᠦᠰᠢᠨ ᠤ ᠬᠦᠭᠵᠢᠨ ᠮᠠᠨᠳᠤᠯᠲᠠ ᠶᠢᠨ ᠲᠥᠯᠥᠭᠡ ᠦᠷᠭᠦᠯᠵᠢᠯᠡᠨ ᠴᠢᠷᠮᠠᠶᠢᠬᠤ ᠶᠢ ᠵᠤᠷᠢᠭᠵᠢᠭᠤᠯᠤᠨ ᠨᠠᠩ ᠣᠯᠠᠨ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠡᠩᠬᠡ ᠶᠢᠨ ᠡᠩᠨᠡᠭᠡᠨ ᠳᠤ ᠣᠷᠣᠭᠤᠯᠵᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠤᠷᠤᠯᠴᠠᠭᠤᠯᠤᠨ ᠪᠡᠶ᠎ᠡ ᠶᠢᠨ ᠡᠷᠡᠬᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠰᠢᠯᠡᠬᠦᠯᠵᠤ ᠡᠷᠡᠭᠦᠯ ᠡᠩᠬᠡ ᠦᠦᠰᠢᠨ  ᠤ ᠪᠠᠶᠢᠭᠤᠯᠤᠯᠲᠠ ᠶᠢ ᠴᠢᠨᠠᠭᠰᠢᠳᠠ ᠠᠬᠢᠭᠤᠯᠬᠤ ᠬᠡᠷᠡᠭᠲᠡᠶ ᠭᠡᠵᠡᠢ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号