ᠰᠢ ᠶᠢᠨ ᠫᠢᠩ ᠪᠡᠯᠭᠡᠯᠡᠬᠦ ᠠᠵᠢᠯᠯᠠᠭ᠎ᠠ ᠶᠢᠨ ᠪᠡᠯᠡᠳᠭᠡᠯ ᠠᠵᠢᠯ ᠳᠤ ᠤᠷᠤᠯᠴᠠᠬᠰᠠᠨ ᠬᠤᠯᠪᠤᠬᠳᠠᠯ ᠪᠦᠬᠦᠢ ᠲᠠᠯ᠎ᠡ ᠶᠢᠨ ᠲᠦᠯᠦᠭᠡᠯᠡᠭᠴᠢᠳ ᠲᠠᠢ ᠲᠤᠳᠤᠨᠤ ᠪᠠᠷ ᠠᠭᠤᠯᠵᠠᠪᠠ
ᠨᠡᠶᠢᠲᠡᠯᠡᠭᠰᠡᠨ ᠴᠠᠭ᠄
2019-10-18
     ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠳ᠋ᠦᠡᠭᠨᠡᠯᠳᠠ ᠶᠢᠨ ᠬᠤᠷᠠᠯ 16 ᠤ ᠦᠳᠠ ᠶᠢᠨ ᠡᠮᠤᠨ᠎ᠡ ᠪᠡᠭᠡᠵᠢᠩ ᠳᠤ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠭᠢᠮ ᠳᠤ ᠪᠡᠯᠭᠡᠯᠡᠬᠦ ᠠᠵᠢᠯᠯᠠᠭ᠎ᠠ ᠶᠢᠨ ᠪᠡᠯᠡᠳᠭᠡᠯ ᠠᠵᠢᠯ ᠳᠤ ᠤᠷᠤᠯᠴᠠᠬᠰᠠᠨ ᠬᠤᠯᠪᠤᠬᠳᠠᠯ ᠪᠦᠭᠦᠢ ᠲᠠᠯ᠎ᠡ ᠶᠢᠨ ᠲᠦᠯᠦᠭᠡᠯᠡᠭᠴᠢᠳ ᠲᠠᠢ ᠲᠤᠳᠤᠨᠤ ᠪᠠᠷ ᠠᠭᠤᠯᠵᠠᠵᠤ᠂ ᠲᠠᠳᠡᠨ ᠳᠤ ᠴᠢᠩ ᠰᠡᠳᠬᠢᠯ ᠤᠨ ᠲᠠᠯᠠᠷᠬᠠᠯ ᠪᠠ ᠮᠡᠨᠳᠤᠴᠢᠯᠡᠯ ᠢᠶᠠᠨ ᠢᠯᠡᠳᠭᠡᠨ᠂ ᠲᠡᠳᠡᠨ ᠤ ᠠᠵᠢᠯ ᠤᠨ ᠲᠤᠮᠳᠠ ᠤᠯᠤᠬᠰᠡᠨ ᠰᠢᠯᠢᠳᠡᠭ ᠠᠮᠵᠢᠯᠳᠠ ᠶᠢ ᠨᠢ ᠬᠦᠢᠴᠡᠳ ᠨᠤᠳᠠᠯᠠᠵᠤ᠂ ᠤᠯᠠᠨ ᠢ ᠵᠤᠷᠢᠭ ᠢᠶᠠᠨ ᠬᠦᠪᠴᠢᠯᠡᠨ ᠦᠷᠭᠦᠯᠵᠢᠯᠡᠨ ᠴᠢᠷᠮᠠᠶᠢᠵᠤ ᠲᠠᠬᠢᠨ ᠰᠢᠨ᠎ᠡ ᠭᠠᠪᠢᠶ᠎ᠡ ᠪᠠᠶᠢᠭᠤᠯᠬᠤ ᠶᠢ ᠵᠤᠷᠢᠬᠵᠢᠭᠤᠯᠪᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠭᠡᠰᠢᠬᠦᠨ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠵᠤᠤ ᠯᠧ ᠵᠢᠢ᠂ ᠬᠠᠨ ᠵᠧᠩ᠂ ᠤᠯᠤᠰ ᠤᠨ ᠲᠡᠳ᠋ ᠲᠡᠷᠢᠬᠦᠯᠡᠭᠴᠢ ᠸᠠᠩ ᠴᠢ ᠱᠠᠨ ᠠᠭᠤᠯᠵᠠᠯᠳᠠ ᠳᠤ ᠤᠷᠤᠯᠴᠠᠪᠠ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠭᠡᠰᠢᠬᠦᠨ ᠸᠠᠩ ᠬᠤ᠋ ᠨᠢᠩ ᠠᠭᠤᠯᠵᠠᠯᠳᠠ ᠳᠤ ᠤᠷᠤᠯᠴᠠᠬᠰᠡᠨ ᠪᠦᠭᠡᠳ ᠳ᠋ᠦᠡᠭᠨᠡᠯᠳᠠ ᠶᠢᠨ ᠬᠤᠷᠠᠯ ᠲᠡᠭᠡᠷ᠎ᠡ ᠶᠠᠷᠢᠶ᠎ᠡ ᠲᠠᠯᠪᠢᠵᠠᠢ᠃      16 ᠤ ᠦᠳᠠ ᠶᠢᠨ ᠡᠮᠤᠨ᠎ᠡ᠂ ᠠᠷᠠᠳ ᠤᠨ ᠶᠡᠭᠡ ᠬᠤᠷᠠᠯ ᠤᠨ ᠲᠠᠩᠭᠢᠮ ᠤᠨ ᠬᠤᠶᠢᠳᠦ ᠶᠡᠭᠡ ᠲᠢᠩᠬᠢᠮ ᠳᠤ ᠦᠡᠭᠭᠡᠳᠤ ᠳ᠋ᠧᠩ ᠲᠤᠸᠠᠯᠠᠵᠤ᠂ ᠬᠦᠷ ᠬᠦᠭᠵᠢᠶᠠᠨ ᠢᠶᠠᠷ ᠪᠢᠯᠬᠠᠨ᠎ᠡ᠃ 10 ᠴᠠᠭ ᠤᠨ ᠦᠶ᠎ᠡ ᠪᠠᠷ ᠰᠢ ᠶᠢᠨ ᠫᠢᠩ ᠨᠠᠷ ᠬᠦᠷᠦᠯᠴᠡᠨ ᠢᠷᠠᠬᠦ ᠳᠤ ᠲᠠᠯᠠᠪᠠᠢ ᠲᠠᠶᠠᠭᠠᠷ ᠨᠢᠵᠢᠬᠢᠨᠠᠳᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠤᠯᠠᠨ ᠲᠠᠢ ᠲᠤᠳᠤᠨᠤ ᠪᠠᠷ ᠭᠠᠷ ᠠᠳᠬᠤᠵᠤ᠂ ᠪᠠᠶᠢᠨ ᠪᠠᠶᠢᠨ ᠶᠠᠷᠢᠯᠴᠠᠬᠰᠡᠨ ᠪᠦᠭᠡᠳ ᠬᠠᠮᠳᠤ ᠶᠢᠨ ᠰᠡᠭᠦᠳᠡᠷ ᠲᠠᠳᠠᠭᠤᠯᠵᠤ ᠲᠤᠷᠠᠰᠬᠠᠯ ᠦᠯᠡᠳᠡᠭᠡᠪᠡ᠃      ᠡᠮᠤᠨᠡᠭᠡᠨ᠂ ᠰᠢ ᠶᠢᠨ ᠫᠢᠩ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠡᠯᠭᠡᠯᠡᠬᠦ ᠠᠵᠢᠯᠯᠠᠭ᠎ᠠ ᠶᠢᠨ ᠳ᠋ᠦᠡᠭᠨᠡᠯᠳᠠ ᠶᠢᠨ ᠮᠡᠳᠡᠬᠦᠯᠦᠯᠳᠠ ᠶᠢ ᠲᠤᠰᠬᠠᠢᠢᠯᠡᠨ ᠰᠤᠨᠤᠰᠤᠬᠰᠡᠨ ᠪᠦᠭᠡᠳ ᠴᠢᠬᠤᠯᠠ ᠶᠠᠷᠢᠶ᠎ᠡ ᠲᠠᠯᠪᠢᠪᠠ᠃ ᠰᠢ ᠶᠢᠨ ᠫᠢᠩ᠂ ᠲᠤᠰ ᠤᠳᠠᠭ᠎ᠠ ᠶᠢᠨ ᠪᠡᠯᠭᠡᠯᠡᠬᠦ ᠠᠵᠢᠯᠯᠠᠭ᠎ᠠ ᠪᠤᠯ ᠤᠯᠤᠰ ᠤᠨ ᠶᠡᠭᠡ ᠶᠤᠰᠤᠯᠠᠯ ᠪᠠᠶᠢᠵᠤ᠂ ᠰᠦᠷ ᠲᠠᠯᠠᠶᠢᠴᠠᠳᠠᠢ᠂ ᠲᠦᠪ ᠶᠡᠬᠡᠮᠰᠦᠭ ᠠᠭᠤᠳᠠᠮᠴᠢ ᠪᠠᠭᠳᠠᠭᠠᠮᠵᠢᠳᠠᠢ᠂ ᠡᠮᠬᠢ ᠵᠢᠷᠤᠮ ᠲᠠᠢ ᠶᠠᠪᠤᠬᠳᠠᠬᠰᠠᠨ ᠮᠦᠷᠳᠡᠬᠡᠨ ᠶᠤᠰᠤᠯᠠᠯ ᠴᠡᠩᠭᠡᠯ ᠠᠭᠤᠰᠤᠯᠴᠠᠵᠤ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠤᠨ ᠲᠤᠷᠰᠢᠬᠢ ᠭᠡᠷᠡᠯ ᠰᠡᠴᠤᠷᠠᠩᠭᠤᠢ ᠠᠮᠵᠢᠯᠳᠠ ᠶᠢ ᠬᠦᠢᠴᠡᠳ ᠬᠠᠷᠠᠭᠤᠯᠤᠨ᠂ ᠤᠯᠤᠰ ᠤᠨ ᠰᠦᠷ ᠬᠦᠴᠦᠨ ᠴᠡᠷᠢᠭ ᠤᠨ ᠰᠦᠷ ᠬᠦᠴᠦᠨ ᠢ ᠡᠷᠴᠢᠮᠳᠠᠢ ᠢᠯᠡᠷᠡᠬᠦᠯᠵᠤ᠂ ᠦᠨᠳᠦᠰᠦᠳᠡᠨ ᠤ ᠵᠤᠷᠢᠭ ᠰᠠᠨᠠᠭ᠎ᠠ ᠶᠢ ᠲᠦᠢᠯ ᠤᠨ ᠶᠡᠭᠡ ᠪᠠᠷ ᠬᠦᠭᠵᠢᠭᠡᠨ᠂ ᠡᠯ᠎ᠡ ᠲᠠᠯ᠎ᠡ ᠶᠢᠨ ᠬᠦᠴᠦᠨ ᠴᠢᠳᠠᠯ ᠢ ᠦᠷᠭᠡᠨ ᠢᠶᠠᠷ ᠪᠠᠳᠠᠷᠠᠭᠤᠯᠪᠠ᠃ ᠪᠡᠯᠭᠡᠯᠡᠬᠦ ᠠᠵᠢᠯᠯᠠᠭ᠎ᠠ ᠪᠤᠯ ᠨᠢᠭᠡᠳᠦᠭᠡᠷ ᠵᠠᠭᠤᠨ ᠵᠢᠯ ᠤᠳᠠᠯ ᠦᠭᠡᠢ ᠬᠦᠷᠴᠤ ᠢᠷᠠᠬᠦ ᠲᠠᠰᠢᠷᠠᠮ ᠳᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠬᠠᠷᠠᠯᠳᠠ ᠲᠠᠶᠢᠰᠢ ᠡᠷᠡᠮᠡᠭᠡᠶᠢᠯᠡᠨ ᠤᠷᠤᠬᠰᠢᠯᠠᠬᠰᠡᠨ ᠨᠢᠭᠡ ᠤᠳᠠᠭ᠎ᠠ ᠶᠢᠨ ᠠᠭᠤᠤ ᠶᠡᠭᠡ ᠨᠢᠬᠳᠠᠷᠠᠯ ᠪᠤᠯᠤᠨ᠎ᠡ︔ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠠᠶᠠᠨ ᠵᠠᠮ ᠳᠤ᠂ ᠪᠦᠬᠦ ᠲᠤᠮᠳᠠᠳᠤ ᠶᠢᠨ ᠬᠦᠪᠡᠬᠦᠳ ᠦᠬᠢᠳ ᠤᠨ ᠬᠠᠮᠳᠤ ᠶᠢᠨ ᠬᠦᠰᠡᠯᠡᠩ ᠤᠨ ᠢᠶᠠᠨ ᠲᠦᠯᠦᠭᠡ ᠬᠢᠭᠰᠡᠨ ᠨᠢᠭᠡ ᠤᠳᠠᠭ᠎ᠠ ᠶᠢᠨ ᠤᠮᠤᠭ ᠲᠡᠬᠦᠯᠳᠡᠷ ᠲᠠᠩᠭᠠᠷᠢᠡᠡᠯᠠᠯ ᠪᠤᠯᠤᠨ᠎ᠡ︔ ᠤᠳᠤᠬᠠᠨ ᠤ ᠲᠡᠯᠡᠭᠡᠢ ᠶᠢᠷᠳᠢᠨᠴᠤ ᠶᠠᠭ ᠵᠠᠭᠤᠨ ᠵᠢᠯ ᠳᠤ ᠲᠤᠬᠢᠶᠠᠯᠳᠤᠭᠠᠳᠤᠢ ᠶᠡᠭᠡ ᠬᠤᠪᠢᠰᠤᠯᠳᠠ ᠳᠤ ᠲᠤᠯᠭᠠᠷᠠᠵᠤ ᠪᠠᠶᠢᠭ᠎ᠠ ᠪᠠᠶᠢᠳᠠᠯ ᠲᠤᠤᠷ᠎ᠡ᠂ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠢᠮᠠᠬᠳᠠ ᠲᠡᠯᠡᠭᠡᠢ ᠶᠢᠨ ᠲᠤᠷᠤᠨᠠᠳᠠᠬᠢᠨ ᠳᠤ ᠰᠦᠷ ᠬᠦᠴᠦᠨ ᠲᠠᠢ ᠰᠦᠨᠳᠡᠷᠯᠡᠬᠦ ᠪᠦᠭᠡᠳ ᠶᠠᠪᠤᠬᠤ ᠲᠤᠳᠤᠮ ᠢᠶᠠᠨ ᠦᠷᠨᠢᠨ ᠪᠠᠳᠠᠷᠠᠵᠤ᠂ ᠶᠠᠪᠤᠬᠤ ᠲᠤᠳᠤᠮ ᠢᠶᠠᠨ ᠬᠦᠴᠦᠷᠭᠡᠭᠵᠢᠵᠤ ᠪᠠᠶᠢᠭ᠎ᠠ ᠶᠢᠨ ᠨᠢᠭᠡ ᠤᠳᠠᠭ᠎ᠠ ᠶᠢᠨ ᠦᠪᠡᠳᠡᠭᠰᠢ ᠶᠡᠭᠡ ᠲᠠᠯᠬᠡᠯᠳᠡ ᠪᠤᠯᠤᠨ᠎ᠡ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠪᠡᠯᠭᠡᠯᠡᠬᠦ ᠠᠵᠢᠯᠯᠠᠭ᠎ᠠ ᠳᠤ ᠬᠤᠯᠪᠤᠬᠳᠠᠬᠰᠡᠨ ᠪᠠᠶᠢᠭᠤᠯᠭ᠎ᠠ ᠨᠢᠭᠡᠴᠢ ᠤᠯᠠᠨ᠂ ᠤᠷᠤᠯᠴᠠᠬᠰᠡᠨ ᠬᠦᠮᠦᠰ ᠦᠷᠭᠡᠨ ᠲᠡᠯᠭᠡᠷ᠂ ᠴᠠᠭ ᠬᠤᠭᠤᠴᠠᠭᠠᠨ ᠤ ᠠᠯᠭᠠᠰᠠᠯ ᠤᠷᠳᠤ᠂ ᠵᠤᠬᠢᠶᠠᠨ ᠪᠠᠶᠢᠭᠤᠯᠬᠤ ᠡᠬᠦᠷᠭᠡ ᠬᠦᠨᠳᠤ ᠪᠠᠶᠢᠭᠰᠠᠨ ᠶᠤᠮ᠃ ᠠᠵᠢᠯᠯᠠᠭ᠎ᠠ ᠲᠡᠬᠦᠰ ᠠᠮᠵᠢᠯᠳᠠ ᠤᠯᠤᠬᠰᠡᠨ ᠤ ᠦᠨᠳᠦᠰᠦᠨ ᠰᠢᠯᠳᠠᠭᠠᠨ ᠨᠢ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤ ᠪᠠᠶᠢᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠠᠮᠳᠤ ᠶᠢᠨ ᠴᠢᠷᠮᠠᠶᠢᠯᠭ᠎ᠠ ᠳᠤ ᠪᠠᠶᠢᠨ᠎ᠡ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠪᠡᠯᠭᠡᠯᠡᠬᠦ ᠠᠵᠢᠯᠯᠠᠭ᠎ᠠ ᠪᠤᠯ ᠠᠷᠠᠳ ᠤᠯᠠᠠ ᠤ ᠡᠬᠡ ᠤᠷᠤᠨᠴᠢ ᠦᠵᠡᠯ ᠤᠨ ᠵᠤᠷᠢᠭ ᠰᠠᠨᠠᠭᠠᠨ ᠤ ᠲᠦᠪᠯᠡᠷᠡᠩᠭᠦᠢ ᠢᠯᠡᠷᠡᠯ ᠮᠦᠨ᠂ ᠠᠵᠠ ᠲᠤᠬᠢᠶᠠᠯ ᠢ ᠡᠵᠡᠮᠳᠡᠵᠤ᠂ ᠠᠷᠠᠳ ᠤᠯᠠᠠ ᠳᠤ ᠡᠬᠡ ᠤᠷᠤᠨᠴᠢ ᠦᠵᠡᠯ ᠤᠨ ᠬᠦᠮᠦᠵᠢᠯ ᠪᠠ ᠵᠢᠯᠤᠭᠤᠲᠤᠯᠭ᠎ᠠ ᠬᠢᠬᠦ ᠪᠠᠨ ᠴᠢᠩᠭᠠᠳᠬᠠᠬᠤ ᠭᠡᠷᠡᠭᠲᠡᠢ᠃ ᠪᠡᠯᠭᠡᠯᠡᠬᠦ ᠠᠵᠢᠯᠯᠠᠭ᠎ᠠ ᠨᠢ ᠤᠯᠠᠮᠵᠢᠯᠠᠬᠤ ᠪᠠ ᠰᠢᠨ᠎ᠠ ᠶᠢ ᠡᠭᠦᠳᠬᠦ ᠶᠢᠨ ᠤᠷᠭᠠᠨᠢᠭ ᠤᠶᠠᠯᠲᠤᠯ ᠢ ᠬᠠᠷᠠᠭᠤᠯᠪᠠ᠂ ᠰᠠᠶᠢᠨ ᠠᠷᠭ᠎ᠠ ᠬᠢᠲᠠᠯ ᠰᠠᠶᠢᠨ ᠲᠤᠷᠰᠢᠯᠭ᠎ᠠ ᠪᠠᠨ ᠳ᠋ᠦᠩᠨᠡᠵᠤ᠂ ᠳᠠᠷᠠᠭᠠᠴᠢ ᠶᠢᠨ ᠴᠢᠬᠤᠯᠡ ᠶᠡᠭᠡ ᠪᠡᠯᠭᠡᠯᠡᠬᠦ ᠠᠵᠢᠯᠯᠠᠭ᠎ᠠ ᠶᠢ ᠵᠢᠭᠠᠠ ᠵᠢᠯᠤᠭᠤᠳᠬᠤ ᠳᠤ ᠬᠡᠷᠡᠭᠯᠡᠬᠦ ᠭᠡᠷᠡᠭᠲᠡᠢ᠃ ᠪᠡᠯᠭᠡᠯᠡᠬᠦ ᠠᠵᠢᠯᠯᠠᠭ᠎ᠠ ᠮᠠᠠ ᠳᠤ ᠮᠠᠰᠢ ᠬᠤᠪᠤᠷ ᠨᠠᠠᠲᠢᠨ ᠤᠶᠤᠨ ᠤ ᠦᠪ ᠬᠦᠷᠦᠩᠭᠡ ᠦᠯᠡᠲᠡᠭᠡᠪᠠ᠂ ᠡᠲᠡᠭᠡᠷ ᠤᠶᠤᠨ ᠤ ᠦᠪ ᠬᠦᠷᠦᠩᠭᠡ ᠪᠠᠨ ᠠᠭᠤᠲᠠᠯᠤᠨ ᠢᠯᠡᠷᠡᠭᠦᠯᠵᠤ ᠠᠰᠢᠡᠡᠯᠠᠬᠤ ᠶᠢ ᠴᠢᠩᠭᠠᠳᠬᠠᠵᠦ ᠂ ᠲᠦᠭ ᠲᠦᠮᠡᠡ ᠠᠷᠠᠳ ᠤᠯᠠᠨ ᠤ ᠰᠢᠨ᠎ᠠ ᠴᠠᠭ ᠦᠶ᠎ᠠ ᠳᠤ ᠡᠷᠡᠮᠡᠬᠡᠶᠢᠯᠡᠨ ᠳᠠᠪᠰᠢᠬᠤ ᠬᠦᠴᠦᠷᠭᠡᠭ ᠶᠡᠭᠡ ᠬᠦᠲᠡᠯᠭᠡᠬᠦ ᠬᠦᠴᠤᠨ ᠪᠤᠯᠭᠠᠠ ᠬᠤᠪᠢᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠲᠡᠭᠡᠷ᠎ᠠ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠠ ᠤ ᠪᠠᠶᠢᠩᠭᠤ ᠶᠢᠨ ᠬᠤᠷᠢᠶᠠᠠ ᠤ ᠬᠤᠷᠠᠯ ᠲᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠪᠠ᠃ ᠸᠡᠩ ᠬᠤ᠋ ᠨᠢᠩ ᠬᠤᠷᠠᠯ ᠲᠡᠭᠡᠷ᠎ᠠ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠠ ᠲᠤᠮᠳᠠᠳᠤ ᠤᠯᠤᠰ ᠪᠠᠶᠢᠭᠤᠯᠤᠭᠲᠠᠭᠰᠠᠠ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠤ ᠴᠢᠬᠤᠯᠠ ᠶᠡᠭᠡ ᠠᠴᠢ ᠬᠤᠯᠪᠤᠭᠲᠠᠯ ᠢ ᠬᠦᠨᠵᠡᠭᠡᠢ ᠲᠤᠲᠤᠷᠬᠠᠢᠢᠯᠠᠠ ᠦᠬᠦᠯᠡᠵᠦ᠂ ᠪᠡᠯᠭᠡᠯᠡᠬᠦ ᠠᠵᠢᠯᠯᠠᠭ᠎ᠠ ᠶᠢᠨ ᠪᠡᠯᠡᠳᠭᠡᠯ ᠠᠵᠢᠯ ᠢ ᠬᠦᠢᠴᠡᠳ ᠨᠤᠲᠠᠯᠠᠨ᠂ ᠪᠡᠯᠭᠡᠯᠡᠬᠦ ᠠᠵᠢᠯᠯᠠᠭ᠎ᠠ ᠶᠢᠨ ᠦᠷ᠎ᠠ ᠪᠦᠲᠦᠭᠡᠯ ᠢ ᠬᠦᠨᠵᠡᠭᠡᠶᠢᠷᠡᠭᠦᠯᠦᠨ ᠦᠷᠭᠡᠳᠭᠡᠬᠦ ᠳᠤ ᠲᠤᠲᠤᠷᠬᠠᠢ ᠱᠠᠭᠠᠷᠲᠠᠯᠭ᠎ᠠ ᠲᠤᠷᠠᠳᠴᠠᠢ᠂ ᠪᠢᠲᠠ ᠨᠠᠷᠢᠨ ᠬᠢᠨᠠᠮᠠᠭᠠᠢ ᠰᠤᠷᠤᠯᠴᠠᠠ ᠤᠢᠢᠯᠠᠭᠠᠵᠦ᠂ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢ ᠰᠠᠶᠢᠲᠤᠷ ᠠᠳᠬᠤᠬᠤ ᠭᠡᠷᠡᠭᠲᠡᠢ᠃ ᠪᠡᠯᠭᠡᠯᠡᠬᠦ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠡ ᠶᠠᠪᠤᠳᠠᠯ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠲᠤᠷᠢᠲᠤᠯᠭ᠎ᠠ ᠶᠢᠨ ᠦᠷ᠎ᠠ ᠳ᠋ᠦᠩ ᠮᠦᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ᠂ ᠨᠡᠶᠢᠭᠡᠮ ᠤᠨ ᠡᠯ᠎ᠠ ᠡᠲᠡᠭᠡᠳ ᠪᠤᠯᠤᠨ ᠠᠷᠠᠳ ᠤᠯᠠᠠ ᠤ ᠬᠦᠴᠤᠲᠠᠢ ᠳᠡᠮᠵᠢᠯᠭᠡ ᠶᠢᠨ ᠦᠷ᠎ᠠ ᠳ᠋ᠦᠩ ᠮᠦᠨ᠂ ᠡᠯ᠎ᠠ ᠠᠵᠢᠯᠯᠠᠬᠤ ᠪᠠᠶᠢᠭᠤᠯᠤᠮᠵᠢ ᠪᠤᠯᠤᠨ ᠪᠦᠬᠦ ᠤᠷᠤᠯᠴᠠᠭᠰᠠᠳ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠠ ᠳ᠋ᠦᠩ ᠮᠦᠨ᠂ ᠠᠮᠵᠢᠯᠲᠠ ᠤᠯᠤᠭᠰᠠᠠ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠪᠡᠯᠭᠡᠯᠡᠬᠦ ᠠᠵᠢᠯᠯᠠᠭ᠎ᠠ ᠶᠢᠨ ᠦᠷ᠎ᠠ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠭᠡᠷᠡᠭᠲᠡᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠠ ᠲᠤᠭᠤᠰᠢᠯᠠᠭᠤᠯᠬᠤ ᠲᠠᠢ ᠤᠶᠠᠯᠲᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠤᠯᠤᠰ ᠪᠠᠶᠢᠭᠤᠯᠤᠭᠳᠠᠭᠰᠠᠨ ᠪᠠᠶᠠᠷ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠤᠬᠠᠭᠤᠯᠤᠨ᠂ ᠲᠠᠷᠠᠭᠠᠴᠢ ᠶᠢᠨ ᠬᠤᠯᠪᠤᠭᠲᠠᠯ ᠪᠦᠬᠦᠢ ᠪᠡᠯᠭᠡᠯᠡᠬᠦ ᠠᠵᠢᠯᠯᠠᠭ᠎ᠠ ᠶᠢ ᠯᠠᠪᠲᠠᠭᠤᠨ ᠪᠠᠲᠤᠲᠠᠢ ᠰᠠᠶᠢᠨ ᠬᠢᠵᠦ᠂ ᠪᠡᠯᠭᠡᠯᠡᠬᠦ ᠠᠵᠢᠯᠯᠠᠭ᠎ᠠ ᠶᠢᠨ ᠦᠷ᠎ᠠ ᠪᠦᠲᠦᠭᠡᠯ ᠤᠨ ᠲᠤᠬᠠᠢ ᠤᠬᠠᠭᠤᠯᠭ᠎ᠠ ᠶᠢᠨ ᠠᠵᠢᠯ ᠢ ᠬᠦᠨᠵᠡᠭᠡᠶᠢᠷᠡᠭᠦᠯᠤᠨ᠂ ᠦᠷᠭᠡᠡ ᠤᠯᠠᠠ ᠺᠠᠳ᠋ᠷ ᠤᠯᠠᠠ ᠲᠦᠮᠡᠡ ᠢ ᠬᠦᠲᠦᠯᠦᠨ ᠵᠢᠯᠤᠭᠤᠳᠴᠤ ᠪᠠᠶᠢᠭᠠᠳ ᠪᠡᠯᠭᠡᠯᠡᠬᠦ ᠠᠵᠢᠯᠯᠠᠭ᠎ᠠ ᠪᠠᠷ ᠳᠠᠮᠵᠢᠨ ᠬᠦᠭᠵᠢᠭᠡᠨ ᠪᠠᠳᠠᠷᠠᠭᠤᠯᠤᠭᠰᠠᠨ ᠴᠤᠭ ᠰᠦᠯᠳᠠ ᠶᠢ ᠦᠭᠡᠷᠡᠴᠢᠯᠡᠯᠲᠡ ᠬᠦᠭᠵᠢᠯᠲᠠ ᠲᠤᠭᠲᠠᠭᠤᠨ ᠤ ᠡᠯ᠎ᠠ ᠵᠦᠢᠯ ᠤᠨ ᠠᠵᠢᠯ ᠢ ᠰᠠᠶᠢᠳᠦᠷ ᠬᠢᠬᠦ ᠳᠤ ᠠᠰᠢᠡᠡᠯᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠪᠡᠯᠭᠡᠯᠡᠬᠦ ᠠᠵᠢᠯᠯᠠᠭ᠎ᠠ ᠶᠢᠨ ᠤᠲᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ ᠬᠤᠸᠠᠩ ᠺᠦᠨ ᠮᠢᠩ᠂ ᠼᠠᠢ ᠴᠢ᠂ ᠰᠢᠶᠤᠤ ᠵᠢᠶᠧ᠂ ᠵᠤᠤ ᠺᠧ ᡁᠢ᠂ ᠡᡁᠧ ᠯᠢ ᠹᠧᠩ᠂ ᠯᠢ ᠽᠦᠸᠧ ᠴᠧᠩ ᠠᠭᠤᠯᠵᠠᠯᠲᠠ ᠳᠤ ᠤᠷᠤᠯᠴᠠᠭᠰᠠᠠ ᠪᠦᠭᠡᠳ ᠬᠤᠷᠠᠯ ᠳᠤ ᠤᠷᠤᠯᠴᠠᠵᠠᠢ᠃ ᠪᠡᠯᠭᠡᠯᠡᠬᠦ ᠠᠵᠢᠯᠯᠠᠭ᠎ᠠ ᠶᠢᠨ ᠤᠲᠤᠷᠢᠳᠬᠤ ᠲᠤᠭᠤᠢᠢᠯᠠᠩ ᠤᠨ ᠪᠦᠷᠢᠯᠳᠦᠭᠦᠨ᠂ ᠡᠯ᠎ᠠ ᠠᠵᠢᠯᠯᠠᠬᠤ ᠪᠠᠶᠢᠭᠤᠯᠤᠮᠵᠢ ᠪᠤᠯᠤᠨ ᠬᠤᠯᠪᠤᠭᠲᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠠ ᠵᠢᠴᠢ ᠠᠵᠢᠯᠲᠠᠨ᠂ ᠰᠢᠯᠭᠠᠠ ᠦᠵᠡᠬᠦ ᠶᠢ ᠬᠦᠯᠢᠶᠡᠭᠰᠡᠡ ᠴᠡᠷᠢᠭ ᠠᠩᠭᠢ ᠶᠢᠨ ᠲᠠᠷᠤᠭ᠎ᠠ ᠪᠠᠶᠢᠯᠲᠤᠭᠴᠢᠳ᠂ ᠤᠯᠠᠨ ᠲᠦᠮᠡᠨ ᠤ ᠵᠢᠭᠰᠠᠭᠠᠯ ᠪᠠ ᠬᠠᠮᠳᠤᠷᠠᠭᠰᠠᠨ ᠦᠳᠡᠰᠢᠯᠡᠭᠡ ᠳᠤ ᠤᠷᠤᠯᠴᠠᠭᠰᠠᠠ ᠤᠯᠠᠠ ᠲᠦᠮᠡᠡ᠂ ᠦᠢᠯᠡᠴᠢᠯᠡᠭᠡ ᠪᠠᠲᠤᠯᠠᠭ᠎ᠠ ᠶᠢᠨ ᠠᠵᠢᠯᠳᠠᠳ᠂ ᠰᠠᠶᠢᠨ ᠲᠤᠷᠠᠴᠤᠤᠯ᠂ ᠲᠤᠭᠯᠠᠭᠴᠢᠳ᠂ ᠠᠮᠤᠷ ᠢ ᠬᠠᠮᠠᠭᠠᠯᠠᠬᠤ ᠡᠮᠦᠨ᠎ᠠ ᠹᠷᠤᠨᠲ ᠤᠨ ᠵᠢᠵᠢᠬᠦᠷᠯᠡᠭᠴᠢᠳ ᠤᠨ ᠲᠦᠯᠦᠭᠡᠯᠡᠭᠴᠢ ᠨᠠᠷ ᠠᠵᠢᠯᠯᠠᠭ᠎ᠠ ᠳᠤ ᠤᠷᠤᠯᠴᠠᠵᠠᠢ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号