ᠤᠯᠤᠰ ᠤᠨ ᠲᠡᠷᠢᠬᠦᠯᠡᠭᠴᠢ ᠰᠢ ᠶᠢᠨ ᠫᠢᠩ 10 ᠰᠠᠷ᠎ᠠ ᠶᠢᠨ 16 ᠤ ᠡᠳᠤᠷ ᠲᠤᠮᠳᠠᠳᠤ ᠮᠤᠩᠭᠤᠯ ᠤᠨ | ᠭᠠᠳᠠᠭᠠᠳᠦ ᠬᠠᠷᠢᠯᠴᠠᠭ᠎ᠠ ᠪᠠᠶᠢᠭᠤᠯᠤᠬᠰᠠᠠ 70 ᠵᠢᠯ ᠤᠨ ᠤᠢ ᠶᠢᠨ ᠲᠤᠬᠠᠢ ᠮᠤᠩᠭᠤᠯ ᠤᠯᠤᠰ ᠤᠨ ᠶᠡᠷᠤᠩᠬᠡᠶᠢᠯᠡᠭᠴᠢ | ᠪᠠᠳᠤᠳᠤᠯᠭ᠎ᠠ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠲᠤᠮᠳᠠᠳᠤ ᠮᠤᠩᠭᠤᠯ ᠪᠤᠯ ᠠᠭᠤᠯᠠ ᠤᠰᠤ ᠪᠠᠷ ᠢᠶᠠᠨ | ᠵᠠᠯᠭᠠᠯᠳᠤᠭᠰᠠᠠ ᠨᠦᠬᠦᠷᠰᠡᠭ ᠬᠦᠷᠰᠢ ᠤᠯᠤᠰ ᠮᠥᠨ᠂ ᠮᠤᠩᠭᠤᠯ ᠤᠯᠤᠰ ᠪᠤᠯ ᠬᠠᠮᠤᠭ ᠤᠨ ᠡᠷᠳᠡ ᠰᠢᠨ᠎ᠡ | ᠲᠤᠮᠳᠠᠳᠤ ᠤᠯᠤᠰ ᠲᠠᠢ ᠭᠠᠳᠠᠭᠠᠳᠦ ᠬᠠᠷᠢᠯᠴᠠᠭ᠎ᠠ ᠪᠠᠶᠢᠭᠤᠯᠤᠬᠰᠠᠠ ᠤᠯᠤᠰ ᠤᠨ ᠨᠢᠬᠡ ᠪᠤᠯᠤᠨ᠎ᠠ᠃ ᠭᠠᠳᠠᠭᠠᠳᠦ | ᠬᠠᠷᠢᠯᠴᠠᠭ᠎ᠠ ᠪᠠᠶᠢᠭᠤᠯᠤᠬᠰᠠᠠ 70 ᠵᠢᠯ ᠤᠨ ᠲᠤᠷᠰᠢ᠂ ᠲᠤᠮᠳᠠᠳᠤ ᠮᠤᠩᠭᠤᠯ ᠬᠤᠶᠠᠷ ᠤᠯᠤᠰ ᠨᠦᠬᠦᠷᠰᠡᠭ ᠢᠶᠠᠷ | ᠬᠠᠮᠳᠤᠷᠠᠨ ᠠᠵᠢᠯᠯᠠᠬᠤ ᠶᠡᠭᠡ ᠴᠢᠭᠯᠡᠯ ᠢ ᠪᠠᠷᠢᠮᠳᠠᠯᠠᠨ᠂ ᠡᠶᠡᠯᠳᠡᠭ ᠬᠦᠷᠰᠢ ᠶᠢᠨ ᠨᠦᠬᠦᠷᠰᠡᠭ ᠬᠠᠮᠳᠤᠷᠠᠯᠴᠠᠭᠠᠨ ᠤ | ᠬᠠᠷᠢᠯᠴᠠᠭ᠎ᠠ ᠶᠢᠨ ᠬᠦᠨᠵᠡᠬᠡᠶᠢᠷᠡᠨ ᠬᠦᠭᠵᠢᠬᠦ ᠶᠢ ᠬᠠᠮᠳᠤ ᠪᠠᠷ ᠠᠬᠢᠭᠤᠯᠵᠥ᠂ ᠬᠤᠶᠠᠷ ᠤᠯᠤᠰ ᠪᠤᠯᠤᠨ ᠬᠤᠶᠠᠷ | ᠤᠯᠤᠰ ᠤᠨ ᠠᠷᠠᠳ ᠲᠦᠮᠡᠨ ᠳᠤ ᠦᠨᠡᠨ ᠪᠤᠳᠠᠳᠠᠢ ᠠᠰᠢᠬ ᠬᠦᠷᠳᠡᠭᠡᠪᠡ᠃ ᠤᠶᠢᠢᠷ᠎ᠠ ᠶᠢᠨ ᠵᠢᠯ ᠠᠴᠠ ᠨᠠᠭᠠᠰᠢ᠂ | ᠬᠤᠶᠠᠷ ᠲᠠᠯ᠎ᠠ ᠶᠢᠨ ᠬᠠᠮᠳᠤ ᠶᠢᠨ ᠴᠢᠷᠮᠡᠶᠢᠯᠭ᠎ᠠ ᠪᠠᠷ ᠲᠤᠮᠳᠠᠳᠤ ᠮᠤᠩᠭᠤᠯ ᠤᠨ ᠬᠠᠷᠢᠯᠴᠠᠭ᠎ᠠ ᠲᠦᠷᠬᠡᠨ ᠤ ᠵᠠᠮ ᠳᠤ | ᠤᠷᠤᠵᠥ᠂ ᠬᠦᠮᠥᠰ ᠢ ᠪᠠᠶᠠᠷᠯᠠᠭᠤᠯᠤᠮ᠎ᠠ ᠰᠢᠨ᠎ᠡ ᠪᠠᠶᠢᠳᠠᠯ ᠢᠯᠡᠷᠡᠪᠡ᠃ ᠪᠢ ᠲᠤᠮᠳᠠᠳᠤ ᠮᠤᠩᠭᠤᠯ ᠤᠨ | ᠬᠠᠷᠢᠯᠴᠠᠭᠠᠨ ᠤ ᠬᠦᠭᠵᠢᠯᠳᠡ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ ᠲᠤᠷᠠᠳᠠᠶ᠎ᠠ ᠶᠡᠷᠤᠩᠬᠡᠶᠢᠯᠡᠭᠴᠢ | ᠪᠠᠳᠤᠳᠤᠯᠭ᠎ᠠ ᠲᠠᠢ ᠬᠠᠮᠳᠤ ᠪᠠᠷ ᠴᠢᠷᠮᠡᠶᠢᠵᠥ᠂ ᠬᠤᠶᠠᠷ ᠤᠯᠤᠰ ᠤᠨ ᠭᠠᠳᠠᠭᠠᠳᠦ ᠬᠠᠷᠢᠯᠴᠠᠭ᠎ᠠ ᠪᠠᠶᠢᠭᠤᠯᠤᠭᠰᠠᠠ 70 | ᠵᠢᠯ ᠤᠨ ᠤᠢ ᠪᠠᠷ ᠰᠢᠨ᠎ᠡ ᠭᠠᠷᠤᠭ᠎ᠠ ᠪᠠᠨ ᠪᠤᠯᠭᠠᠨ ᠲᠤᠮᠳᠠᠳᠤ ᠮᠤᠩᠭᠤᠯ ᠤᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠳᠤ ᠲᠠᠰᠤᠷᠠᠯᠳᠡ ᠦᠭᠡᠢ ᠨᠡᠩ ᠶᠡᠭᠡ ᠰᠢᠨ᠎ᠡ ᠠᠬᠢᠴᠠ ᠲᠠᠢ ᠪᠤᠯᠬᠤ ᠶᠢ | ᠬᠠᠮᠳᠤ ᠪᠠᠷ ᠠᠬᠢᠭᠤᠯᠤᠨ᠎ᠠ ᠬᠡᠵᠥ ᠵᠢᠭᠠᠵᠥ ᠭᠠᠷᠭᠠᠪᠠ᠃ | ᠪᠠᠳᠤᠳᠤᠯᠭ᠎ᠠ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠮᠤᠩᠭᠤᠯ ᠳᠤᠮᠳᠠᠳᠤ ᠭᠠᠳᠠᠭᠠᠳᠦ ᠬᠠᠷᠢᠯᠴᠠᠭ᠎ᠠ | ᠪᠠᠶᠢᠭᠤᠯᠤᠬᠰᠠᠠ 70 ᠵᠢᠯ ᠤᠨ ᠤᠢ ᠶᠢᠨ ᠡᠨᠡ ᠬᠦ ᠴᠢᠬᠤᠯᠠ ᠲᠡᠤᠬᠡ ᠶᠢᠨ ᠵᠠᠩᠬᠢᠯᠠᠭ᠎ᠠ ᠶᠢᠨ ᠴᠠᠭ ᠦᠶ᠎ᠡ ᠳᠤ᠂ | ᠬᠤᠶᠠᠷ ᠲᠠᠯ᠎ᠠ ᠪᠠᠷ ᠢᠶᠠᠨ 70 ᠵᠢᠯ ᠤᠨ ᠶᠠᠪᠤᠯᠴᠠᠭᠠᠨ ᠤ ᠦᠷ᠎ᠡ ᠪᠦᠳᠦᠬᠡᠯ ᠢᠶᠠᠨ ᠳ᠋ᠦᠩᠨᠡᠬᠦ ᠶᠢᠨ ᠬᠠᠮᠳᠤ | ᠢᠷᠡᠭᠡᠳᠤᠢ ᠶᠢᠨ ᠬᠠᠮᠳᠤᠷᠠᠯᠴᠠᠭᠠᠨ ᠤ ᠠᠯᠤᠰ ᠬᠡᠳᠤ ᠶᠢᠨ ᠴᠢᠭᠯᠡᠯ ᠤᠨ ᠲᠤᠬᠠᠢ ᠲᠡᠬᠡᠳᠤ ᠲᠠᠪᠬᠤᠷᠭ᠎ᠠ ᠶᠢᠨ ᠶᠠᠷᠢᠯᠴᠠᠭ᠎ᠠ | ᠪᠤᠯᠤᠨ ᠲᠦᠯᠥᠪᠵᠢᠬᠦᠯᠬᠡ ᠬᠢᠵᠥ ᠪᠠᠶᠢᠬᠤ ᠳᠤ ᠮᠤᠩᠭᠤᠯ ᠤᠯᠤᠰ ᠤᠨ ᠬᠢᠨ ᠮᠠᠰᠢ ᠪᠠᠶᠠᠷᠯᠠᠵᠤ ᠪᠠᠶᠢᠨ᠎ᠠ᠃ | ᠤᠳᠤᠬᠠᠨ ᠳᠤ ᠮᠤᠩᠭᠤᠯ ᠲᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ | ᠡᠯ᠎ᠡ ᠬᠦᠷᠢᠶᠡᠨ ᠳᠤ ᠪᠦᠷ ᠶᠡᠭᠡ ᠰᠠᠶᠢᠨ ᠬᠦᠭᠵᠢᠯᠳᠡ ᠲᠠᠢ ᠪᠤᠯᠪᠠ᠂ ᠡᠨᠡ ᠨᠢ ᠬᠤᠶᠠᠷ ᠤᠯᠤᠰ ᠤᠨ ᠠᠷᠠᠳ | ᠲᠦᠮᠡᠨ ᠤ ᠠᠰᠢᠬ ᠲᠤᠰᠠ ᠲᠠᠢ ᠪᠦᠷᠢᠮᠦᠰᠦᠨ ᠨᠡᠶᠢᠴᠡᠬᠦ ᠪᠦᠭᠡᠳ ᠭᠠᠵᠠᠷ ᠤᠷᠤᠨ ᠤ ᠡᠩᠬᠡ ᠲᠠᠶᠢᠪᠤᠩ ᠬᠢᠭᠡᠳ | ᠬᠦᠭᠵᠢᠯᠳᠡ ᠳᠤ ᠴᠢᠬᠤᠯᠠ ᠬᠤᠪᠢ ᠨᠡᠮᠡᠷᠢ ᠦᠵᠡᠬᠦᠯᠵᠠᠢ᠃ ᠪᠢ ᠲᠤᠷᠠᠳᠠᠶ᠎ᠠ ᠲᠡᠷᠢᠬᠦᠯᠡᠭᠴᠢ ᠰᠢ ᠶᠢᠨ ᠫᠢᠩ ᠲᠠᠢ | ᠬᠠᠮᠳᠤ ᠪᠠᠷ ᠴᠢᠷᠮᠡᠶᠢᠵᠥ ᠪᠠᠶᠢᠭᠠᠳ ᠬᠤᠶᠠᠷ ᠤᠯᠤᠰ ᠤᠨ ᠨᠦᠬᠦᠷᠰᠡᠭ ᠬᠠᠷᠢᠯᠴᠠᠭ᠎ᠠ ᠪᠤᠯᠤᠨ ᠡᠯ᠎ᠡ ᠬᠦᠷᠢᠶᠡᠨ ᠤ | ᠬᠠᠮᠳᠤᠷᠠᠯᠴᠠᠭ᠎ᠠ ᠶᠢ ᠴᠢᠨᠠᠬᠰᠢᠳᠠ ᠪᠠᠬᠢᠵᠢᠬᠦᠯᠥᠨ ᠬᠦᠭᠵᠢᠬᠦᠯᠥᠨ᠎ᠡ ᠬᠡᠵᠥ ᠢᠯᠡᠳᠬᠡᠪᠡ᠃ | ᠲᠤᠰ ᠡᠳᠤᠷ᠂ ᠲᠦᠷᠦ ᠶᠢᠨ ᠶᠠᠪᠤᠳᠠᠯ ᠤᠨ ᠬᠤᠷᠢᠶᠡᠨ ᠤ ᠶᠡᠷᠤᠩᠬᠡᠢ ᠰᠠᠶᠢᠳ ᠯᠢ ᠺᠧ ᠴᠢᠶᠠᠩ ᠪᠤᠯᠤᠨ | ᠮᠤᠩᠭᠤᠯ ᠤᠯᠤᠰ ᠤᠨ ᠶᠡᠷᠤᠩᠬᠡᠢ ᠰᠠᠶᠢᠳ ᠬᠦᠷᠡᠯᠰᠦ᠋ᠬᠡ ᠪᠠᠰᠠ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ | ᠶᠠᠪᠤᠭᠤᠯᠪᠠ᠃ ᠯᠢ ᠺᠧ ᠴᠢᠶᠠᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠢᠨ᠎ᠡ ᠪᠠᠶᠢᠳᠠᠯ ᠲᠤᠤᠷ᠎ᠡ ᠲᠤᠮᠳᠠᠳᠤ | ᠤᠯᠤᠰ ᠲᠤᠷᠠᠳᠠᠶ᠎ᠠ ᠮᠤᠩᠭᠤᠯ ᠤᠯᠤᠰ ᠤᠨ ᠬᠢᠨ ᠲᠠᠢ ᠬᠠᠮᠳᠤ ᠪᠠᠷ ᠬᠤᠶᠠᠷ ᠤᠯᠤᠰ ᠤᠨ ᠬᠠᠷᠢᠯᠴᠠᠭ᠎ᠠ ᠶᠢᠨ ᠲᠤᠮᠤ | ᠠᠯᠬᠤᠮ ᠢᠶᠠᠷ ᠬᠦᠭᠵᠢᠬᠦ ᠶᠢ ᠠᠬᠢᠭᠤᠯᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠨᠡᠩ | ᠤᠯᠠᠨ ᠪᠤᠶᠠᠨ ᠦᠢᠯᠡᠳᠦᠨ᠎ᠡ ᠬᠡᠪᠡ᠃ ᠬᠦᠷᠡᠯᠰᠦ᠋ᠬᠡ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠮᠤᠩᠭᠤᠯ | ᠤᠯᠤᠰ ᠤᠨ ᠬᠢᠨ ᠲᠤᠷᠠᠳᠠᠶ᠎ᠠ ᠲᠤᠮᠳᠠᠳᠤ ᠤᠯᠤᠰ ᠯᠤᠭ᠎ᠠ ᠬᠤᠶᠠᠷ ᠤᠯᠤᠰ ᠤᠨ ᠬᠠᠷᠢᠯᠴᠠᠭᠠᠨ ᠤ | ᠠᠭᠤᠯᠤᠭᠳᠠᠬᠤᠨ ᠢᠶᠠᠨ ᠲᠠᠰᠤᠷᠠᠯᠳᠡ ᠦᠭᠡᠢ ᠪᠠᠶᠠᠯᠢᠬᠵᠢᠭᠤᠯᠵᠥ᠂ ᠬᠤᠶᠠᠷ ᠲᠠᠯ᠎ᠠ ᠶᠢᠨ ᠲᠡᠯᠡᠬᠡᠢ ᠶᠢᠨ ᠪᠡ ᠭᠠᠵᠠᠷ | ᠤᠷᠤᠨ ᠤ ᠬᠡᠷᠡᠭ ᠶᠠᠪᠤᠳᠠᠯ ᠳᠠᠬᠢ ᠬᠠᠮᠳᠤᠷᠠᠯᠴᠠᠭ᠎ᠠ ᠪᠠᠨ ᠪᠠᠬᠢᠵᠢᠬᠦᠯᠵᠥ᠂ ᠬᠤᠶᠠᠷ ᠤᠯᠤᠰ ᠤᠨ ᠠᠷᠠᠳ ᠲᠦᠮᠡᠨ ᠤ | ᠨᠦᠬᠦᠷᠰᠡᠭ ᠬᠠᠷᠢᠯᠴᠠᠭ᠎ᠠ ᠶᠢ ᠠᠬᠢᠭᠤᠯᠤᠨ᠎ᠠ ᠬᠡᠵᠠᠢ᠃ | |