︽2019 ᠣᠨ ᠤ ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠤᠨ ᠲᠣᠬᠢᠷᠠᠭᠤᠯᠤᠯᠲᠠ︾᠎ ᠶᠢ ᠳᠠᠷᠤᠮᠠᠯᠯᠠᠨ ᠲᠠᠷᠬᠠᠭᠠᠬᠤ ᠲᠤᠬᠠᠶ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-10-21
                       ᠦᠣᠰᠢᠨ ᠵᠠᠰᠠᠭ ᠠᠯᠪᠠᠨ ᠳᠠᠷᠬᠠᠭᠠᠬᠤ〔2019〕53 ᠳ᠋ᠣᠭᠠᠷ ᠳᠣᠭᠠᠳᠣ                  ︽2019 ᠣᠨ ᠤ ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠤᠨ ᠲᠣᠬᠢᠷᠠᠭᠤᠯᠤᠯᠲᠠ︾᠎ ᠶᠢ ᠳᠠᠷᠤᠮᠠᠯᠯᠠᠨ ᠲᠠᠷᠬᠠᠭᠠᠬᠤ ᠲᠤᠬᠠᠶ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶᠎ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠡᠯ᠎ᠡ ᠰᠠᠯᠠᠭ᠎ᠠ ᠮᠥᠴᠢᠷ᠄      ᠬᠤᠰᠢᠭᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ︽2019 ᠤᠨ ᠤ ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠤᠨ ᠲᠣᠬᠢᠷᠠᠭᠤᠯᠤᠯᠲᠠ︾᠎ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠤᠬᠡᠷᠡᠢ᠃                                           ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2019 ᠤᠨ ᠤ 10 ᠰᠠᠷ᠎ᠠ ᠶᠢᠨ 11᠎ ᠤ ᠡᠳᠦᠷ     2019 ᠤᠨ ᠤ ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠎ ᠤᠨ ᠲᠣᠬᠢᠷᠠᠭᠤᠯᠤᠯᠲᠠ      ︽ᠬᠦᠬᠡᠮᠳᠦᠭ ᠠᠭᠤᠯᠠ ᠴᠡᠩᠬᠡᠭ ᠤᠰᠤ ᠪᠣᠯ ᠳᠠᠷᠤᠢ ᠠᠯᠳᠠ ᠮᠦᠩᠬᠦᠨ ᠠᠭᠤᠯᠠ ᠮᠦᠨ︾ ᠬᠡᠬᠦ ᠬᠦᠭᠵᠢᠯᠲᠡ ᠶᠢᠨ ᠤᠶᠢᠯᠠᠭᠠᠭᠳᠠᠬᠤᠨ ᠢ ᠦᠷᠬᠦᠯᠵᠢᠯᠡᠨ ᠠᠬᠢᠭᠤᠯᠵᠦ ᠨᠠᠷᠢᠨ ᠬᠢᠨᠠᠮᠠᠭᠠᠶ ᠦᠶᠯᠡᠳᠦᠯᠭᠡᠵᠢᠭᠦᠯᠤᠨ ᠰᠢᠨ᠎ᠡ ᠴᠠᠭ ᠣᠶᠶ᠎ᠠ ᠳᠤ ᠦᠤᠰᠢᠨ ᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠵᠦ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠤᠰᠠᠳᠠ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠬᠡᠪᠴᠢᠶᠡᠨ ᠳᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠃ ᠡᠳᠦᠭᠡ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠬᠦᠬᠡᠮᠳᠦᠭ ᠠᠭᠤᠯᠠ ᠴᠡᠩᠬᠡᠭ ᠤᠰᠤ ᠪᠣᠯ ᠳᠠᠷᠤᠢ ᠠᠯᠳᠠ ᠮᠦᠩᠬᠦᠨ ᠠᠭᠤᠯᠠ ᠮᠦᠨ ᠬᠡᠬᠦ ᠤᠶᠢᠯᠠᠭᠠᠭᠳᠠᠬᠤᠨ ᠢ ᠪᠣᠶ ᠪᠣᠯᠭᠠᠨ ᠦᠶᠯᠡᠳᠦᠯᠭᠡᠵᠢᠭᠦᠯᠵᠦ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ︽ᠮᠠᠯᠵᠢᠬᠤ ᠳ᠋ᠠᠵᠠᠶ︾᠎ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ ᠣᠷᠣᠰᠢᠨ ᠰᠠᠭᠤᠷᠢᠰᠢᠬᠤ ᠦᠶᠯᠡᠰ ᠪᠣᠰᠬᠠᠬᠤ ᠳᠤ ᠲᠣᠬᠢᠷᠠᠮᠵᠢᠲᠠᠶ ᠠᠮᠢ ᠠᠬᠤᠢ ᠶᠢᠨ ᠬᠡᠯᠪᠡᠷᠢ ᠶᠢᠨ ᠰᠣᠶᠣᠯ ᠤᠨ ᠴᠢᠨᠠᠷᠵᠢᠭᠤᠨ ᠪᠦᠬᠦᠢ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ ︽ᠵᠠᠰᠠᠭ ᠤᠨ ᠣᠷᠳᠣᠨ ᠵᠣᠬᠢᠶᠠᠨ ᠪᠠᠶᠢᠭᠤᠯᠬᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠲᠤᠬᠠᠢ ᠶᠢᠨ ᠭᠠᠵᠠᠷ ᠲᠤᠨᠢ ᠲᠣᠬᠢᠷᠠᠭᠤᠯᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠵᠠᠷᠴᠢᠮ ᠶᠣᠰᠣᠭᠠᠷ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠪᠠ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠬᠦᠴᠦᠲᠡᠢ ᠠᠬᠢᠭᠤᠯᠤᠨ ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢᠨ ᠦᠢᠯᠡᠰ ᠢ ᠬᠦᠭᠵᠢᠬᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠨ ᠬᠠᠶᠢᠷᠠᠯᠠᠬᠤ ᠪᠣᠯᠪᠠᠰᠤᠨ ᠰᠢᠨ᠎ᠡ ᠬᠡᠪ ᠰᠤᠷᠲᠠᠯ ᠢ ᠪᠠᠳᠠᠷᠠᠭᠤᠯᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ᠂ ᠨᠤᠮᠢᠨ ᠲᠠᠩᠰᠤᠭ ᠬᠦᠭᠵᠢᠨ ᠮᠠᠨᠳᠣᠯᠲᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃      ᠬᠤᠶᠠᠷ᠂ ᠠᠵᠢᠯ ᠤᠨ ᠡᠭᠦᠷᠭᠡ      ︵ᠨᠢᠭᠡ︶ ᠡᠯ᠎ᠡ ᠰᠤᠮᠤ ᠪᠠᠯᠭᠠᠰᠤ᠄      ⒈ 2015᠂ 2016 ᠣᠨ ᠤ ᠣᠶᠢᠲᠤ ᠭᠠᠵᠠᠷ ᠢ ᠬᠤᠪᠢᠷᠠᠭᠤᠯᠬᠤ ᠪᠠᠶᠢᠴᠠᠭᠠᠯᠲᠠ ᠵᠢᠴᠢ 2019 ᠣᠨ ᠎ ᠤ ᠣᠢ ᠰᠢᠭᠤᠶ ᠶᠢᠨ ᠬᠢᠨᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠪᠣᠯᠬᠤ ᠠᠲᠠᠷ ᠬᠠᠭᠠᠯᠪᠤᠷᠢᠯᠠᠭᠰᠠᠨ ᠭᠠᠵᠠᠷ ᠢ ᠨᠥᠬᠦᠵᠦ ᠲᠠᠷᠢᠨ᠎ᠡ᠃      ⒉ ᠵᠠᠰᠠᠮᠠᠯ ᠵᠠᠮ ᠤᠨ ᠬᠤᠶᠠᠷ ᠬᠠᠵᠠᠭᠤ ᠪᠠᠷ ᠦᠵᠡᠭᠳᠡᠬᠦ ᠬᠡᠪᠴᠢᠶᠡᠨ ᠳᠠᠬᠢ ᠨᠡᠬᠦᠳᠡᠯ ᠮᠠᠩᠬᠠᠨ ᠲᠤᠪᠤᠴᠠᠭ ᠎ ᠳᠤ ᠪᠤᠷᠭᠠᠰᠤ ᠲᠠᠷᠢᠵᠤ ᠡᠯᠡᠰᠦᠨ ᠬᠠᠯᠬᠠᠪᠴᠢ ᠪᠣᠰᠬᠠᠨ᠎ᠠ᠃      ⒊ ᠡᠯᠡᠰᠦᠷᠬᠡᠭᠵᠢᠭᠰᠡᠨ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠦ ᠬᠠᠷᠢᠶ᠎ᠠ ᠭᠠᠵᠠᠷ ᠤᠨ ᠵᠠᠰᠠᠬᠤ ᠴᠢᠬᠤᠯᠠ ᠲᠠᠢ ᠡᠯᠡᠰᠦᠷᠬᠡᠭᠵᠢᠭᠰᠡᠨ ᠲᠠᠯᠠᠪᠠᠢ ︵ᠮᠠᠩᠬᠠᠨ ᠲᠤᠪᠤᠴᠠᠭ᠂ ᠡᠯᠡᠰᠦᠷᠬᠡᠭᠵᠢᠭᠰᠡᠨ ᠣᠢ ᠪᠡᠯᠴᠢᠭᠡᠷ︶᠂ ᠡᠷᠦᠬᠡ ᠶᠢᠨ ᠲᠤᠭ᠎ᠠ᠂ ᠤᠶᠢᠵᠢᠭᠤᠯᠬᠤ ᠬᠦᠰᠡᠯ ᠡᠷᠡᠮᠡᠯᠵᠡᠯ ᠲᠠᠢ ᠳᠠᠭᠠᠭᠠᠴᠢᠯᠠᠯᠲᠠ ᠬᠢᠵᠦ ᠪᠠᠶᠢᠬᠤ ᠮᠠᠯᠴᠢᠨ ᠲᠠᠷᠢᠶᠠᠴᠢᠨ ᠡᠷᠤᠬᠡ ᠶᠢ ᠪᠦᠷᠢᠳᠬᠡᠨ᠎ᠡ ︵ᠵᠠᠰᠠᠬᠤ ᠬᠡᠯᠪᠡᠷᠢ᠄ ᠤᠨ ᠬᠤᠪᠢᠶᠠᠨ ᠪᠢᠲᠡᠭᠦᠮᠵᠢᠯᠡᠨ ᠵᠠᠰᠠᠵᠤ ᠲᠣᠤᠷ ᠬᠦᠷᠢᠶ᠎ᠡ᠂ ᠬᠠᠰᠢᠯᠭ᠎ᠠ ᠲᠤᠬᠢᠷᠠᠭᠤᠯᠵᠦ᠂ ᠬᠤᠰᠢᠭᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠩᠭᠠᠵᠤ ᠳᠠᠭᠠᠭᠠᠴᠢᠯᠠᠭᠴᠢ ᠠᠴᠠ ᠬᠦᠷᠢᠶᠡᠯᠡᠵᠦ ᠨᠥᠬᠦᠵᠦ ᠲᠠᠷᠢᠨ᠎ᠠ︶᠃      ⒋ ᠪᠣᠳᠠ ᠮᠣᠳᠤ ᠶᠢ ᠲᠡᠭᠰᠢᠯᠡᠬᠦ ᠵᠢᠴᠢ ᠲᠤᠳᠤᠮᠳᠠᠬᠤ ᠠᠵᠢᠯ ᠢ ᠢᠳᠡᠪᠬᠢᠲᠡᠢ ᠥᠷᠨᠢᠭᠦᠯᠦᠨ᠎ᠡ᠃      ︵ᠬᠤᠶᠠᠷ︶ ᠬᠤᠰᠢᠭᠤ ᠰᠢᠭᠤᠳ ᠡᠯ᠎ᠡ ᠰᠠᠯᠠᠭ᠎ᠠ ᠮᠥᠴᠢᠷ᠄      ⒈ ︽3 + 1︾ ᠬᠠᠷᠢᠯᠴᠠᠨ ᠬᠠᠪᠰᠤᠷᠤᠯᠴᠠᠬᠤ ᠭᠠᠴᠠᠭ᠎ᠠ ᠲᠣᠰᠬᠤᠨ ᠲᠠᠢ ᠬᠠᠮᠲᠤ ᠪᠠᠷ 2015 ᠤᠨ᠂ 2016 ᠤᠨ ᠤ ᠣᠶᠢᠲᠤ ᠭᠠᠵᠠᠷ ᠢ ᠬᠤᠪᠢᠷᠠᠭᠤᠯᠬᠤ ᠲᠤᠬᠠᠢ ᠪᠠᠶᠢᠴᠠᠭᠠᠯᠲᠠ ᠵᠢᠴᠢ 2019 ᠤᠨ ᠤ ᠣᠢ ᠰᠢᠭᠤᠶ ᠶᠢᠨ ᠬᠢᠨᠠᠨ ᠪᠠᠶᠢᠴᠠᠭᠠᠯᠳᠠ ᠳᠤ ᠢᠯᠡᠷᠡᠬᠦᠯᠥᠭᠰᠡᠨ ᠠᠰᠠᠭᠤᠳᠠᠯ ᠪᠤᠯᠬᠤ ᠠᠲᠠᠷ ᠬᠠᠭᠠᠯᠪᠤᠷᠢᠯᠠᠭᠰᠠᠨ ᠭᠠᠵᠠᠷ ᠢ ᠨᠥᠬᠦᠵᠦ ᠲᠠᠷᠢᠬᠤ ᠠᠵᠢᠯ ᠢ ᠪᠡᠶᠡᠯᠡᠭᠦᠯᠦᠨ᠎ᠡ᠃      ⒉ ︽3 + 1︾ ᠬᠠᠷᠢᠯᠴᠠᠨ ᠬᠠᠪᠰᠤᠷᠤᠯᠴᠠᠬᠤ ᠭᠠᠴᠠᠭ᠎ᠠ ᠲᠣᠰᠬᠤᠨ ᠲᠠᠢ ᠬᠠᠮᠲᠤ ᠪᠠᠷ ᠵᠠᠰᠠᠮᠠᠯ ᠵᠠᠮ ᠤᠨ ᠬᠤᠶᠠᠷ ᠬᠠᠵᠠᠭᠤ ᠶᠢᠨ ᠦᠵᠡᠭᠳᠡᠬᠦ ᠬᠡᠪᠴᠢᠶᠡᠨ ᠳᠠᠬᠢ ᠮᠠᠩᠬᠠᠨ ᠳᠣᠪᠤᠴᠠᠭ ᠳᠤ ᠪᠤᠷᠭᠠᠰᠤ ᠲᠠᠷᠢᠵᠤ᠂ ᠡᠯᠡᠰᠦᠨ ᠬᠠᠯᠬᠠᠪᠴᠢ ᠪᠣᠰᠬᠠᠬᠤ ᠬᠡᠷᠡᠭᠲᠡᠶ᠃      ⒊ᠬᠡᠷᠡᠭᠴᠡᠭᠡ ᠪᠠᠨ ᠦᠨᠳᠦᠰᠦᠯᠡᠨ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠥᠪᠯᠡᠷᠡᠭᠦᠯᠦᠨ ᠲᠠᠷᠢᠭᠰᠠᠨ ᠭᠠᠵᠠᠷ ᠲᠤ ᠨᠥᠬᠦᠵᠦ ᠲᠠᠷᠢᠬᠤ ᠨᠥᠬᠦᠵᠦ ᠤᠶᠢᠵᠢᠭᠤᠯᠬᠤ ᠠᠵᠢᠯ ᠢ ᠥᠷᠨᠢᠭᠦᠯᠵᠦ ᠭᠤᠤᠯᠳᠠᠭᠤ ᠪᠤᠷᠭᠠᠰᠤ ᠪᠠ ᠬᠦᠷᠡᠩ ᠲᠦᠷᠦᠭᠦᠲᠦ ᠬᠤᠩᠭᠤᠷᠴᠤᠭ ᠢᠶᠠᠷ ᠭᠤᠤᠯᠯᠠᠭᠤᠯᠤᠨ᠎ᠠ᠃     ᠭᠤᠷᠪᠠ᠂ ᠠᠵᠢᠯ ᠤᠨ ᠲᠣᠬᠢᠷᠠᠭᠤᠯᠤᠯᠲᠠ      ︵ᠨᠢᠭᠡ︶ ᠴᠠᠭ ᠤᠨ ᠲᠣᠬᠢᠷᠠᠭᠤᠯᠤᠯᠲᠠ᠃ 10 ᠰᠠᠷ᠎ᠠ ᠶᠢᠨ 12᠎ ᠤᠨ ᠡᠳᠦᠷ ᠠᠴᠠ 10 ᠰᠠᠷ᠎ᠠ ᠶᠢᠨ 15᠎ ᠤ ᠡᠳᠦᠷ ᠪᠣᠯᠲᠠᠯ᠎ᠠ ᠤᠬᠠᠭᠤᠯᠭ᠎ᠠ᠂ ᠳᠠᠶᠢᠴᠢᠯᠠᠯᠲᠠ᠂ ᠡᠭᠦᠷᠭᠡ ᠶᠢᠨ ᠵᠠᠳᠠᠯᠤᠯᠲᠠ ᠶᠢᠨ ᠱᠠᠲᠤ ᠦᠶ᠎ᠡ ᠪᠣᠯᠤᠨ᠎ᠠ︔ 10 ᠰᠠᠷ᠎ᠠ ᠶᠢᠨ 16᠎ ᠤ ᠡᠳᠦᠷ ᠠᠴᠠ 10 ᠰᠠᠷ᠎ᠠ ᠶᠢᠨ 24᠎ ᠤ ᠡᠳᠦᠷ ᠪᠤᠯᠳᠠᠯ᠎ᠠ ᠲᠥᠪᠯᠡᠷᠡᠭᠦᠯᠦᠨ ᠮᠣᠳᠣ ᠲᠠᠷᠢᠬᠤ ᠱᠠᠲᠤ ᠦᠶ᠎ᠡ ᠪᠣᠯᠤᠨ᠎ᠠ︔ 10 ᠰᠠᠷ᠎ᠠ ᠶᠢᠨ 25᠎ ᠤ ᠡᠳᠦᠷ ᠠᠴᠠ 10 ᠰᠠᠷ᠎ᠠ ᠶᠢᠨ 30᠎ ᠤ ᠡᠳᠦᠷ ᠪᠤᠯᠳᠠᠯ᠎ᠠ ᠪᠦᠬᠦ ᠲᠠᠯ᠎ᠠ ᠪᠠᠷ ᠰᠢᠯᠭᠠᠨ ᠬᠤᠷᠢᠶᠠᠬᠤ ᠱᠠᠲᠤ ᠦᠶ᠎ᠡ ᠪᠣᠯᠤᠨ᠎ᠠ᠃      ︵ᠬᠤᠶᠠᠷ︶ ᠣᠷᠣᠯᠴᠠᠭᠴᠢ ᠳᠤ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶᠎ ᠤᠨ ᠬᠠᠮᠢᠶᠠᠷᠤᠯᠲᠠ ᠶᠢᠨ ᠵᠥᠪᠯᠡᠯ ᠤᠨ ᠺᠠᠳ᠋ᠷ ᠠᠵᠢᠯᠲᠠᠳ᠂ ᠡᠯ᠎ᠡ ᠠᠵᠤ ᠠᠬᠤᠶᠢᠯᠠᠯ ᠤᠨ ᠠᠵᠢᠯᠲᠠᠳ᠂ 61 ᠭᠠᠴᠠᠭ᠎ᠠ ᠲᠣᠰᠬᠤᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠳᠤ ᠲᠣᠬᠢᠷᠠᠬᠤ ᠨᠠᠰᠤᠨ ᠤ ᠮᠠᠯᠴᠢᠨ ᠲᠠᠷᠢᠶᠠᠴᠢᠳ ᠪᠠᠭᠲᠠᠨ᠎ᠠ ︵ᠡᠷᠡᠭᠲᠡᠶ ᠠᠷᠪᠠᠨ ᠨᠠᠢᠮᠠᠨ ᠪᠦᠬᠦᠯᠢ ᠨᠠᠰᠤᠨ ᠠᠴᠠ ᠵᠢᠷᠠᠨ ᠪᠦᠬᠦᠯᠢ ᠨᠠᠰᠤ᠂ ᠡᠮᠡᠭᠲᠡᠶ ᠠᠷᠪᠠᠨ ᠨᠠᠢᠮᠠᠨ ᠪᠦᠬᠦᠯᠢ ᠨᠠᠰᠤᠨ ᠠᠴᠠ ᠲᠠᠪᠢᠨ ᠲᠠᠪᠤᠨ ᠪᠦᠬᠦᠯᠢ ᠨᠠᠰᠤ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠳ ᠠᠴᠠ ᠭᠠᠳᠠᠨ᠎ᠠ︶᠃ ᠬᠥᠮᠦᠨ ᠪᠦᠷᠢ ᠠᠯᠪᠠᠨ ᠵᠢᠷᠤᠮ ᠤᠨ ᠮᠣᠳᠣ ᠲᠠᠷᠢᠬᠤ ᠳᠤ ᠣᠷᠣᠯᠴᠠᠬᠤ ᠬᠤᠭᠤᠴᠠᠭ᠎ᠠ ᠨᠢ 7 ᠠᠵᠢᠯᠯᠠᠬᠤ ᠡᠳᠦᠷ ᠠᠴᠠ ᠳᠣᠤᠷ᠎ᠠ ᠪᠠᠶᠢᠵᠤ ᠪᠣᠯᠬᠤ ᠦᠭᠡᠢ᠃      ᠲᠦᠷᠪᠡ᠂ ᠮᠡᠷᠭᠡᠵᠢᠯ ᠤᠨ ᠱᠠᠭᠠᠷᠳᠠᠯᠭ᠎ᠠ      ︵ᠨᠢᠭᠡ︶ ᠮᠤᠳᠤᠨ ᠤ ᠲᠦᠷᠦᠯ ᠰᠤᠩᠭᠤᠬᠤ᠃ ᠭᠠᠵᠠᠷ ᠤᠷᠤᠨ ᠳᠤᠨᠢ ᠲᠤᠬᠢᠷᠠᠭᠤᠯᠤᠨ ᠮᠤᠳᠤ ᠲᠠᠷᠢᠬᠤ ᠵᠠᠷᠴᠢᠮ ᠢ ᠪᠠᠷᠢᠮᠳᠠᠯᠠᠨ ᠪᠤᠳᠠ ᠮᠤᠲᠤ ᠪᠠᠷ ᠭᠤᠤᠯ ᠪᠤᠯᠭᠠᠵᠦ᠂ ᠵᠢᠱᠢᠶᠡᠯᠡᠪᠡᠯ ᠪᠤᠷᠭᠠᠰᠤ᠂ ᠪᠣᠷᠣ ᠲᠦᠷᠦᠭᠦᠲᠦ ᠬᠤᠩᠭᠤᠷᠴᠣᠭᠲᠤ ᠮᠣᠳᠣ ᠵᠡᠷᠭᠡ ᠶᠢ ᠲᠠᠷᠢᠨ᠎ᠠ᠃      ︵ᠬᠤᠶᠠᠷ︶ ᠰᠤᠶᠤᠭ᠎ᠠ ᠮᠣᠳᠣᠨ ᠤ ᠪᠠᠷᠢᠮᠵᠢᠶ᠎ᠠ᠃ ᠪᠤᠷᠭᠠᠰᠤ᠄ ᠵᠢᠵᠢᠭ ᠲᠣᠯᠣᠭᠠᠶ ᠶᠢᠨ ᠳ᠋ᠢᠶᠠᠮᠧᠲᠷ ᠨᠢ 0.5 c m᠂ H = 60 c m᠃ ᠤᠯᠠᠭᠠᠨ ᠰᠤᠬᠠᠶ᠄ ᠵᠢᠵᠢᠭ ᠲᠣᠯᠣᠭᠠᠶ ᠶᠢᠨ ᠳ᠋ᠢᠶᠠᠮᠧᠲᠷ ᠨᠢ 0.5 c m᠂ H = 40 c m᠃      ︵ᠭᠤᠷᠪᠠ︶ ᠲᠠᠷᠢᠵᠤ᠂ ᠲᠠᠭᠠᠷᠢᠵᠤ ᠳᠡᠭᠰᠢᠯᠡᠬᠦ ᠱᠠᠭᠠᠷᠳᠠᠯᠭ᠎ᠠ᠃      ⒈ ᠪᠤᠳᠠ ᠮᠤᠳᠤ ᠶᠢ ᠲᠠᠷᠢᠬᠤ ᠱᠠᠭᠠᠷᠳᠠᠯᠭ᠎ᠠ᠄ ᠰᠠᠭᠤᠷᠢ ᠶᠢᠨ ᠮᠦᠷ ᠤᠨ ᠵᠠᠢ ᠶᠢ 1×3 ᠮᠧᠲᠷ ᠪᠠᠶᠢᠯᠭᠠᠵᠤ᠂ ᠨᠦᠬᠡ ᠪᠦᠷᠢ ᠳᠤ ᠭᠤᠷᠪᠠᠨ ᠰᠠᠭᠤᠷᠢ ᠲᠠᠷᠢᠨ ᠬᠦᠷᠦᠰᠦ ᠶᠢᠨ ᠪᠦᠷᠬᠦᠪᠴᠢ ᠶᠢ 2cm᠎ ᠤᠨ ᠤᠷᠴᠢᠮ ᠪᠠᠶᠢᠯᠭᠠᠵᠤ ᠪᠤᠳᠠ ᠮᠤᠳᠤ ᠲᠠᠷᠢᠭᠰᠠᠨ ᠪᠦᠬᠦ ᠭᠠᠵᠠᠷ ᠲᠤ ᠡᠷᠬᠡᠪᠰᠢ ᠡᠯᠡᠰᠦᠨ ᠬᠠᠰᠢᠯᠭ᠎ᠠ ᠪᠠᠷᠢᠨ᠂ ᠡᠯᠡᠰᠦᠨ ᠬᠠᠰᠢᠯᠭ᠎ᠠ ᠶᠢ ᠪᠦᠰᠡᠯᠢᠭ ᠬᠡᠯᠪᠡᠷᠢ ᠪᠠᠷ ᠶᠠᠪᠤᠭᠳᠠᠭᠤᠯᠤᠨ ᠪᠦᠰᠡᠯᠢᠭ ᠤᠨ ᠵᠠᠢ ᠶᠢ 3 ᠮᠧᠲᠷ ᠪᠠᠶᠢᠯᠭᠠᠨ᠎ᠠ᠃      ⒉ ᠲᠠᠭᠠᠷᠢᠨ ᠳᠡᠭᠰᠢᠯᠡᠵᠤ ᠠᠷᠠᠴᠢᠯᠠᠬᠤ ᠱᠠᠭᠠᠷᠳᠠᠯᠭ᠎ᠠ᠄      ︵ᠨᠢᠭᠡ︶ ᠪᠤᠷᠭᠠᠰᠤ ᠲᠤᠷᠯᠤᠭ ᠢ ᠲᠠᠭᠠᠷᠢᠨ ᠳᠡᠭᠰᠢᠯᠡᠵᠤ ᠠᠷᠠᠴᠢᠯᠠᠬᠤ ᠬᠡᠯᠪᠡᠷᠢ ᠨᠢ ᠮᠠᠭᠤᠳᠠᠭᠰᠠᠨ ᠤᠶᠢᠲᠤ ᠭᠠᠵᠠᠷ ᠤᠨ ᠪᠤᠳᠠᠲᠤ ᠪᠠᠶᠢᠳᠠᠯ ᠢ ᠦᠨᠳᠦᠰᠦᠯᠡᠵᠤ ᠦᠬᠦᠰᠢᠷᠡᠵᠤ ᠮᠠᠭᠤᠳᠠᠭᠰᠠᠨ ᠪᠤᠷᠭᠠᠰᠤ ᠪᠠ ᠲᠤᠷᠯᠤᠭ ᠵᠡᠷᠭᠡ ᠪᠤᠲᠠ ᠮᠤᠳᠤᠨ ᠤ ᠲᠦᠷᠦᠯ ᠢ ᠲᠠᠭᠠᠷᠢᠨ ᠳᠡᠭᠰᠢᠯᠡᠵᠤ ᠢᠭᠴᠤ ᠰᠠᠬᠤᠯᠢᠭ ᠪᠤᠯᠭᠠᠵᠤ᠂ ᠲᠠᠭᠠᠷᠢᠵᠤ ᠳᠡᠭᠰᠢᠯᠡᠬᠦ ᠬᠡᠮᠵᠢᠶ᠎ᠡ ᠶᠢ 70%᠎ ᠳᠤ ᠬᠦᠷᠬᠡᠬᠦ ᠬᠡᠷᠡᠭᠲᠠᠢ᠃      ︵ᠬᠤᠶᠠᠷ︶ ᠪᠦᠰᠡ ᠠᠯᠤᠰᠯᠠᠨ ᠲᠠᠭᠠᠷᠢᠬᠤ ᠠᠷᠭ᠎ᠠ ᠪᠠᠷ ᠲᠠᠭᠠᠷᠢᠨ ᠳᠡᠭᠰᠢᠯᠡᠵᠤ ᠪᠦᠰᠡ ᠶᠢᠨ ᠦᠷᠭᠡᠨ ᠨᠢ 20 ᠮᠧᠲᠷ᠂ ᠪᠦᠰᠡ ᠶᠢᠨ ᠬᠤᠭᠤᠷᠤᠨᠳᠤᠬᠢ ᠵᠠᠢ ᠶᠢ 20 ᠮᠧᠲᠷ ᠪᠠᠶᠢᠯᠭᠠᠬᠤ ᠬᠡᠷᠡᠭᠲᠠᠢ᠃      ︵ᠭᠤᠷᠪᠠ︶ ᠲᠠᠭᠠᠷᠢᠨ ᠳᠡᠭᠰᠢᠯᠡᠵᠤ ᠠᠷᠠᠴᠢᠯᠠᠬᠤ ᠬᠤᠭᠤᠴᠠᠭ᠎ᠠ᠄ ᠨᠠᠮᠤᠷ ᠤᠨ ᠤᠯᠠᠷᠢᠯ ᠭᠠᠵᠠᠷ ᠬᠦᠯᠳᠡᠭᠰᠡᠨ ᠎ ᠤ ᠳᠠᠷᠠᠭ᠎ᠠ ᠲᠠᠭᠠᠷᠢᠨ ᠳᠡᠭᠰᠢᠯᠡᠵᠤ᠂ ᠲᠠᠭᠠᠷᠢᠵᠤ ᠳᠡᠭᠰᠢᠯᠡᠬᠦ ᠬᠡᠮᠵᠢᠶ᠎ᠡ ᠶᠢ 35%᠎ ᠳᠤ ᠬᠦᠷᠭᠡᠬᠦ ᠬᠡᠷᠡᠭᠲᠠᠢ᠃      ︵ᠲᠦᠷᠪᠡ︶ ᠲᠠᠭᠠᠷᠢᠨ ᠳᠡᠭᠰᠢᠯᠡᠬᠦ ᠪᠠᠷᠢᠮᠵᠢᠶ᠎ᠠ᠄ ᠪᠤᠷᠭᠠᠰᠤ ᠶᠢ ᠲᠠᠭᠠᠷᠢᠨ ᠳᠡᠭᠰᠢᠯᠡᠬᠦ ᠳᠤ ᠲᠤᠤᠭᠤᠷ ᠨᠢ ᠲᠠᠭᠠᠷᠢᠵᠤ ᠦᠯᠡᠳᠡᠭᠰᠡᠨ ᠭᠡᠰᠡᠭ ᠤᠨ ᠦᠨᠳᠦᠷ ᠢ 5cm᠎ ᠠᠴᠠ ᠳᠠᠪᠠᠭᠤᠯᠬᠤ ᠦᠭᠡᠢ ᠪᠠᠶᠢᠯᠭᠠᠨ ᠳᠡᠭᠰᠢ ᠲᠠᠭᠠᠷᠢᠬᠤ ᠎ ᠶᠢᠨ ᠬᠠᠮᠲᠤ ᠰᠠᠯᠪᠠᠯᠠᠵᠤ ᠪᠤᠯᠬᠤ ᠦᠭᠡᠢ᠃ ᠲᠤᠷᠯᠤᠭ ᠢ ᠲᠠᠭᠠᠷᠢᠨ ᠳᠡᠭᠰᠢᠯᠡᠬᠦ ᠳᠤ ᠨᠠᠮᠤᠷ ᠤᠨ ᠤᠯᠠᠷᠢᠯ ᠬᠠᠳᠤᠭᠤᠷ ᠎ ᠢᠶᠠᠷ ᠬᠠᠳᠤᠵᠤ ᠭᠠᠵᠠᠷ ᠤᠨ ᠭᠠᠳᠠᠷᠭᠤ ᠲᠠᠢ ᠳᠡᠭᠰᠢ ᠪᠠᠶᠢᠯᠭᠠᠬᠤ ᠬᠡᠷᠡᠭᠲᠠᠢ᠃      ︵ᠲᠠᠪᠤ︶ ᠡᠩ ᠤᠨ ᠣᠶᠶ᠎ᠠ ᠳᠤ ᠮᠠᠯ ᠪᠡᠯᠴᠢᠭᠡᠷᠯᠡᠬᠦᠯᠬᠦ ᠶᠢ ᠬᠤᠷᠢᠭᠯᠠᠬᠤ ᠠᠵᠢᠯ ᠢ ᠰᠠᠶᠢᠲᠤᠷ ᠬᠢᠵᠦ᠂ ᠣᠢ ᠮᠣᠳᠣᠨ ᠤ ᠨᠡᠩ ᠰᠠᠶᠢᠨ ᠤᠷᠭᠤᠬᠤ ᠶᠢ ᠪᠠᠲᠤᠯᠠᠬᠤ ᠬᠡᠷᠡᠭᠲᠡᠢ᠃     ᠲᠠᠪᠤ᠂ ᠪᠠᠲᠤᠯᠠᠭ᠎ᠠ ᠶᠢᠨ ᠠᠷᠭ᠎ᠠ ᠪᠠᠷᠢᠯ      ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤ ᠠᠷᠠᠳ ᠤᠨ ᠵᠠᠰᠠᠭ ᠤᠨ ᠤᠷᠳᠤᠨ 2019 ᠤᠨ ᠤ ᠨᠠᠮᠤᠷ ᠤᠨ ᠤᠯᠠᠷᠢᠯ ᠤᠨ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯ ᠎ ᠤᠨ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠵᠤ᠂ ᠬᠤᠰᠢᠭᠤ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶᠎ ᠤᠨ ᠬᠠᠮᠢᠶᠠᠷᠤᠯᠲᠠ ᠶᠢᠨ ᠵᠦᠪᠯᠡᠯ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠤᠯᠭᠠᠵᠤ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ︶᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠬᠢᠨ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠵᠤ ᠪᠤᠳᠠᠲᠠᠢ ᠬᠠᠷᠢᠭᠤᠴᠠᠨ᠎ᠠ᠃ ᠤᠳᠤᠷᠢᠳᠬᠤ ᠪᠠᠭ᠎ᠠ ᠳᠤᠭᠤᠶᠢᠯᠠᠩ ᠤᠨ ᠠᠯᠪᠠᠨ ᠭᠡᠷ ᠢ ᠬᠤᠰᠢᠭᠤ ᠤᠢ ᠰᠢᠭᠤᠢ ᠶᠢᠨ ᠨᠤᠲᠤᠭ ᠪᠡᠯᠴᠢᠭᠡᠷ ᠤᠨ ᠲᠤᠪᠴᠢᠶᠠᠨ ᠳᠤ ᠳᠤᠬᠢᠷᠠᠭᠤᠯᠵᠤ ᠠᠯᠪᠠᠨ ᠭᠡᠷ ᠤᠨ ᠡᠷᠬᠢᠯᠡᠭᠴᠢ ᠶᠢ ᠹᠠᠨ ᠺᠦᠨ ᠲᠤᠰᠢᠶᠠᠯ ᠬᠠᠪᠰᠤᠷᠭᠠᠨ ᠬᠠᠷᠢᠭᠤᠴᠠᠨ᠎ᠠ᠃      ︵ᠬᠤᠶᠠᠷ︶ ᠲᠠᠷᠢᠵᠤ ᠵᠠᠶᠢᠯᠠᠬᠤ ᠴᠢᠨᠠᠷ ᠢ ᠪᠠᠲᠤᠯᠠᠨ᠎ᠠ᠃ ᠤᠶᠢᠵᠢᠭᠤᠯᠭ᠎ᠠ ᠶᠢᠨ ᠬᠤᠭᠤᠴᠠᠭᠠᠨ ᠳᠤ ᠬᠤᠰᠢᠭᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠮᠡᠷᠭᠡᠵᠢᠯ ᠤᠨ ᠳᠤᠭᠤᠶᠢᠯᠠᠩ  ︵ᠡᠯ᠎ᠡ ᠰᠤᠮᠤ ᠪᠠᠯᠭᠠᠰᠤᠨ ᠤ ᠤᠢ ᠰᠢᠭᠤᠢ ᠶᠢᠨ ᠠᠵᠢᠯ ᠤᠨ ᠦᠷᠲᠡᠭᠡ︶᠎ ᠤᠨ ᠲᠤᠰᠬᠠᠢ ᠮᠡᠷᠭᠡᠵᠢᠯᠲᠡᠨ ᠳᠤᠬᠠᠢ ᠶᠢᠨ ᠭᠠᠵᠠᠷ ᠲᠤ ᠮᠡᠷᠭᠡᠵᠢᠯ ᠤᠨ ᠵᠢᠭᠠᠨ ᠵᠢᠯᠤᠭᠤᠳᠤᠯᠭ᠎ᠠ ᠬᠢᠨ᠎ᠡ ︵ᠳᠠᠭᠠᠯᠳᠤᠭᠤᠯᠤᠯ ᠢ ᠨᠠᠷᠢᠨ ᠦᠵᠡᠭᠡᠷᠡᠶ︶᠃      ︵ᠭᠤᠷᠪᠠ︶ ᠨᠠᠶᠢᠳᠠᠪᠤᠷᠢᠵᠢᠭᠤᠯᠤᠯᠲᠠ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠤᠶᠢᠵᠢᠭᠤᠯᠭ᠎ᠠ ᠎ ᠶᠢᠨ ᠬᠤᠭᠤᠴᠠᠭᠠᠨ ᠳᠤ ᠬᠤᠰᠢᠭᠤ ᠨᠠᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠳᠠᠰᠤᠭ᠂ ᠬᠤᠰᠢᠭᠤ ᠠᠷᠠᠳ ᠎ ᠤᠨ ᠵᠠᠰᠠᠭ ᠤᠨ ᠤᠷᠳᠤᠨ ᠤ ᠱᠠᠭᠠᠷᠳᠠᠨ ᠪᠠᠶᠢᠴᠠᠭᠠᠬᠤ ᠳᠠᠰᠤᠭ᠂ ᠬᠤᠰᠢᠭᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠬᠠᠮᠲᠤᠷᠠᠨ ᠱᠠᠭᠠᠷᠳᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠤᠨ ᠤᠶᠢᠵᠢᠭᠤᠯᠭ᠎ᠠ ᠶᠢᠨ ᠠᠵᠢᠯ ᠡᠬᠦᠷᠭᠡ ᠎ ᠶᠢ ᠲᠤᠭᠤᠰᠢᠯᠠᠭᠤᠯᠤᠭᠰᠠᠨ ᠪᠠᠶᠢᠳᠠᠯ ᠢ ᠭᠤᠤᠯᠳᠠᠯᠭᠠᠲᠠᠢ ᠪᠠᠶᠢᠴᠠᠭᠠᠵᠤ᠂ ᠪᠠᠶᠢᠴᠠᠭᠠᠯᠲᠠ ᠶᠢᠨ ᠮᠡᠳᠡᠭᠡ ᠶᠢ ᠴᠠᠭ ᠲᠤᠬᠠᠢ ᠳᠤ ᠨᠢ ᠨᠡᠶᠢᠲᠡᠯᠡᠨ᠎ᠡ᠃ ᠰᠠᠶᠢᠲᠤᠷ ᠵᠤᠬᠢᠶᠠᠨ ᠪᠠᠶᠢᠭᠤᠯᠤᠭᠰᠠᠨ ᠦᠭᠡᠢ᠂ ᠤᠶᠢᠵᠢᠭᠤᠯᠤᠭᠰᠠᠨ ᠦᠭᠡᠢ᠂ ᠬᠤᠳᠠᠯ ᠬᠠᠭᠤᠷᠮᠠᠭ ᠮᠡᠳᠡᠭᠦᠯᠦᠭᠰᠡᠨ᠂ ᠡᠭᠦᠷᠭᠡ ᠪᠠᠨ ᠴᠠᠭ ᠲᠤᠬᠠᠢ ᠳᠤ ᠨᠢ ᠪᠡᠶᠡᠯᠡᠬᠦᠯᠦᠭᠰᠡᠨ ᠦᠭᠡᠢ ᠪᠠᠶᠢᠭᠤᠯᠭ᠎ᠠ ᠨᠢᠭᠡᠴᠢ ᠶᠢ ᠨᠡᠶᠢᠲᠡᠯᠡᠨ ᠰᠢᠬᠦᠮᠵᠢᠯᠡᠬᠦ ᠶᠢᠨ ᠬᠠᠮᠲᠤ ᠲᠤᠭᠲᠠᠭᠰᠠᠨ ᠬᠤᠭᠤᠴᠠᠭ᠎ᠠ ᠳᠤ ᠵᠠᠯᠠᠷᠠᠭᠤᠯᠤᠨ ᠵᠠᠰᠠᠬᠤ ᠪᠠᠷ ᠱᠠᠭᠠᠷᠳᠠᠨ᠎ᠠ᠃      ︵ᠲᠦᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠎ᠠ᠃ ᠤᠶᠢᠵᠢᠭᠤᠯᠭ᠎ᠠ ᠶᠢᠨ ᠬᠤᠭᠤᠴᠠᠭᠠᠨ ᠳᠤ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠯᠠᠨ ᠲᠦᠷᠦᠯ ᠤᠨ ᠠᠷᠭ᠎ᠠ ᠬᠡᠯᠪᠡᠷᠢ ᠪᠠᠷ ᠦᠷᠭᠡᠨ ᠬᠡᠪᠴᠢᠶ᠎ᠡ ᠪᠠᠷ ᠤᠬᠠᠭᠤᠯᠤᠨ ᠮᠡᠳᠡᠭᠡᠯᠡᠵᠤ ᠪᠦᠬᠦ ᠠᠷᠠᠳ ᠤᠨ ᠠᠯᠪᠠᠨ ᠵᠢᠷᠤᠮ ᠤᠨ ᠤᠶᠢᠵᠢᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠶ᠃      ︵ᠲᠠᠪᠤ︶ ᠴᠢᠭᠡᠴᠢ ᠵᠠᠰᠠᠭ ᠤᠨ ᠲᠤᠭᠲᠠᠭᠠᠯ ᠢ ᠴᠢᠩᠭ᠎ᠠ ᠰᠠᠬᠢᠨ᠎ᠠ᠃ ᠡᠯ᠎ᠡ ᠪᠠᠶᠢᠭᠤᠯᠭ᠎ᠠ ᠶᠢᠨ ᠤᠳᠤᠷᠢᠳᠬᠤ ᠺᠠᠳ᠋ᠷ ᠦᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠭᠠᠵᠤ ᠦᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠪᠠᠶᠢᠭᠤᠯᠭ᠎ᠠ ᠶᠢᠨ ᠪᠦᠬᠦ ᠠᠵᠢᠯᠲᠠᠨ ᠢ ᠤᠶᠢᠵᠢᠭᠤᠯᠭ᠎ᠠ ᠶᠢᠨ ᠠᠵᠢᠯ ᠳᠤ ᠤᠷᠤᠯᠴᠠᠭᠤᠯᠤᠨ᠎ᠠ᠃ ᠠᠷᠭᠠᠯᠠᠵᠤ ᠬᠠᠰᠢ ᠶᠠᠰᠢ ᠦᠩᠭᠡᠷᠡᠭᠦᠯᠬᠦ ᠪᠠ ᠦᠩᠭᠡᠨ ᠲᠠᠯ᠎ᠠ ᠶᠢᠨ ᠠᠵᠢᠯ ᠬᠢᠬᠦ ᠶᠢ ᠡᠷᠡᠰ ᠴᠡᠭᠡᠷᠯᠡᠨ᠎ᠡ᠃ ᠢᠳᠡᠭᠡᠨ ᠤᠮᠳᠠᠭᠠᠨ᠂ ᠮᠣᠳᠣ ᠲᠠᠷᠢᠬᠤ ᠪᠠᠭᠠᠵᠢ ᠬᠡᠷᠡᠭᠰᠡᠯ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠪᠥᠬᠦᠳᠡ ᠶᠢ ᠡᠯ᠎ᠡ ᠪᠠᠶᠢᠭᠤᠯᠭ᠎ᠠ ᠦᠪᠡᠷᠲᠡᠭᠡᠨ ᠪᠡᠯᠡᠳᠬᠡᠬᠦ ᠬᠡᠷᠡᠭᠲᠡᠶ᠂ ᠡᠨᠡ ᠬᠤᠭᠤᠴᠠᠭᠠᠨ ᠳᠤ ᠨᠥᠬᠦᠪᠥᠷᠢ ᠥᠭᠴᠦ ᠪᠣᠯᠬᠤ ᠦᠭᠡᠢ︔ ᠡᠯ᠎ᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶᠎ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠠᠯᠪᠠᠨ ᠵᠢᠷᠤᠮ ᠢᠶᠠᠷ ᠤᠶᠢᠵᠢᠭᠤᠯᠭ᠎ᠠ ᠬᠢᠬᠦ ᠨᠡᠷ᠎ᠡ ᠪᠠᠷ ᠬᠠᠮᠲᠤ ᠶᠢᠨ ᠪᠤᠳᠠᠭᠠᠯᠠᠯᠭ᠎ᠠ ᠪᠤᠶᠤ ᠪᠡᠯᠡ ᠴᠤᠭᠯᠠᠭᠤᠯᠵᠤ ᠪᠤᠳᠠᠭᠠᠯᠠᠬᠤ ᠠᠵᠢᠯᠯᠠᠭ᠎ᠠ ᠬᠢᠵᠤ ᠪᠣᠯᠬᠤ ᠦᠭᠡᠢ᠃      ︵ᠵᠢᠷᠭᠤᠭ᠎ᠠ︶ ᠴᠢᠮᠡᠭᠡ ᠵᠠᠩᠭᠢ ᠮᠡᠳᠡᠬᠦᠯᠦᠨ ᠭᠦᠷᠭᠡᠬᠦ ᠶᠢ ᠴᠢᠩᠭᠠᠳᠬᠠᠨ᠎ᠠ᠃ ᠠᠯᠪᠠᠨ ᠵᠢᠷᠤᠮ ᠤᠨ ᠤᠶᠢᠵᠢᠭᠤᠯᠭ᠎ᠠ ᠶᠢᠨ ᠠᠵᠢᠯᠯᠠᠭᠠᠨ ᠤ ᠬᠤᠭᠤᠴᠠᠭᠠᠨ ᠳᠤ ᠡᠯ᠎ᠡ ᠰᠤᠮᠤ ᠪᠠᠯᠭᠠᠰᠤ ᠡᠳᠦᠷ ᠪᠦᠷᠢ ᠶᠢᠨ ᠦᠳᠡ ᠶᠢᠨ ᠬᠤᠶᠢᠨᠠᠬᠢ 4 ᠴᠠᠭ ᠠᠴᠠ ᠡᠮᠦᠨ᠎ᠡ ᠬᠤᠰᠢᠭᠤ ᠨᠤᠭᠤᠭᠠᠷᠠᠭᠤᠯᠤᠯᠲᠠ ᠶᠢᠨ ᠵᠦᠪᠯᠡᠯ ᠤᠨ ᠠᠯᠪᠠᠨ ᠭᠡᠷ ᠲᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠬᠦᠯᠦᠨ ᠲᠤᠭ᠎ᠠ ᠪᠠᠷᠢᠮᠲᠠ᠂ ᠦᠰᠦᠭ ᠪᠢᠴᠢᠭ ᠤᠨ ᠲᠤᠲᠤᠷᠬᠠᠶᠢᠯᠠᠯ ᠪᠠ ᠵᠢᠷᠤᠭ ᠰᠡᠭᠦᠳᠡᠷ ᠪᠠᠶᠢᠬᠤ ᠬᠡᠷᠡᠭᠲᠠᠢ᠃      ᠬᠠᠷᠢᠯᠴᠠᠬᠤ ᠬᠦᠮᠦᠨ ᠦ᠋ ᠯᠧ ᠶᠤᠤ᠂ ᠬᠠᠷᠢᠯᠴᠠᠬᠤ ᠤᠳᠠᠰᠤ 18747729025          ᠢᠮᠧᠯ᠄1048846392 @qq.comᠳᠠᠭᠠᠯᠳᠤᠭᠤᠯᠤᠯ᠄ ᠠᠯᠪᠠᠨ ᠵᠢᠷᠤᠮ ᠤᠨ ᠮᠣᠳᠣ ᠲᠠᠷᠢᠬᠤ ᠠᠵᠢᠯ ᠤᠨ ᠦᠢᠯᠡᠴᠢᠯᠡᠭᠡᠨ ᠤ ᠬᠦᠰᠦᠨᠦᠭᠲᠦ                 ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                         2019 ᠣᠨ ᠤ 10 ᠰᠠᠷ᠎ᠠ ᠶᠢᠨ 11᠎ ᠤ ᠡᠳᠦᠷ ᠳᠠᠷᠣᠮᠠᠯᠯᠠᠨ ᠳᠠᠷᠬᠠᠭᠠᠪᠠ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号