ᠰᠢ ᠶᠢᠨ ᠫᠢᠩ ᠠᠩᠬᠠᠳᠤᠭᠠᠷ ᠬᠤᠭᠤᠴᠠᠭᠠᠨ ᠤ ᠤᠯᠤᠰ ᠠᠯᠤᠰᠯᠠᠬᠰᠠᠨ ᠺᠤᠮᠫᠠᠨᠢ ᠶᠢᠨ ᠤᠳᠤᠷᠢᠳᠬᠤ ᠬᠦᠮᠤᠰ ᠤᠨ ᠴᠢᠩᠳᠤᠤ ᠶᠢᠨ ᠲᠦᠷᠤᠬᠦᠴᠤᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠡᠢ
ᠨᠡᠶᠢᠲᠡᠯᠡᠭᠰᠡᠨ ᠴᠠᠭ᠄
2019-10-21
     ᠠᠩᠬᠠᠳᠤᠭᠠᠷ ᠬᠤᠭᠤᠴᠠᠭᠠᠨ ᠤ ᠤᠯᠤᠰ ᠠᠯᠤᠰᠯᠠᠬᠰᠠᠨ ᠺᠤᠮᠫᠠᠨᠢ ᠶᠢᠨ ᠤᠳᠤᠷᠢᠳᠬᠤ ᠬᠦᠮᠤᠰ ᠤᠨ ᠴᠢᠩᠳᠤᠤ ᠶᠢᠨ ᠲᠦᠷᠤᠬᠦᠴᠤᠳ ᠤᠨ ᠬᠤᠷᠠᠯ 19 ᠤ ᠡᠳᠤᠷ ᠱᠠᠨᠳᠦ᠋ᠩ ᠤᠨ ᠴᠢᠩᠳᠤᠤ ᠳᠤ ᠶᠠᠪᠤᠭᠳᠠᠪᠠ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠬᠡᠵᠡᠢ᠃      ᠰᠢ ᠶᠢᠨ ᠫᠢᠩ᠂ ᠳᠤᠮᠳᠠᠳᠤ ᠤᠯᠤᠰ ᠤᠨ ᠦᠬᠡᠷᠡᠴᠢᠯᠠᠯᠳᠠ ᠨᠡᠬᠡᠬᠡᠯᠳᠠ ᠶᠢᠨ 40 ᠭᠠᠷᠤᠢ ᠵᠢᠯ ᠤᠨ ᠲᠡᠦᠬᠡᠨ ᠶᠠᠪᠤᠴᠠ ᠳᠤ ᠤᠯᠤᠰ ᠠᠯᠤᠰᠯᠠᠬᠰᠠᠨ ᠺᠤᠮᠫᠠᠨᠢ ᠴᠢᠬᠤᠯᠠ ᠤᠷᠤᠯᠴᠠᠬᠴᠢ᠂ ᠭᠡᠷᠡᠴᠢᠯᠡᠭᠴᠢ ᠪᠠ ᠠᠰᠢᠬ ᠬᠦᠷᠳᠡᠭᠴᠢ ᠪᠤᠯᠤᠬᠰᠠᠨ ᠤ ᠬᠤᠪᠢ ᠳᠤ ᠢᠳᠡᠪᠬᠢ ᠤᠢᠢᠯᠡᠳᠤᠯ ᠪᠠᠳᠠᠷᠠᠭᠤᠯᠵᠠᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠯᠠᠪᠳᠠᠢ ᠨᠡᠬᠡᠬᠡᠯᠳᠡ ᠶᠢᠨ ᠡᠬᠦᠳᠠ ᠪᠠᠨ ᠶᠠᠪᠤᠬᠤ ᠲᠤᠳᠤᠮ ᠶᠡᠭᠡ ᠨᠡᠭᠡᠭᠡᠵᠦ᠂ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠢᠶᠠᠨ ᠶᠠᠪᠤᠬᠤ ᠳᠤᠳᠤᠮ ᠰᠠᠶᠢᠵᠢᠷᠠᠭᠤᠯᠵᠤ᠂ ᠪᠦᠬᠦ ᠪᠦᠮᠪᠤᠷᠴᠡᠭ ᠤᠨ ᠤᠯᠤᠰ ᠠᠯᠤᠰᠯᠠᠬᠰᠠᠨ ᠺᠤᠮᠫᠠᠨᠢ ᠳᠤ ᠶᠠᠪᠤᠬᠤ ᠲᠤᠳᠤᠮ ᠨᠡᠩ ᠤᠯᠠᠨ ᠠᠵᠠ ᠳᠤᠬᠢᠶᠠᠯ ᠤᠯᠭᠤᠬᠤ ᠪᠤᠯᠤᠨ᠎ᠠ᠃ ᠪᠢᠳᠡ ᠪᠦᠬᠦ ᠪᠦᠮᠪᠦᠷᠴᠡᠭ ᠤᠨ ᠠᠵᠤ ᠠᠬᠤᠢᠢᠯᠠᠯᠳᠠᠳ ᠤᠨ ᠳᠤᠮᠳᠠᠳᠤ ᠤᠯᠤᠰ ᠲᠤ ᠢᠷᠠᠵᠤ ᠪᠡᠯᠡ ᠤᠷᠤᠭᠤᠯᠤᠨ ᠤᠢᠢᠯᠡᠰ ᠢᠶᠠᠨ ᠬᠦᠭᠵᠢᠬᠦᠯᠵᠤ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ᠂ ᠰᠠᠶᠢᠨ ᠰᠠᠶᠢᠬᠠᠨ ᠢᠷᠡᠬᠡᠳᠤᠢ ᠶᠢ ᠬᠠᠮᠳᠤ ᠪᠠᠷ ᠴᠤᠬᠴᠠᠯᠠᠬᠤ ᠶᠢ ᠴᠢᠷᠮᠠᠶᠢᠨ ᠪᠡᠶᠡᠯᠡᠭᠦᠯᠬᠦ ᠶᠢ ᠪᠠᠶᠠᠷᠯᠠᠨ ᠤᠭᠳᠤᠵᠤ ᠪᠠᠶᠢᠨ᠎ᠠ ᠬᠡᠵᠤ ᠴᠢᠬᠤᠯᠠᠴᠢᠯᠠᠪᠠ᠃      ᠠᠩᠬᠠᠳᠤᠭᠠᠷ ᠬᠤᠭᠤᠴᠠᠭᠠᠨ ᠤ ᠤᠯᠤᠰ ᠠᠯᠤᠰᠯᠠᠬᠰᠠᠨ ᠺᠤᠮᠫᠠᠨᠢ ᠶᠢᠨ ᠤᠳᠤᠷᠢᠳᠬᠤ ᠬᠦᠮᠤᠰ ᠤᠨ ᠴᠢᠩᠳᠤᠤ ᠶᠢᠨ ᠲᠦᠷᠤᠬᠦᠴᠤᠳ ᠤᠨ ᠬᠤᠷᠠᠯ ᠢ ᠬᠤᠳᠠᠯᠳᠤᠭᠠᠨ ᠤ ᠶᠠᠪᠤᠳᠠᠯ ᠤᠨ ᠶᠠᠮᠤᠨ ᠪᠤᠯᠤᠨ ᠱᠠᠨᠳᠦ᠋ᠩ ᠮᠤᠵᠢ ᠶᠢᠨ ᠠᠷᠠᠳ ᠤᠨ ᠵᠠᠰᠠᠬ ᠤᠨ ᠤᠷᠳᠤᠨ ᠠᠴᠠ ᠬᠠᠮᠳᠤᠷᠠᠨ ᠡᠷᠬᠢᠯᠠᠵᠠᠢ᠃ ᠲᠦᠷᠤᠬᠦᠴᠤᠳ ᠤᠨ ᠬᠤᠷᠠᠯ ᠨᠢ ︽ᠤᠯᠤᠰ ᠠᠯᠤᠰᠯᠠᠬᠰᠠᠨ ᠺᠤᠮᠫᠠᠨᠢ ᠬᠢᠬᠡᠳ ᠳᠤᠮᠳᠠᠳᠤ ᠤᠯᠤᠰ︾ ᠢᠶᠠᠷ ᠭᠤᠤᠯ ᠰᠡᠳᠤᠪ ᠢᠶᠠᠨ ᠪᠤᠯᠭᠠᠵᠤ᠂ ᠡᠭᠦᠳᠡ ᠪᠠᠨ ᠲᠦᠭᠵᠢᠭᠰᠡᠨ ᠬᠤᠷᠠᠯ᠂ ᠵᠡᠷᠬᠡᠴᠡᠭᠡ ᠶᠠᠷᠢᠶᠠᠨ ᠤ ᠲᠠᠪᠴᠠᠩ᠂ ᠬᠠᠮᠳᠤᠷᠠᠯᠴᠠᠭᠠᠨ ᠤ ᠵᠠᠮ ᠤᠨ ᠰᠤᠷᠢᠯᠳᠠ ᠵᠡᠷᠬᠡ ᠠᠵᠢᠯᠯᠠᠭ᠎ᠠ ᠦᠷᠨᠢᠬᠦᠯᠬᠦ ᠪᠤᠯᠤᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号