ᠦᠦᠰᠢᠨ ᠬᠤᠰᠢᠭᠤᠨ ᠤ ︽ᠤᠭ ᠰᠠᠨᠠᠭ᠎ᠠ ᠪᠠᠨ ᠦᠯᠦ ᠮᠡᠷᠳᠡᠵᠣ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠢᠯᠦᠬᠡᠳᠡᠢ ᠪᠠᠷ ᠰᠠᠨᠠᠯ ᠬᠤᠷᠢᠶᠠᠬᠤ ᠠᠯᠪᠠᠨ ᠵᠡᠷᠯᠡᠯ
ᠨᠡᠶᠢᠲᠡᠯᠡᠭᠰᠡᠨ ᠴᠠᠭ᠄
2019-10-23
    ᠦᠦᠰᠢᠨ ᠬᠤᠰᠢᠭᠤᠨ ᠤ ︽ᠤᠭ ᠰᠠᠨᠠᠭ᠎ᠠ ᠪᠠᠨ ᠦᠯᠦ ᠮᠡᠷᠳᠡᠵᠣ ᠡᠬᠦᠷᠬᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠢᠯᠥᠬᠡᠳᠡᠢ ᠪᠠᠷ ᠬᠥᠮᠦᠵᠢᠯ ᠬᠢᠬᠦ ᠶᠢ ᠪᠠᠷᠢᠮᠲᠠᠯᠠᠨ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ ︽ᠥᠭᠡᠷᠡᠴᠢᠯᠡᠬᠦ︾᠎ ᠶᠢ ᠢᠮᠠᠭᠲᠠ ᠲᠤᠭᠤᠰᠢᠯᠠᠭᠤᠯᠣᠨ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠣᠳᠠᠲᠠᠢ ᠳᠤ ᠨᠠᠶᠢᠳᠠᠪᠣᠷᠢᠵᠢᠭᠤᠯᠬᠤ ᠶᠢᠨ ᠳᠣᠰᠠᠳᠠ 9 ᠰᠠᠷ᠎ᠠ ᠶᠢᠨ 30᠎ ᠤ ᠡᠳᠦᠷ ᠠᠴᠠ 11 ᠰᠠᠷ᠎ᠠ ᠶᠢᠨ 30᠎ ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠴᠢᠯᠥᠬᠡᠳᠡᠢ ᠪᠠᠷ ᠰᠠᠨᠠᠯ ᠬᠤᠷᠢᠶᠠᠬᠤ ᠪᠠᠷ ᠳᠠᠮᠵᠢᠨ ᠦᠷᠭᠡᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠭᠦᠶᠴᠡᠳ ᠰᠣᠨᠣᠰᠴᠣ ᠭᠤᠣᠯᠳᠠᠭᠤ ᠨᠠᠮ ᠤᠨ ᠭᠡᠰᠢᠭᠦᠨ ᠺᠠᠳ᠋ᠷᠴᠣᠳ ᠤᠨ ᠡᠬᠦᠷᠬᠡ ᠬᠠᠷᠢᠭᠤᠴᠠᠯᠭ᠎ᠠ ᠪᠠᠨ ᠡᠭᠦᠷᠭᠡᠯᠡᠬᠦ ᠥᠬᠡᠶ ᠠᠮᠵᠢᠯᠳᠠ ᠪᠦᠳᠣᠮᠵᠢ ᠭᠠᠷᠭᠠᠬᠤ ᠦᠬᠡᠢ᠂ ᠲᠥᠪ ᠤᠨ ᠨᠠᠶᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠎ ᠠᠴᠠ ᠵᠥᠷᠢᠴᠡᠭᠰᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠣᠭ᠍ᠰᠡᠨ᠂ ᠣᠯᠠᠨ ᠲᠦᠮᠡᠨ ᠤ ᠠᠰᠢᠭ ᠲᠤᠰᠠ ᠶᠢ ᠬᠦᠨᠦᠭᠡᠭᠰᠡᠨ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ ᠭᠠᠷᠭᠠᠭᠰᠠᠨ ᠵᠡᠷᠭᠡ ᠠᠰᠠᠭᠤᠳᠠᠯ ᠤᠨ ᠲᠤᠰᠬᠠᠯ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠷᠠᠯᠵᠢᠶ᠎ᠡ ᠡᠵᠡᠩᠨᠡᠬᠦ ᠣᠷᠴᠢᠨ ᠨᠦᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠎ ᠶᠢ ᠬᠦᠯᠢᠶᠡᠨ ᠠᠪᠴᠤ ᠰᠣᠨᠣᠰᠬᠤ ᠪᠣᠯᠣᠨ᠎ᠠ᠃ ᠬᠤᠰᠢᠭᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠣᠭᠤᠶᠢᠯᠠᠩ ᠤᠨ ᠠᠯᠪᠠᠨ ᠭᠡᠷ ᠬᠦᠯᠢᠶᠡᠨ ᠠᠪᠴᠤ ᠰᠢᠶᠳᠪᠦᠷᠢᠯᠡᠬᠦ ᠠᠰᠠᠭᠤᠳᠠᠯ ᠢ ᠲᠣᠭᠲᠠᠭᠠᠯ ᠶᠣᠰᠣᠭᠠᠷ ᠨᠠᠷᠢᠨ ᠬᠢᠨᠠᠮᠠᠭᠠᠶ ᠰᠤᠳᠤᠯᠣᠨ ᠰᠢᠢᠳᠪᠣᠷᠢᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠣᠨ᠎ᠠ᠃     ⒈ ᠲᠤᠰᠬᠠᠶ ᠤᠲᠠᠰᠤ᠄ 0477 — 7582226᠂ ᠬᠦᠯᠢᠶᠡᠨ ᠠᠪᠴᠤ ᠰᠢᠶᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 08᠄ 30 — 12᠄ 00᠂ ᠦᠳᠡ ᠶᠢᠨ ᠬᠤᠶᠢᠨᠠᠬᠢ 14᠄ 30 — 17᠄ 30᠃     ⒉ ᠴᠢᠯᠥᠬᠡᠳᠡᠢ ᠪᠠᠷ ᠰᠠᠨᠠᠯ ᠬᠤᠷᠢᠶᠠᠬᠤ ᠡᠯᠧᠺᠲᠷᠣᠨ ᠰᠢᠣᠳᠠᠨ ᠬᠠᠶᠢᠷᠴᠠᠭ᠄ wsqztjyb@163.com     ⒊ ᠦᠦᠰᠢᠨ ᠬᠤᠰᠢᠭᠤᠨ ᠤ ᠨᠠᠮ ᠵᠠᠰᠠᠭ ᠤᠨ ᠰᠢᠨ᠎ᠡ ᠲᠣᠭᠤᠷᠢᠭ ᠤᠨ 4 ᠳ᠋ᠦ᠋ᠭᠡᠷ ᠠᠰᠠᠷ ᠤᠨ ᠭᠠᠳᠠᠨ᠎ᠠ ᠴᠢᠯᠥᠭᠡᠳᠡᠢ ᠪᠠᠷ ᠰᠠᠨᠠᠯ ᠬᠤᠷᠢᠶᠠᠬᠤ ᠵᠠᠬᠢᠳᠠᠯ ᠤᠨ ᠬᠠᠶᠢᠷᠴᠠᠭ ᠳᠣᠬᠢᠷᠠᠭᠤᠯᠵᠣ ᠣᠯᠠᠨ ᠲᠦᠮᠡᠨ ᠪᠠᠰᠠ ᠰᠢᠦᠳᠠᠨ ᠢᠶᠠᠷ ᠵᠠᠬᠢᠳᠠᠯ ᠢᠷᠡᠭᠦᠯᠵᠦ ᠪᠣᠯᠤᠨ᠎ᠠ᠃ ᠰᠢᠣᠳᠠᠨ ᠬᠠᠶ᠋ᠢᠭ᠄ ᠦᠦᠰᠢᠨ ᠬᠤᠰᠢᠭᠤᠨ ᠤ ᠨᠠᠮ ᠵᠠᠰᠠᠭ ᠤᠨ ᠰᠢᠨ᠎ᠡ ᠲᠣᠭᠤᠷᠢᠭ ᠎ ᠤᠨ 4 ᠳ᠋ᠦ᠋ᠭᠡᠷ ᠠᠰᠠᠷ ᠤᠨ 109 ᠠᠯᠪᠠᠨ ᠭᠡᠷ᠂ ᠰᠢᠦᠳᠠᠨ ᠳ᠋ᠤᠭᠠᠷ᠄ 017300᠃     ⒋ ᠸᠢᠴᠠᠲ ᠳᠠᠪᠴᠠᠩ ᠤᠨ ᠦᠭᠡ ᠦᠯᠡᠳᠡᠭᠡᠬᠦ ᠳᠣᠰᠬᠠᠢ ᠪᠣᠯᠣᠩ᠄ ︽ᠨᠣᠮᠢᠨ ᠳᠠᠩᠰᠤᠭ ᠦᠦᠰᠢᠨ ᠤ ᠬᠤᠰᠢᠭᠤᠴᠢ︾ ᠣᠯᠠᠨ ᠨᠡᠶᠢᠲᠡ ᠶᠢᠨ ᠳᠠᠪᠴᠠᠩ ᠢᠶᠠᠷ ᠳᠠᠮᠵᠢᠭᠤᠯᠤᠨ ᠴᠢᠯᠥᠬᠡᠳᠡᠢ ᠪᠠᠷ ᠰᠠᠨᠠᠯ ᠬᠤᠷᠢᠶᠠᠬᠤ ᠦᠭᠡ ᠦᠯᠡᠳᠡᠭᠡᠬᠦ ᠪᠣᠯᠣᠩ ᠨᠡᠭᠡᠭᠡᠪᠡ᠃           ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠡᠷᠳᠡᠵᠣ ᠡᠭᠦᠷᠭᠡ ᠬᠠᠷᠢᠭᠤᠴᠠᠯᠭ᠎ᠠ ᠎ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠪᠠᠭ᠎ᠠ ᠳᠣᠭᠤᠶᠢᠯᠠᠩ ᠤᠨ ᠠᠯᠪᠠᠨ ᠭᠡᠷ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号