ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠰᠥᠯᠳᠠ ᠰᠤᠮᠤ ᠪᠣᠯᠤᠨ ᠰᠢᠷᠬᠤᠰᠤᠨ ᠪᠠᠯᠭᠠᠰᠤᠨ ᠳᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-10-23
     10 ᠰᠠᠷ᠎ᠠ ᠶᠢᠨ 19  ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠤᠷᠢᠳ ᠬᠤᠵᠢᠳ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ᠂ ᠰᠥᠯᠳᠠ ᠡᠷᠡᠭᠦᠯ ᠬᠠᠮᠠᠭᠠᠯᠠᠯ ᠤᠨ ᠬᠤᠷᠢᠶ᠎ᠠ᠂ ᠦᠯᠢ  ᠶᠢᠨ ᠴᠠᠶᠢᠳᠠᠮ ᠲᠣᠰᠬᠤᠨ ᠤ ᠳ᠋ᠢᠩ ᠰᠢᠶᠠᠩ ᠮᠥᠭᠦ ᠶᠢᠨ ᠲᠠᠷᠢᠮᠠᠯ ᠤᠨ ᠰᠠᠭᠤᠷᠢᠨ ᠭᠠᠵᠠᠷ᠂ ᠤᠷᠳᠤᠪᠡᠶ᠎ᠡ ᠪᠠᠶ᠎ᠠ ᠲᠤᠰᠬᠤᠨ ᠤ ᠪᠠᠭ᠎ᠠ ᠰᠤᠷᠭᠠᠭᠤᠯᠢ ᠪᠣᠯᠤᠨ ᠰᠢᠷᠬᠤᠰᠤᠨ ᠪᠠᠯᠭᠠᠰᠤᠨ ᠤ ᠥᠨᠳᠥᠷ ᠦᠷ᠎ᠡ ᠠᠰᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ ᠤᠴᠢᠨ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠲᠤᠬᠠᠢ ᠶᠢᠨ ᠭᠠᠵᠠᠷ  ᠲᠤᠨᠢ ᠠᠯᠪᠠᠯᠠᠭᠰᠠᠨ ᠪᠠᠶᠢᠨ᠎ᠠ᠃ ᠬᠤᠰᠢᠭᠤ ᠤᠳᠤᠷᠢᠳᠤᠯᠭ᠎ᠠ ᠪᠠᠶᠠᠨᠴᠡᠩᠭᠡᠯ ᠪᠤᠯᠤᠨ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠵᠣᠬᠢᠶᠠᠨ ᠪᠠᠶᠢᠭᠤᠯᠤᠯᠳᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠡᠳ᠋ ᠤᠨ ᠵᠠᠰᠠᠭ᠂ ᠶᠠᠳᠠᠭᠤ ᠶᠢ ᠲᠡᠳᠬᠦᠬᠦ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃  
     ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ ᠪᠣᠯᠤᠨ ᠤᠷᠳᠤᠪᠡᠶ᠎ᠡ ᠲᠤᠰᠬᠤᠨ ᠤ ᠪᠠᠭ᠎ᠠ ᠰᠤᠷᠭᠠᠭᠤᠯᠢ ᠳᠤ ᠪᠠᠶᠢᠴᠠᠭᠠᠨ ᠰᠤᠳᠤᠯᠤᠯᠳᠠ ᠭᠢᠭᠦ ᠥᠶ᠎ᠠ ᠳᠤ ᠡᠷᠳᠡᠨᠢᠪᠢᠯᠢᠭ ᠨᠠᠷ ᠬᠤᠶᠠᠷ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠬᠤ ᠠᠰᠠᠷ ᠤᠨ ᠪᠠᠷᠢᠯᠭ᠎ᠠ ᠶᠢᠨ ᠠᠬᠢᠴᠠ ᠶᠢ ᠨᠠᠷᠢᠨ ᠤᠶᠢᠯᠠᠭᠠᠭᠰᠠᠨ ᠪᠥᠭᠡᠳ ᠰᠤᠷᠭᠠᠭᠤᠯᠢ ᠡᠷᠬᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠡᠷᠳᠡᠨᠢᠪᠢᠯᠢᠭ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠦᠨᠳᠦᠰᠦ᠂ ᠮᠦᠨ ᠴᠤ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠮᠥᠨ᠃ ᠪᠠᠷᠢᠯᠭ᠎ᠠ ᠪᠠᠷᠢᠬᠤ ᠨᠢᠭᠡᠴᠢ ᠶᠢᠨ ᠬᠢᠨ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠥᠷᠥᠯ ᠵᠥᠢᠯ ᠤᠨ ᠪᠠᠷᠢᠯᠭ᠎ᠠ ᠶᠢᠨ ᠠᠬᠢᠴᠠ ᠶᠢ ᠲᠥᠷᠭᠡᠳᠭᠡᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠤᠤᠷ᠎ᠠ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠪᠠᠷᠢᠯᠭ᠎ᠠ ᠲᠤᠰᠢᠶᠠᠬᠤ ᠬᠡᠷᠡᠭᠲᠡᠶ᠃ ᠰᠤᠷᠭᠠᠨ ᠬᠥᠮᠦᠵᠢᠯ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠷᠢᠯᠭ᠎ᠠ ᠶᠢᠨ ᠨᠢᠭᠡᠴᠢ ᠯᠦᠭᠡ ᠰᠠᠶᠢᠲᠤᠷ ᠬᠠᠮᠵᠢᠯᠴᠠᠵᠤ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠥᠨᠳᠥᠷ ᠪᠠᠷᠢᠮᠵᠢᠶ᠎ᠠ ᠪᠠᠷ ᠰᠢᠯᠭᠠᠨ ᠬᠤᠷᠢᠶᠠᠬᠤ ᠶᠢ ᠦᠨᠡᠨᠬᠦ ᠪᠠᠳᠤᠯᠠᠨ ᠠᠷᠠᠳ ᠣᠯᠠᠨ ᠤ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ ᠭᠡᠵᠡᠢ᠃
     ᠰᠥᠯᠳᠠ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶᠠᠨ ᠳᠤ ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ︽ᠬᠤᠶᠠᠷ ᠲᠤ  ᠰᠠᠨᠠᠭᠠᠰᠢᠷᠠᠬᠤ ᠥᠬᠡᠶ᠂ ᠭᠤᠷᠪᠠ ᠶᠢ ᠪᠠᠲᠤᠯᠠᠬᠤ︾ ᠶᠢᠨ ᠲᠣᠭᠤᠷᠢᠨ ᠳᠤ ᠶᠠᠳᠠᠭᠤ ᠶᠢ ᠲᠡᠳᠬᠦᠬᠦ ᠠᠵᠢᠯ ᠢ ᠥᠷᠨᠢᠭᠦᠯᠤᠨ ᠶᠠᠳᠠᠭᠤ ᠶᠢ ᠲᠡᠳᠬᠦᠬᠦ ᠡᠷᠦᠬᠡ ᠶᠢᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ᠂ ᠠᠷᠠᠳ ᠢᠷᠭᠡᠳ  ᠤᠨ ᠴᠠᠭ ᠲᠤᠬᠠᠶ ᠳᠤᠨᠢ ᠡᠮᠴᠢᠯᠡᠭᠡᠨ ᠤ ᠥᠢᠯᠡᠴᠢᠯᠡᠭᠡ ᠬᠦᠷᠲᠡᠬᠦ ᠶᠢ ᠪᠠᠲᠤᠯᠠᠬᠤ ᠬᠡᠷᠡᠭᠲᠡᠶ᠃ ᠲᠥᠪ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ ᠦᠨᠳᠦᠰᠦᠨ ᠱᠠᠲᠤᠨ ᠤ ᠭᠤᠷᠪᠠᠨ ᠶᠠᠪᠤᠳᠠᠯ ᠢ ᠢᠯᠡ ᠪᠣᠯᠭᠠᠬᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ᠂ ᠭᠠᠵᠠᠷ ᠣᠷᠣᠨ ᠤ ᠵᠠᠭᠠᠭ ᠤᠨ ᠵᠢᠭᠤᠷᠠᠯᠳᠤᠭᠠᠨ ᠢ ᠠᠷᠢᠯᠭᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠤᠨ ᠬᠢᠨ ᠭᠠᠴᠠᠭ᠎ᠠ ᠲᠣᠰᠬᠤᠨ ᠤ ᠦᠨᠳᠦᠰᠦᠨ ᠪᠠᠶᠢᠳᠠᠯ ᠢ ᠰᠠᠶᠢᠲᠤᠷ ᠡᠵᠡᠮᠰᠢᠵᠦ ᠳᠠᠭᠠᠭᠠᠴᠢᠯᠠᠨ ᠬᠤᠯᠪᠣᠭᠠᠯᠠᠬᠤ ᠨᠢᠭᠡᠴᠢ ᠪᠣᠯᠤᠨ ᠲᠣᠰ ᠪᠡᠶ᠎ᠡ ᠶᠢᠨ ᠳᠠᠪᠠᠭᠤᠯᠢᠭ ᠢᠶᠠᠨ ᠭᠥᠢᠴᠡᠳ ᠪᠠᠳᠠᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠶ᠃ ᠭᠠᠴᠠᠭ᠎ᠠ ᠲᠣᠰᠬᠤᠨ ᠢ ᠵᠢᠯᠣᠭᠤᠳᠤᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢᠨ ᠬᠠᠮᠲᠤ ᠭᠤᠤᠯ ᠰᠡᠳᠦᠪᠲᠦ ᠬᠥᠮᠦᠵᠢᠯ ᠤᠨ ᠳᠤᠮᠳᠠ ᠶᠠᠳᠠᠭᠤ ᠬᠦᠴᠢᠷᠳᠡᠯᠲᠡᠶ ᠡᠷᠦᠬᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠨ ᠭᠢᠵᠤ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠬᠦ ᠭᠡᠷᠡᠭᠳᠠᠢ᠃ ᠲᠥᠪ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠠᠵᠢᠯ ᠤᠨ ᠡᠭᠦᠷᠭᠡ ᠪᠠᠨ ᠵᠤᠷᠪᠤᠰ ᠳᠠᠷᠠᠭᠠᠯᠠᠨ ᠪᠡᠶᠡᠯᠡᠭᠦᠯᠵᠦ 2020 ᠣᠨ ᠪᠣᠯᠬᠤ ᠳᠤ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠬᠤ ᠭᠡᠷᠡᠭᠳᠠᠢ ᠭᠡᠵᠡᠢ᠃
     ᠦᠯᠢ ᠶᠢᠨ ᠴᠠᠶᠢᠳᠠᠮ ᠲᠤᠰᠬᠤᠨ ᠤ ᠳ᠋ᠢᠩ ᠰᠢᠶᠠᠩ ᠮᠥᠭᠦ ᠶᠢᠨ ᠲᠠᠷᠢᠮᠠᠯ ᠤᠨ ᠰᠠᠭᠤᠷᠢᠨ ᠭᠠᠵᠠᠷ ᠪᠠ ᠰᠢᠷᠬᠤᠰᠤᠨ ᠪᠠᠯᠭᠠᠰᠤᠨ ᠤ ᠥᠨᠳᠥᠷ ᠦᠷ᠎ᠡ ᠠᠰᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠥᠵᠡᠭᠰᠠᠨ ᠤ ᠳᠠᠷᠠᠭ᠎ᠠ ᠡᠷᠳᠡᠨᠢᠪᠢᠯᠢᠭ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠣᠯ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠣᠶ᠃ ᠤᠷᠴᠢᠮ ᠤᠨ ᠵᠢᠯ ᠠᠴᠠ ᠮᠠᠨ ᠤ ᠬᠤᠰᠢᠭᠤ ᠪᠠᠶᠢᠭᠠᠯᠢ ᠶᠢᠨ ᠨᠥᠭᠦᠴᠠᠯ ᠪᠤᠯᠤᠨ ᠡᠭᠢ ᠪᠠᠶᠠᠯᠢᠭ ᠲᠤ ᠪᠠᠨ ᠲᠥᠰᠢᠭᠯᠡᠨ ᠲᠥᠬᠦᠭᠡᠷᠦᠮᠵᠢᠲᠦ ᠲᠠᠷᠢᠶᠠᠯᠠᠩ ᠢ ᠭᠥᠭᠵᠢᠭᠦᠯᠤᠭᠡᠳ ᠠᠩᠬ᠎ᠠ ᠠᠯᠬᠤᠮ ᠤᠨ ᠥᠷ᠎ᠠ ᠪᠥᠳᠥᠮᠵᠢ ᠤᠯᠤᠭᠰᠠᠨ ᠪᠠᠶᠢᠨ᠎ᠠ᠃ ᠲᠥᠬᠦᠭᠡᠷᠦᠮᠵᠢᠲᠦ ᠲᠠᠷᠢᠶᠠᠯᠠᠩ  ᠢ ᠭᠥᠭᠵᠢᠭᠦᠯᠭᠦ ᠨᠢ ᠲᠠᠷᠢᠶᠠᠴᠢᠳ ᠬᠢᠵᠠᠭᠠᠷ ᠲᠠᠢ ᠭᠠᠵᠠᠷ ᠰᠢᠷᠣᠶ ᠳᠡᠭᠡᠷ᠎ᠡ ᠪᠠᠨ ᠨᠠᠩ ᠶᠡᠭᠡ ᠠᠵᠤ ᠠᠬᠤᠢ ᠶᠢᠨ ᠦᠷ᠎ᠡ ᠠᠰᠢᠭ ᠣᠯᠵᠤ ᠴᠢᠳᠠᠨ᠎ᠠ᠂ ᠭᠡᠪᠡᠴᠦ ᠲᠥᠷᠥᠯ ᠵᠥᠢᠯ ᠢ ᠰᠣᠩᠭᠤᠬᠤ ᠳᠠᠭᠠᠨ ᠡᠷᠬᠡᠪᠰᠢ ᠡᠮᠦᠨᠡᠬᠢ ᠬᠤᠭᠤᠴᠠᠭᠠᠨ ᠤ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ ᠠᠵᠤ ᠦᠢᠯᠡᠰ ᠤᠨ ᠦᠨᠡᠨ ᠪᠣᠳᠠᠲᠠᠶ ᠠᠵᠤ ᠠᠬᠤᠢ ᠶᠢᠨ ᠦᠷ᠎ᠡ ᠠᠰᠢᠭ ᠣᠯᠬᠤ ᠶᠢ ᠪᠠᠲᠤᠯᠠᠬᠤ ᠬᠡᠷᠡᠭᠲᠡᠶ᠃ ᠰᠤᠮᠤ ᠪᠠᠯᠭᠠᠰᠤ᠂ ᠮᠠᠯᠴᠢᠨ ᠲᠠᠷᠢᠶᠠᠴᠢᠨ ᠪᠣᠯᠤᠨ ᠲᠥᠬᠦᠭᠡᠷᠦᠮᠵᠢᠲᠦ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠯᠠᠯ ᠢ ᠰᠠᠶᠢᠲᠤᠷ ᠬᠢᠵᠦ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠠᠪᠤᠴᠠ ᠳᠤ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠢ ᠳᠠᠶᠢᠴᠢᠯᠠᠨ ᠬᠠᠮᠲᠤᠪᠠᠷ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠦᠨᠡᠨᠬᠦ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号