ᠰᠢ ᠶᠢᠨ ᠫᠢᠩ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠶᠢᠨ ᠲᠦᠷᠢᠮ ᠢ ᠬᠡᠷᠡᠭᠵᠢᠬᠦᠯᠥᠭᠰᠡᠡ 20 ᠵᠢᠯ ᠤᠨ ᠤᠢ ᠳᠤ ᠴᠢᠬᠤᠯᠠ ᠵᠢᠭᠠᠪᠤᠷᠢ ᠦᠭᠴᠦ ᠴᠢᠳᠠᠪᠤᠷᠢᠳᠡᠨ ᠢ ᠦᠨᠳᠦᠰᠦᠨ ᠱᠠᠳᠤᠨ ᠳᠤ ᠭᠦᠨᠵᠡᠭᠡᠶᠢᠷᠡᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠬᠦᠳᠡᠭᠡ ᠳᠤ ᠬᠦᠷᠬᠡᠬᠦ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠦᠢᠯᠡᠴᠢᠯᠡᠬᠦ ᠶᠢ ᠪᠠᠷᠢᠮᠳᠠᠯᠠᠵᠥ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠳᠤ ᠬᠦᠴᠦ ᠨᠡᠮᠡᠷᠢᠯᠡᠬᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2019-10-23
     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 21 ᠤ ᠴᠠᠬᠢᠯᠭᠠᠨ ᠮᠡᠳᠡᠭᠡ    ᠤᠢᠢᠷ ᠎ᠠ ᠶᠢᠨ ᠡᠳᠤᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠶᠢᠨ ᠲᠦᠷᠢᠮ ᠢ ᠬᠡᠷᠡᠭᠵᠢᠬᠦᠯᠥᠭᠰᠡᠡ 20 ᠵᠢᠯ ᠤᠨ ᠤᠢ ᠳᠤ ᠴᠢᠬᠤᠯᠠ ᠵᠢᠭᠠᠪᠤᠷᠢ ᠦᠭᠴᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠶᠢᠨ ᠲᠦᠷᠢᠮ ᠢ ᠬᠡᠷᠡᠭᠵᠢᠬᠦᠯᠥᠭᠰᠡᠡ 20 ᠵᠢᠯ ᠤᠨ ᠲᠤᠷᠰᠢ᠂ ᠴᠢᠳᠠᠪᠤᠷᠢᠳᠡᠨ ᠢ ᠦᠨᠳᠦᠰᠦᠨ ᠱᠠᠳᠤᠨ ᠳᠤ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠬᠦᠳᠡᠭᠡ ᠳᠤ ᠬᠦᠷᠬᠡᠬᠦ᠂ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠦᠢᠯᠡᠴᠢᠯᠡᠬᠦ ᠶᠢ ᠪᠠᠷᠢᠮᠳᠠᠯᠠᠵᠥ᠂ ᠡᠩᠨᠡᠭᠡ ᠲᠠᠰᠤᠷᠠᠯᠳᠡ ᠦᠭᠡᠢ ᠪᠤᠵᠠᠭᠠᠢᠢᠷᠠᠵᠥ᠂ ᠨᠠᠮ ᠤᠨ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠤ ᠲᠦᠷᠦ ᠶᠢᠨ ᠪᠤᠳᠤᠯᠭ᠎ᠠ ᠶᠢᠨ ᠤᠬᠠᠭᠤᠯᠤᠬᠴᠢ᠂ ᠬᠦᠳᠡᠭᠡ ᠠᠵᠥ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠯᠠᠮᠵᠢᠯᠠᠬᠴᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠴᠦ ᠦᠢᠯᠡᠰ ᠪᠤᠰᠬᠠᠬᠤ ᠲᠤᠯᠤᠭᠠᠢᠢᠯᠠᠬᠴᠢ᠂ ᠬᠦᠳᠡᠭᠡ ᠲᠤᠰᠬᠤᠨ ᠤ ᠶᠠᠳᠠᠭᠤ ᠠᠴᠠ ᠠᠩᠬᠢᠵᠢᠷᠠᠨ ᠪᠠᠶᠠᠵᠢᠬᠤ ᠶᠢᠨ ᠲᠠᠭᠠᠭᠤᠯᠤᠬᠴᠢ ᠪᠤᠯᠵᠥ᠂ ᠦᠷᠬᠡᠨ ᠤᠯᠠᠨ ᠲᠠᠷᠢᠶᠠᠴᠢᠨ ᠢ ᠨᠡᠩ ᠤᠯᠠᠨ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ ᠲᠠᠢ ᠪᠤᠯᠭᠠᠭᠰᠠᠠ ᠪᠠᠶᠢᠨ᠎ᠠ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠰᠢᠨ᠎ᠡ ᠶᠢ ᠡᠭᠦᠳᠬᠦ ᠪᠤᠯ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢᠨ ᠴᠢᠬᠤᠯᠠ ᠲᠤᠯᠭᠠᠭᠤᠷᠢᠯᠠᠯ ᠪᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠶᠢᠨ ᠲᠦᠷᠢᠮ ᠢ ᠪᠠᠷᠢᠮᠳᠠᠯᠠᠬᠤ ᠶᠢ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠴᠢᠳᠠᠪᠤᠷᠢᠳᠡᠨ ᠤ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠳᠤ ᠦᠢᠯᠡᠴᠢᠯᠡᠬᠦ ᠴᠢᠬᠤᠯᠠ ᠠᠵᠢᠯ ᠪᠤᠯᠭᠠᠵᠥ ᠤᠯᠠᠮ ᠴᠢᠨᠠᠭᠰᠢᠳᠠ ᠪᠤᠳᠠᠳᠠᠢ ᠠᠳᠬᠤᠵᠥ ᠰᠠᠶᠢᠳᠤᠷ ᠠᠳᠬᠤᠬᠤ ᠬᠡᠷᠡᠭᠳᠡᠢ᠃ ᠦᠷᠬᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠤᠭ ᠰᠠᠨᠠᠭ᠎ᠠ ᠪᠠᠨ ᠪᠠᠷᠢᠮᠳᠠᠯᠠᠵᠥ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠳᠤ ᠬᠦᠴᠦ ᠨᠡᠮᠡᠷᠢᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠶᠢᠨ ᠲᠦᠷᠢᠮ ᠢ ᠬᠡᠷᠡᠭᠵᠢᠬᠦᠯᠥᠭᠰᠡᠡ 20 ᠵᠢᠯ ᠤᠨ ᠤᠢ ᠶᠢᠨ ᠳ᠋ᠦᠩᠨᠡᠯᠳᠡ ᠶᠢᠨ ᠬᠤᠷᠡᠯ 21 ᠤ ᠡᠳᠤᠷ ᠪᠡᠭᠡᠵᠢᠩ ᠳᠤ ᠬᠤᠷᠡᠯᠳᠤᠵᠥ᠂ ᠬᠤᠷᠡᠯ ᠲᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃      ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠡᠨ ᠤ ᠲᠡᠳ᠋ ᠶᠡᠷᠤᠩᠬᠡᠢ ᠰᠠᠶᠢᠳ ᠯᠢᠦ ᠡᡁᠧ ᠬᠤᠷᠡᠯ ᠳᠤ ᠤᠷᠤᠯᠴᠠᠵᠥ ᠶᠠᠷᠢᠶ᠎ᠠ ᠲᠠᠯᠪᠢᠵᠠᠢ᠃ ᠲᠡᠷᠡ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠤᠯ ᠰᠢᠨ᠎ᠡ ᠴᠠᠭ ᠦᠶ᠎ᠡ ᠳᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠶᠢᠨ ᠲᠦᠷᠢᠮ ᠢ ᠬᠦᠨᠵᠡᠬᠡᠢ ᠠᠬᠢᠭᠤᠯᠬᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠬᠦᠷ ᠪᠤᠯᠤᠨ᠎ᠠ᠃ 20 ᠵᠢᠯ ᠤᠨ ᠲᠤᠷᠰᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠶᠢᠨ ᠲᠦᠷᠢᠮ ᠨᠢ᠂ ︽ᠬᠦᠳᠡᠭᠡ ᠠᠵᠥ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠦᠢᠯᠡᠴᠢᠯᠡᠬᠦ ᠪᠠᠷ ᠡᠬᠢᠯᠡᠯᠲᠡ ᠪᠤᠯᠤᠨ ᠲᠤᠰᠤᠯᠳᠠ ᠪᠤᠯᠭᠠᠬᠤ ᠶᠢ ᠪᠠᠷᠢᠮᠳᠠᠯᠠᠵᠥ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠴᠢᠳᠠᠪᠤᠷᠢᠳᠡᠨ ᠢᠶᠠᠷ ᠭᠤᠤᠯ ᠴᠤᠭᠴᠠ ᠪᠤᠯᠭᠠᠵᠥ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠢᠶᠠᠷ ᠬᠤᠯᠪᠤᠭᠠᠰᠤ ᠪᠤᠯᠭᠠᠵᠥ᠂ ᠬᠦᠳᠡᠭᠡ ᠲᠤᠰᠬᠤᠨ ᠤ ᠬᠦᠭᠵᠢᠯ ᠮᠠᠨᠳᠤᠯ ᠢ ᠠᠬᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠬᠦᠴᠦ ᠨᠡᠮᠡᠷᠢᠯᠡᠬᠦ ᠲᠤᠮᠳᠠ ᠢᠯᠡᠳᠳᠡ ᠦᠷ᠎ᠡ ᠪᠦᠳᠦᠮᠵᠢ ᠤᠯᠪᠠ᠃ ᠰᠢᠨ᠎ᠡ ᠴᠠᠭ ᠦᠶ᠎ᠡ ᠳᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠭᠴᠢ ᠶᠢᠨ ᠲᠦᠷᠢᠮ ᠢ ᠬᠦᠨᠵᠡᠬᠡᠢ ᠬᠡᠷᠡᠭᠵᠢᠬᠦᠯᠬᠦ ᠳᠤ᠂ ᠰᠢᠨ᠎ᠡ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠬᠦᠭᠵᠢᠯᠳᠡ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠲᠤᠭᠤᠷᠢᠨ ᠳᠤ᠂ ᠲᠦᠷᠢᠮ ᠤᠨ ᠰᠢᠰᠲ᠋ᠧᠮ ᠪᠤᠯᠤᠨ ᠲᠦᠷᠦ ᠶᠢᠨ ᠪᠤᠳᠤᠯᠭ᠎ᠠ ᠶᠢᠨ ᠤᠷᠴᠢᠨ ᠲᠤᠭᠤᠷᠢᠨ ᠢ ᠤᠯᠠᠮ ᠴᠢᠨᠠᠭᠰᠢᠳᠠ ᠪᠦᠷᠢᠨᠰᠢᠬᠦᠯᠵᠥ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠭᠴᠢ ᠶᠢᠨ ᠡᠩᠨᠡᠭᠡ ᠶᠢ ᠤᠯᠠᠮ ᠴᠢᠨᠠᠭᠰᠢᠳᠠ ᠬᠦᠭᠵᠢᠬᠦᠯᠥᠨ ᠪᠤᠵᠠᠭᠠᠢᠢᠷᠠᠭᠤᠯᠵᠥ᠂ ᠰᠢᠨ᠎ᠡ ᠶᠢ ᠡᠭᠦᠳᠬᠦ ᠬᠦᠳᠡᠯᠬᠡᠬᠦ ᠡᠨᠧᠷᠬᠢ ᠶᠢ ᠲᠠᠷᠢᠶᠠᠨ ᠭᠠᠵᠠᠷ ᠲᠤ ᠬᠦᠷᠳᠡᠯ᠎ᠡ ᠦᠷᠬᠡᠳᠬᠡᠬᠦ ᠬᠡᠷᠡᠭᠳᠡᠢ ᠬᠡᠵᠥ ᠢᠯᠡᠳᠬᠡᠪᠡ᠃      ᠬᠤᠷᠡᠯ ᠠᠴᠠ 92 ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠬᠴᠢ ᠪᠤᠯᠤᠨ 43 ᠵᠤᠬᠢᠶᠠᠨ ᠪᠠᠶᠢᠭᠤᠯᠵᠥ ᠬᠡᠷᠡᠭᠵᠢᠬᠦᠯᠥᠭᠰᠡᠡ ᠨᠢᠬᠡᠴᠢ ᠶᠢ ᠵᠠᠷᠯᠠᠨ ᠰᠠᠶᠢᠰᠢᠶᠠᠪᠠ᠃ ᠵᠧᠵᠢᠶᠠᠩ ᠮᠤᠵᠢ᠂ ᠹᠦᠵᠢᠶᠠᠨ ᠮᠤᠵᠢ ᠶᠢᠨ ᠨᠠᠨᠫᠢᠩ ᠬᠤᠳᠠ᠂ ᠵᠢᠶᠠᠩᠰᠢ ᠮᠤᠵᠢ ᠶᠢᠨ ᠵᠢᠩᠭᠠᠩᠱᠠᠨ ᠬᠤᠳᠠ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠭᠴᠢ ᠶᠢᠨ ᠲᠦᠯᠥᠬᠡᠯᠡᠭᠴᠢ ᠬᠤᠷᠡᠯ ᠲᠡᠭᠡᠷ᠎ᠡ ᠰᠠᠨᠠᠯ ᠢᠶᠠᠨ ᠰᠤᠯᠢᠯᠴᠠᠵᠥ ᠦᠬᠡ ᠬᠡᠯᠡᠪᠡ᠃      ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ᠂ ᠡᠯ᠎ᠡ ᠮᠤᠵᠢ ᠤᠷᠤᠨ ᠬᠤᠳᠠ ᠪᠤᠯᠤᠨ ᠲᠤᠰᠠᠭᠠᠷ ᠲᠦᠯᠥᠪᠯᠡᠭᠡᠳᠦ ᠬᠤᠳᠠ᠂ ᠰᠢᠨᠵᠢᠶᠠᠩ ᠤᠨ ᠦᠢᠯᠡᠳᠪᠤᠷᠢᠯᠡᠯ ᠪᠦᠳᠦᠬᠡᠨ ᠪᠠᠶᠢᠭᠤᠯᠤᠯᠳᠠ ᠶᠢᠨ ᠪᠢᠩᠲ᠋ᠤᠸᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ᠂ ᠵᠠᠷᠯᠠᠨ ᠰᠠᠶᠢᠰᠢᠶᠠᠭᠰᠠᠠ ᠬᠡᠰᠡᠭ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠ ᠲᠤᠮᠢᠯᠠᠬᠳᠠᠭᠴᠢ ᠪᠤᠯᠤᠨ ᠵᠤᠬᠢᠶᠠᠨ ᠪᠠᠶᠢᠭᠤᠯᠵᠥ ᠬᠡᠷᠡᠭᠵᠢᠬᠦᠯᠥᠭᠰᠡᠡ ᠨᠢᠬᠡᠴᠢ ᠶᠢᠨ ᠲᠦᠯᠥᠬᠡᠯᠡᠭᠴᠢ ᠬᠤᠷᠡᠯ ᠳᠤ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号