ᠮᠠᠨ ᠤ ᠬᠤᠰᠢᠭᠤ ᠬᠥᠯ ᠪᠦᠮᠪᠦᠭᠡᠨ ᠪᠠᠨᠬᠳᠠᠳ ᠤᠨ ᠣᠷᠮ᠎ᠠ ᠵᠤᠷᠢᠭ ᠢ ᠬᠦᠭᠵᠢᠭᠡᠨ ᠬᠥᠯ ᠪᠦᠮᠪᠦᠭᠡᠨ ᠤᠶᠢᠯᠡᠰ ᠢ ᠬᠦᠭᠵᠢᠬᠦᠯᠵᠣ ᠪᠠᠶᠢᠨ᠎ᠠ
ᠨᠡᠶᠢᠲᠡᠯᠡᠭᠰᠡᠨ ᠴᠠᠭ᠄
2019-10-23
     ᠮᠠᠨ ᠤ ᠬᠤᠰᠢᠭᠤ ᠬᠦᠯ ᠪᠦᠮᠪᠣᠭᠡᠨ ᠤ ᠡᠯ᠎ᠠ ᠲᠠᠯ᠎ᠠ ᠶᠢᠨ ᠰᠠᠭᠤᠷᠢ ᠲᠦᠬᠦᠭᠡᠷᠦᠮᠵᠢ ᠢ ᠰᠠᠶᠢᠵᠢᠷᠠᠭᠤᠯᠣᠨ ᠬᠦᠯ ᠪᠦᠮᠪᠣᠭᠡᠨ ᠤ ᠳᠣᠷ᠎ᠠ ᠪᠠᠭ᠋ᠠᠳᠠᠳ ᠤᠨ ᠣᠷᠮ᠎ᠠ ᠵᠤᠷᠢᠭ ᠢ ᠬᠦᠭᠵᠢᠬᠡᠨ ᠪᠠᠳᠠᠷᠠᠭᠠᠵᠣ ᠬᠦᠯ ᠪᠦᠮᠪᠣᠭᠡᠨ ᠤ ᠣᠶᠢᠯᠡᠰ ᠢ ᠬᠦᠭᠵᠢᠬᠦᠯᠵᠣ ᠪᠠᠶᠢᠨ᠎ᠠ᠃  
     ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ ᠦᠦᠰᠢᠨ ᠬᠦᠯ ᠪᠦᠮᠪᠦᠭᠡᠨ ᠤ ᠨᠡᠶᠢᠭᠡᠮᠯᠢᠭ᠂ ︽ᠢᠯᠲᠡ︾ ᠬᠦᠯ ᠪᠦᠮᠪᠦᠭᠡᠨ ᠤ ᠺᠯᠦ᠋ᠪ ᠠᠴᠠ ᠳᠠᠭᠠᠭᠠᠴᠢᠯᠠᠨ ᠬᠢᠭᠰᠡᠨ ᠭᠤᠷᠪᠡᠳᠣᠭᠠᠷ ᠬᠤᠭᠤᠴᠠᠭᠠᠨ ᠤ ︽ᠢᠯᠲᠠ︾ ᠬᠤᠨᠳᠠᠭᠠᠳᠤ ᠬᠥᠯ ᠪᠦᠮᠪᠦᠭᠡᠨ ᠤ ᠤᠷᠤᠯᠳᠤᠭᠠᠨ ᠢᠳᠡ ᠬᠦᠭ ᠲᠠᠢ ᠶᠠᠪᠣᠭᠳᠠᠵᠣ ᠡᠯ᠎ᠡ ᠬᠦᠯ ᠪᠦᠮᠪᠦᠭᠡᠨ ᠤ ᠨᠡᠶᠢᠭᠡᠮᠯᠢᠭ᠂ ᠰᠤᠮᠤ ᠪᠠᠯᠭᠠᠰᠤ᠂ ᠪᠠᠶᠢᠭᠤᠯᠭ᠎ᠠ ᠨᠢᠭᠡᠴᠢ ᠠᠴᠠ ᠢᠷᠡᠭᠰᠡᠨ ᠨᠠᠢᠮᠠᠨ ᠳᠣᠭᠤᠶᠢᠯᠠᠩ ᠤᠨ ᠲᠠᠮᠢᠷᠴᠢᠳ ᠤᠷᠤᠯᠴᠠᠨ ᠭᠤᠷᠪᠠᠨ ᠡᠳᠦᠷ ᠤᠨ ᠬᠤᠷᠴᠠ ᠰᠢᠷᠦᠭᠦᠨ ᠲᠡᠮᠡᠴᠡᠯ ᠢᠶᠠᠷ ᠲᠤᠭ ᠪᠠᠯᠭᠠᠰᠤᠨ ᠤ ᠴᠧᠨ ᠮᠠᠤ ᠬᠦᠯ ᠪᠦᠮᠪᠦᠭᠡᠨ ᠤ ᠠᠩᠭᠢ ᠲᠡᠷᠢᠭᠦᠨ ᠪᠠᠶᠢᠷᠢᠨ  ᠳᠤ ᠲᠤᠳᠤᠷᠠᠭᠰᠠᠨ ᠪᠠᠶᠢᠨ᠎ᠠ᠃
     ᠣᠶᠢᠷ᠎ᠠ ᠶᠢᠨ ᠵᠢᠯ ᠠᠴᠠ ᠨᠠᠭᠠᠰᠢ ᠦᠣᠰᠢᠨ ᠬᠤᠰᠢᠭᠤ ᠨᠢ ᠪᠦᠬᠦ ᠤᠯᠤᠰ ᠤᠨ ᠬᠦᠯ ᠪᠦᠮᠪᠦᠭᠡᠨ ᠤ ᠦᠢᠯᠡᠰ ᠢ ᠭᠦᠭᠵᠢᠬᠦᠯᠣᠨ ᠬᠦᠴᠣᠷᠭᠡᠭᠵᠢᠬᠦᠯᠬᠦ ᠪᠠᠶᠢᠯᠳᠣᠬᠤ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠬᠦᠯ ᠪᠦᠮᠪᠦᠭᠡᠨ ᠤ ᠲᠠᠯᠠᠪᠡᠢ᠂ ᠲᠤᠨᠤᠭ ᠲᠦᠬᠦᠭᠡᠷᠦᠮᠵᠢ ᠵᠡᠷᠭᠡ ᠡᠯ᠎ᠡ ᠲᠠᠯ᠎ᠠ ᠶᠢᠨ ᠨᠦᠬᠦᠴᠠᠯ ᠢ ᠪᠦᠷᠢᠨᠰᠢᠭᠦᠯᠵᠦ ᠬᠦᠯ ᠪᠦᠮᠪᠦᠭᠡᠨ ᠤ ᠪᠠᠭ᠋ᠠᠲᠠᠳ ᠲᠤ ᠲᠤᠬᠢᠲᠠᠢ ᠰᠠᠶᠢᠬᠠᠨ ᠣᠷᠴᠢᠨ ᠳᠣᠭᠤᠷᠢᠨ ᠢ ᠬᠠᠨᠭ᠍ᠭᠠᠨ ᠦᠭᠬᠦ ᠶᠢᠨ ᠳᠠᠭᠠᠣ ᠳᠤ ᠣᠯᠠᠨ ᠣᠳᠠᠭᠠᠨ ᠤ ᠤᠷᠤᠯᠳᠤᠭᠠᠨ ᠰᠢᠯᠭᠠᠷᠠᠭᠤᠯᠣᠯᠳᠠ ᠢ ᠵᠣᠬᠢᠶᠠᠨ ᠪᠠᠶᠢᠭᠤᠯᠣᠨ ᠡᠷᠬᠢᠯᠡᠵᠦ ᠬᠦᠮᠦᠰ ᠤᠨ ᠬᠦᠯ ᠪᠦᠮᠪᠦᠭᠡᠨ ᠤ ᠬᠦᠳᠡᠯᠭᠡᠭᠡᠨ ᠳᠤ ᠢᠳᠡᠪᠬᠢᠲᠠᠢ ᠤᠷᠤᠯᠴᠠᠬᠤ ᠤᠷᠮ᠎ᠠ ᠪᠠᠬ᠎ᠠ ᠶᠢ ᠬᠦᠭᠵᠢᠭᠡᠭᠰᠡᠨ ᠪᠠᠶᠢᠨ᠎ᠠ᠃  
     
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号