ᠦᠤᠰᠢᠨ ᠬᠤᠰᠢᠭᠤᠨ ᠤ ᠨᠡᠭᠦᠷᠡᠰᠦᠨ ᠠᠭᠤᠷᠬᠠᠶ ᠶᠢᠨ ᠣᠰᠣᠨ ᠰᠣᠷᠪᠣᠯᠵᠢ ᠶᠢᠨ ᠵᠠᠰᠠᠯᠳᠠ ᠪᠠ ᠬᠠᠳᠠᠭᠤᠴᠠᠶᠢᠳᠠᠮ ᠲᠥᠪᠯᠡᠷᠡᠩᠭᠦᠶ ᠮᠠᠶ᠋ᠢᠭ ᠤᠨ ᠣᠣᠭᠤᠬᠤ ᠣᠰᠣᠨ ᠰᠣᠷᠪᠣᠯᠵᠢ ᠶᠢᠨ ᠣᠷᠣᠨ ᠤ ᠬᠠᠮᠠᠭᠠᠯᠠᠯᠳᠠ ᠶᠢ ᠴᠡᠭᠴᠡᠯᠡᠨ ᠰᠠᠶᠢᠵᠢᠷᠠᠭᠤᠯᠬᠤ ᠲᠦᠰᠥᠯ ᠢ ᠳᠠᠷᠤᠮᠠᠯᠯᠠᠨ ᠲᠠᠷᠬᠠᠭᠠᠬᠤ ᠳᠣᠬᠠᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-10-24
                   ᠦᠣᠰᠢᠨ ᠵᠠᠰᠠᠭ ᠠᠯᠪᠠᠨ ᠳᠠᠷᠬᠠᠭᠠᠬᠤ〔2019〕41 ᠳ᠋ᠦ᠋ᠬᠡᠷ ᠳᠣᠭᠠᠳᠣ ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶᠎ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠨᠢᠬᠡᠴᠢ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄    ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ︽ᠦᠤᠰᠢᠨ ᠬᠤᠰᠢᠭᠤᠨ ᠤ ᠨᠡᠭᠦᠷᠡᠰᠦᠨ ᠠᠭᠤᠷᠬᠠᠶ ᠶᠢᠨ ᠣᠰᠣᠨ ᠰᠣᠷᠪᠣᠯᠵᠢ ᠶᠢᠨ ᠵᠠᠰᠠᠯᠳᠠ ᠪᠠ ᠬᠠᠳᠠᠭᠤᠴᠠᠶᠢᠳᠠᠮ ᠲᠥᠪᠯᠡᠷᠡᠩᠭᠦᠶ ᠮᠠᠶ᠋ᠢᠭ ᠤᠨ ᠣᠣᠭᠤᠬᠤ ᠣᠰᠣᠨ ᠰᠣᠷᠪᠣᠯᠵᠢ ᠶᠢᠨ ᠣᠷᠣᠨ ᠤ ᠬᠠᠮᠠᠭᠠᠯᠠᠯᠳᠠ ᠶᠢ ᠴᠡᠭᠴᠡᠯᠡᠨ ᠰᠠᠶᠢᠵᠢᠷᠠᠭᠤᠯᠬᠤ ᠲᠦᠰᠥᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠳᠣᠭᠤᠰᠢᠯᠠᠭᠤᠯᠣᠨ ᠬᠡᠷᠡᠭᠵᠢᠬᠦᠯᠤᠬᠡᠷᠡᠢ᠃                                      ᠦᠤᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2019᠎ ᠤᠨ 8 ᠰᠠᠷ᠎ᠠ ᠶᠢᠨ 21᠎ ᠤ ᠡᠳᠦᠷ               ᠦᠤᠰᠢᠨ ᠬᠤᠰᠢᠭᠤᠨ ᠤ ᠨᠡᠭᠦᠷᠡᠰᠦᠨ ᠠᠭᠤᠷᠬᠠᠶ ᠶᠢᠨ ᠣᠰᠣᠨ ᠰᠣᠷᠪᠣᠯᠵᠢ ᠶᠢᠨ ᠵᠠᠰᠠᠯᠳᠠ ᠪᠠ ᠬᠠᠳᠠᠭᠤᠴᠠᠶᠢᠳᠠᠮ ᠲᠥᠪᠯᠡᠷᠡᠩᠭᠦᠶ ᠮᠠᠶ᠋ᠢᠭ ᠤᠨ ᠣᠣᠭᠤᠬᠤ ᠣᠰᠣᠨ ᠰᠣᠷᠪᠣᠯᠵᠢ ᠶᠢᠨ ᠣᠷᠣᠨ ᠤ ᠬᠠᠮᠠᠭᠠᠯᠠᠯᠳᠠ ᠶᠢ ᠴᠡᠭᠴᠡᠯᠡᠨ ᠰᠠᠶᠢᠵᠢᠷᠠᠭᠤᠯᠬᠤ ᠲᠦᠰᠥᠯ        ︽︿ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠣᠳᠠᠭᠠᠨ ᠤ ᠲᠣᠭᠤᠷᠢᠨ ᠪᠠᠶᠢᠴᠠᠭᠠᠬᠤ ᠳᠣᠭᠤᠶᠢᠯᠠᠩ ᠦᠤᠰᠢᠨ ᠬᠤᠰᠢᠭᠤ ᠶᠢ ᠳᠣᠭᠤᠷᠢᠨ ᠪᠠᠶᠢᠴᠠᠭᠠᠵᠣ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠡᠭᠦᠷᠭᠡ ᠶᠢᠨ ᠵᠠᠳᠠᠯᠣᠯᠳᠠ ᠶᠢᠨ ᠬᠠᠭᠤᠳᠠᠰᠤ﹀᠎ ᠶᠢ ᠳᠠᠷᠤᠮᠠᠯᠯᠠᠨ ᠳᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠤᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ ᠤᠨ ᠮᠡᠳᠡᠭᠳᠡᠯ︾᠎ ᠢ ᠦᠨᠳᠦᠰᠦᠯᠡᠨ ᠨᠡᠭᠦᠷᠡᠰᠦᠨ ᠠᠭᠤᠷᠬᠠᠢ ᠶᠢᠨ ᠤᠰᠤᠨ ᠰᠤᠷᠪᠤᠯᠵᠢ ᠶᠢᠨ ᠣᠷᠣᠨ ᠤ ᠵᠠᠰᠠᠯᠳᠠ ᠪᠠ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠳᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠨᠡᠭᠦᠷᠡᠰᠦᠨ ᠠᠭᠤᠷᠬᠠᠢ ᠶᠢᠨ ᠪᠣᠬᠢᠷ ᠤᠰᠤ ᠶᠢ ᠶᠡᠷᠦᠩᠬᠡᠶᠢᠯᠡᠨ ᠠᠰᠢᠭᠯᠠᠬᠤ ᠪᠠ ᠣᠷᠳᠣᠰ ᠬᠤᠲᠠ ᠶᠢᠨ ᠭᠤᠣᠯ ᠲᠣᠭᠤᠷᠢᠭ ᠤᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠰᠤᠷᠪᠤᠯᠵᠢ ᠶᠢᠨ ᠣᠷᠣᠨ ᠢ ᠪᠦᠲᠦᠮᠵᠢᠲᠡᠶ ᠬᠠᠮᠠᠭᠠᠯᠠᠬᠤ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠣᠳᠠᠭᠠᠨ ᠤ ᠳᠣᠭᠤᠷᠢᠨ ᠪᠠᠶᠢᠴᠠᠭᠠᠯᠳᠠ ᠶᠢᠨ ᠳᠣᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃       ᠨᠢᠭᠡ᠂ ᠵᠢᠯᠣᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠣᠨ ᠨᠠᠶᠢᠳᠠᠪᠤᠷᠢᠵᠢᠭᠤᠯᠵᠣ ︽ᠳᠥᠷᠪᠡᠨ ᠤᠬᠠᠮᠰᠠᠷ︾᠎ ᠢ ᠪᠠᠲᠤ ᠪᠣᠶ ᠪᠣᠯᠭᠠᠨ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠰᠠᠶᠢᠳᠣᠷ ᠬᠢᠬᠦ ᠬᠡᠷᠡᠭᠲᠡᠶ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠵᠠᠰᠠᠯᠳᠠ ᠶᠢᠨ ᠴᠢᠭᠯᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭᠠᠨ ᠤ ᠲᠣᠭᠤᠷᠢᠨ ᠪᠠᠶᠢᠴᠠᠭᠠᠬᠤ ᠳᠣᠭᠤᠶᠢᠯᠠᠩ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠵᠢᠷᠤᠮᠯᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠣ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃       ᠬᠤᠶᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ       ︵ᠨᠢᠭᠡ︶ ᠨᠡᠭᠦᠷᠡᠰᠦᠨ ᠠᠭᠤᠷᠬᠠᠢ ᠶᠢᠨ ᠤᠰᠤᠨ ᠰᠤᠷᠪᠤᠯᠵᠢ ᠶᠢ ᠵᠠᠰᠠᠬᠤ ᠠᠵᠢᠯ ᠤᠨ ᠠᠬᠢᠴᠠ ᠤᠳᠠᠭᠠᠨ ᠪᠠᠶᠢᠨ᠎ᠠ᠃       ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄      ⒈ ᠠᠭᠤᠷᠬᠠᠢ ᠶᠢᠨ ᠤᠰᠤ ᠶᠢ ᠬᠦᠨᠵᠡᠬᠡᠢ ᠰᠢᠢᠳᠪᠦᠷᠢᠯᠡᠬᠦ ᠣᠶᠢᠯᠡᠳᠪᠣᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠦᠤᠰᠢᠨ ᠬᠤᠰᠢᠭᠤᠨ ᠤ ᠤᠰᠤᠨ ᠰᠢᠰᠲ᠋ᠧᠮ ᠢ ᠵᠠᠯᠭᠠᠨ ᠨᠠᠪᠳᠠᠷᠠᠬᠦᠯᠬᠦ ᠵᠢᠴᠢ ᠠᠵᠣ ᠣᠶᠢᠯᠡᠳᠪᠣᠷᠢ ᠶᠢᠨ ᠣᠰᠣᠨ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠤᠨ ᠲᠥᠯᠥᠪᠵᠢᠭᠦᠯᠬᠡ︾᠂ ︽ᠦᠤᠰᠢᠨ ᠬᠤᠰᠢᠭᠤᠨ ᠤ ᠠᠭᠤᠷᠬᠠᠢ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠲᠥᠰᠦᠯ︾᠎ ᠤᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ᠂ ᠠᠭᠤᠷᠬᠠᠢ ᠶᠢᠨ ᠣᠰᠣ ᠶᠢ ᠭᠦᠨᠵᠡᠭᠡᠶ ᠰᠢᠢᠳᠪᠣᠷᠢᠯᠡᠬᠦ ᠣᠶᠢᠯᠡᠳᠪᠣᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠱᠠᠩ ᠤᠨ ᠬᠤᠭᠤᠯᠠᠢ ᠨᠡᠭᠦᠷᠡᠰᠦᠨ ᠠᠭᠤᠷᠬᠠᠢ ᠶᠢᠨ ᠡᠳᠦᠷ ᠲᠤ 4.8 ᠲᠦᠮᠡᠨ ᠪᠣᠰᠤᠭ᠎ᠠ ᠲᠦᠷᠪᠠᠯᠵᠢᠨ ᠮᠧᠲᠷ ᠤᠨ ᠣᠰᠣ ᠪᠣᠯᠤᠨ ᠪᠠᠶᠠᠨᠭᠤᠣᠯ ᠨᠡᠭᠦᠷᠡᠰᠦᠨ ᠠᠭᠤᠷᠬᠠᠶ ᠶᠢᠨ ᠡᠳᠦᠷ  ᠎ ᠲᠤ 2.4 ᠲᠦᠮᠡᠨ ᠪᠣᠰᠤᠭ᠎ᠠ ᠲᠦᠷᠪᠠᠯᠵᠢᠨ ᠮᠧᠲᠷ ᠤᠨ ᠤᠰᠤ ᠶᠢ ᠭᠦᠨᠵᠡᠭᠡᠶ ᠰᠢᠢᠳᠪᠣᠷᠢᠯᠡᠬᠦ ᠲᠥᠷᠥᠯ ᠵᠣᠶᠢᠯ᠂ ᠪᠥᠸᠧ ᠳ᠋ᠠ ᠱᠢ ᠳ᠋ᠢ ᠺᠣᠮᠫᠠᠨᠢ᠂ ᠶᠢᠨ ᠴᠧᠩ ᠲᠠᠢ ᠺᠣᠮᠫᠠᠨᠢ᠂ ᠱᠢ ᠯᠢᠨ ᠬᠢᠮᠢ ᠶᠢᠨ ᠣᠶᠢᠯᠡᠳᠪᠣᠷᠢ ᠶᠢᠨ ᠺᠣᠮᠫᠠᠨᠢ ᠶᠢᠨ ᠥᠨᠳᠥᠷ ᠳᠠᠪᠤᠰᠤᠲᠤ ᠣᠰᠣ ᠶᠢ ᠳᠠᠯᠠᠰᠵᠢᠭᠤᠯᠣᠨ ᠳᠠᠪᠤᠰᠤ ᠰᠠᠯᠭᠠᠬᠤ ᠢᠨᠵᠧᠨᠧᠷᠢᠩ ᠵᠡᠷᠭᠡ ᠤᠰᠤᠨ ᠤ ᠡᠬᠢ ᠪᠠᠶᠠᠯᠢᠭ ᠤᠨ ᠥᠨᠳᠥᠷ ᠪᠦᠲᠦᠮᠵᠢᠲᠤ ᠠᠰᠢᠭᠯᠠᠯᠳᠠ ᠶᠢᠨ ᠲᠥᠷᠥᠯ ᠵᠣᠶᠢᠯ ᠢ ᠥᠨᠳᠥᠷ ᠪᠠᠷᠢᠮᠵᠢᠶ᠎ᠠ ᠪᠠᠷ ᠡᠬᠢᠯᠡᠬᠦᠯᠣᠨ ᠬᠡᠷᠡᠭᠵᠢᠬᠦᠯᠬᠦ ᠶᠢ ᠠᠬᠢᠭᠤᠯᠤᠨ᠎ᠠ᠃ ᠪᠤᠵᠠᠷ ᠤᠰᠤ᠂ ᠦᠨᠳᠣᠷ ᠳᠠᠪᠣᠰᠣᠳᠣ ᠤᠰᠤ ᠶᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ ᠨᠠᠷᠢᠠᠭᠤᠣᠯ ᠬᠤᠶᠠᠳᠤᠭᠠᠷ ᠨᠣᠮᠧᠷᠲᠤ ᠠᠭᠤᠷᠬᠠᠢ ᠶᠢᠨ  ᠤᠰᠤ ᠶᠢ ᠶᠡᠷᠦᠩᠬᠡᠶᠢᠯᠡᠨ ᠰᠢᠢᠳᠪᠣᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ ᠬᠤᠯᠣᠰᠣ ᠨᠡᠭᠦᠷᠡᠰᠦᠨ ᠠᠭᠤᠷᠬᠠᠶ᠂ ᠮᠦᠩᠬᠡᠴᠢ ᠨᠡᠭᠦᠷᠡᠰᠦᠨ ᠠᠭᠤᠷᠬᠠᠶ᠂ ᠮᠣᠳᠣᠨᠴᠠᠶᠢᠳᠠᠮ ᠨᠡᠭᠦᠷᠡᠰᠦᠨ ᠠᠭᠤᠷᠬᠠᠢ ᠶᠢᠨ ᠤᠰᠤ ᠶᠢ ᠬᠦᠨᠵᠡᠬᠡᠢ ᠰᠢᠢᠳᠪᠦᠷᠢᠯᠡᠭᠰᠡᠨ ᠤ ᠳᠠᠷᠠᠭ᠎ᠠ ᠵᠦᠩ ᠲᠢᠶᠠᠨ ᠾᠧ ᠴᠤᠸᠠᠩ ᠺᠣᠮᠫᠠᠨᠢ᠂ ᠵᠦᠩ ᠮᠸᠢ ᠪᠦᠯᠥᠭᠯᠡᠯ ᠤᠨ ᠬᠢᠮᠢ ᠶᠢᠨ ᠪᠣᠷᠳᠣᠭᠤᠷ ᠤᠨ ᠲᠦᠷᠥᠯ ᠵᠣᠶᠢᠯ ᠵᠡᠷᠭᠡ ᠭᠤᠤᠯᠳᠠᠯᠭ᠎ᠠ ᠲᠠᠢ ᠠᠵᠤ ᠠᠬᠤᠶᠢᠯᠡᠯ ᠳᠤ ᠨᠢᠭᠡᠳᠦᠯᠲᠡᠶ ᠳᠣᠬᠢᠷᠠᠭᠤᠯᠣᠨ ᠬᠦᠷᠬᠡᠵᠣ ᠳᠠᠬᠢᠨ ᠬᠡᠷᠡᠭᠯᠡᠭᠦᠯᠵᠦ ᠠᠭᠤᠷᠬᠠᠢ ᠶᠢᠨ ᠣᠰᠣ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃        ᠬᠠᠷᠢᠭᠤᠴᠠᠯᠭᠠᠲᠤ ᠤᠳᠤᠷᠢᠳᠤᠯᠭ᠎ᠠ᠄ ᠯᠢ ᠵᠥᠩ ᠯᠢᠨ        ᠲᠦᠷᠦᠬᠦᠯᠠᠨ ᠬᠠᠷᠢᠭᠤᠴᠠᠬᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ      ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠣᠶᠢᠯᠡᠳᠪᠣᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠳᠣᠭᠤᠷᠢᠭ᠂ ᠨᠠᠷᠢᠠᠭᠤᠣᠯ ᠠᠵᠤ ᠤᠶᠢᠯᠡᠳᠪᠣᠷᠢ ᠶᠢᠨ ᠬᠦᠷᠢᠶᠡᠯᠡᠩ ᠲᠣᠭᠤᠷᠢᠭ᠂ ᠲᠤᠭ ᠪᠠᠯᠭᠠᠰᠤ᠂ ᠣᠯᠠᠭᠠᠠᠳᠣᠯᠣᠭᠠᠢ ᠪᠠᠯᠭᠠᠰᠤ᠂ ᠭᠠᠯᠠᠭᠤᠲᠤ ᠪᠠᠯᠭᠠᠰᠤ᠂ ᠰᠢᠷᠬᠤᠰᠣᠨ ᠪᠠᠯᠭᠠᠰᠤ᠃        ᠪᠡᠶᠡᠯᠡᠭᠦᠯᠬᠦ ᠴᠠᠭ ᠤᠨ ᠬᠢᠵᠠᠭᠠᠷ᠄ ᠴᠠᠭ ᠳᠠᠷᠣᠢ ᠳᠤᠨᠢ ᠬᠡᠷᠡᠭᠵᠢᠭᠦᠯᠣᠨ ᠰᠠᠶᠢᠵᠢᠷᠠᠭᠤᠯᠵᠣ᠂ 2019᠎ ᠤᠨ 10 ᠰᠠᠷ᠎ᠠ ᠶᠢᠨ ᠰᠠᠬᠦᠯᠴᠢ ᠪᠠᠷ ᠱᠠᠲᠤᠴᠢ ᠴᠢᠨᠠᠷᠲᠠᠶ ᠦᠷ᠎ᠡ ᠪᠦᠲᠦᠭᠡᠯ ᠣᠯᠣᠨ᠎ᠠ᠃       ⒉ ᠬᠤᠵᠢᠷᠳᠣ ᠬᠤᠶᠠᠳᠣᠭᠠᠷ ᠨᠠᠭᠤᠷ ᠤᠨ ᠠᠭᠤᠷᠬᠠᠢ ᠶᠢᠨ ᠣᠰᠣ ᠶᠢ ᠴᠡᠪᠡᠷᠰᠢᠬᠦᠯᠥᠨ ᠠᠰᠢᠭᠯᠠᠬᠤ᠂ ᠨᠠᠷᠢᠠᠭᠤᠣᠯ ᠠᠵᠤ ᠣᠶᠢᠯᠡᠳᠪᠣᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠬᠤᠭᠤᠯᠠᠶ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠱᠠᠩ ᠤᠨ ᠬᠤᠭᠤᠯᠠᠢ ᠨᠡᠬᠦᠷᠠᠰᠣᠨ ᠠᠭᠤᠷᠬᠠᠢ᠂ ᠳᠣᠭᠤᠯᠠᠭ᠎ᠠ ᠶᠢᠨ ᠪᠡᠯᠡᠷ ᠨᠡᠬᠦᠷᠡᠰᠣᠨ ᠠᠭᠤᠷᠬᠠᠢ ᠠᠴᠠ ᠨᠠᠷᠢᠠᠭᠤᠣᠣᠯ ᠠᠵᠤ ᠣᠶᠢᠯᠡᠳᠪᠣᠷᠢ ᠶᠢᠨ ᠬᠦᠷᠢᠶᠡᠯᠡᠩ ᠲᠣᠭᠤᠷᠢᠭ ᠬᠦᠷᠬᠦ ᠤᠰᠤᠨ ᠠᠰᠢᠭᠯᠠᠯᠲᠠ ᠶᠢᠨ ᠰᠢᠰᠲ᠋ᠧᠮ ᠤᠨ 51 ᠺᠢᠯᠥᠮᠧᠲᠷ ᠤᠨ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠦᠨᠵᠡᠬᠡᠢ ᠰᠢᠢᠳᠪᠦᠷᠢᠯᠡᠭᠰᠡᠨ ᠤ ᠳᠠᠷᠠᠭᠠᠬᠢ ᠠᠭᠤᠷᠬᠠᠢ ᠶᠢᠨ ᠤᠰᠤ ᠶᠢ ᠨᠠᠷᠢᠠᠭᠤᠣᠯ ᠬᠦᠷᠢᠶᠡᠯᠡᠩ ᠲᠣᠭᠤᠷᠢᠭ ᠤᠨ ᠠᠵᠤ ᠣᠶᠢᠯᠡᠳᠪᠣᠷᠢ ᠶᠢᠨ ᠠᠵᠤ ᠠᠬᠤᠶᠢᠯᠠᠯ᠂ ᠴᠡᠴᠡᠷᠯᠢᠭᠵᠢᠬᠦᠯᠥᠯᠳᠡ ᠨᠣᠭᠤᠭᠠᠷᠠᠭᠤᠯᠤᠯᠲᠠ ᠵᠡᠷᠭᠡ ᠳᠤ ᠬᠡᠷᠡᠭᠯᠡᠵᠦ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃        ᠬᠠᠷᠢᠭᠤᠴᠠᠯᠭᠠᠲᠤ ᠤᠳᠤᠷᠢᠳᠤᠯᠭ᠎ᠠ᠄ ᠪᠠᠶᠠᠨᠴᠡᠩᠭᠡᠯ        ᠲᠦᠷᠦᠬᠦᠯᠠᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠤᠰᠤᠨ ᠶᠠᠪᠣᠳᠠᠯ ᠤᠨ ᠪᠡᠯᠡ ᠣᠷᠣᠭᠤᠯᠤᠯᠲᠠ ᠶᠢᠨ ᠺᠣᠮᠫᠠᠨᠢ      ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠣᠶᠢᠯᠡᠳᠪᠣᠷᠢ ᠮᠡᠳᠡᠭᠡ ᠵᠠᠩᠬᠢᠴᠢᠯᠡᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠳᠣᠭᠤᠷᠢᠭ᠂ ᠨᠠᠷᠢᠠᠭᠤᠣᠯ ᠠᠵᠤ ᠤᠶᠢᠯᠡᠳᠪᠣᠷᠢ ᠶᠢᠨ ᠬᠦᠷᠢᠶᠡᠯᠡᠩ ᠲᠣᠭᠤᠷᠢᠭ᠂ ᠲᠤᠭ ᠪᠠᠯᠭᠠᠰᠤ᠂ ᠭᠠᠯᠠᠭᠤᠲᠤ ᠪᠠᠯᠭᠠᠰᠤ᠂ ᠰᠢᠷᠬᠤᠰᠣᠨ ᠪᠠᠯᠭᠠᠰᠤ᠂ ᠰᠦᠯᠳᠠ ᠰᠣᠮᠣ᠃         ᠪᠡᠶᠡᠯᠡᠭᠦᠯᠬᠦ ᠴᠠᠭ ᠤᠨ ᠬᠢᠵᠠᠭᠠᠷ᠄ 2020᠎ ᠤᠨ 6 ᠳ᠋ᠤᠭᠠᠷ ᠰᠠᠷ᠎ᠠ ᠶᠢᠨ 30᠎ ᠤ ᠡᠳᠦᠷ᠃        ⒊ ᠪᠣᠷᠵᠠᠩ ᠤᠨ ᠨᠠᠭᠤᠷ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃         ᠬᠠᠷᠢᠭᠤᠴᠠᠯᠭᠠᠲᠤ ᠤᠳᠤᠷᠢᠳᠤᠯᠭ᠎ᠠ᠄ ᠯᠢ ᠵᠥᠩ ᠯᠢᠨ᠂ ᠪᠠᠶᠠᠨᠴᠡᠩᠭᠡᠯ      ᠲᠦᠷᠦᠬᠦᠯᠠᠨ ᠬᠠᠷᠢᠭᠤᠴᠠᠬᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ       ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠣᠶᠢᠯᠡᠳᠪᠣᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠳᠣᠭᠤᠷᠢᠭ᠂ ᠲᠤᠭ ᠪᠠᠯᠭᠠᠰᠤ         ᠪᠡᠶᠡᠯᠡᠭᠦᠯᠬᠦ ᠴᠠᠭ ᠤᠨ ᠬᠢᠵᠠᠭᠠᠷ᠄ 2020 ᠣᠨ ᠤ 6 ᠳ᠋ᠤᠭᠠᠷ ᠰᠠᠷ᠎ᠠ ᠶᠢᠨ 30᠎ ᠤ ᠡᠳᠦᠷ᠃        ⒋ ᠭᠠᠯᠠᠭᠤᠲᠤ ᠪᠠᠯᠭᠠᠰᠤᠨ ᠲᠣᠭᠤᠷᠢᠭ ᠤᠨ ᠦᠵᠡᠮᠵᠢ ᠶᠢᠨ ᠤᠰᠤᠨ ᠰᠢᠰᠲ᠋ᠧᠮ ᠢ ᠡᠬᠢᠯᠡᠬᠦᠯᠥᠨ ᠪᠠᠶᠢᠭᠤᠯᠤᠨ᠎ᠠ᠃ ᠱᠠᠩ ᠤᠨ ᠬᠤᠭᠤᠯᠠᠢ ᠨᠡᠬᠦᠷᠠᠰᠣᠨ ᠠᠭᠤᠷᠬᠠᠢ᠂ ᠳᠣᠭᠤᠯᠠᠭ᠎ᠠ ᠶᠢᠨ ᠪᠡᠯᠡᠷ ᠨᠡᠬᠦᠷᠡᠰᠣᠨ ᠠᠭᠤᠷᠬᠠᠢ ᠎ ᠶᠢᠨ ᠣᠰᠣ ᠶᠢ ᠬᠦᠨᠵᠡᠬᠡᠢ ᠰᠢᠢᠳᠪᠦᠷᠢᠯᠡᠭᠰᠡᠨ ᠤ ᠳᠠᠷᠠᠭ᠎ᠠ ᠪᠠᠯᠭᠠᠰᠤᠨ ᠲᠣᠭᠤᠷᠢᠭ ᠤᠨ ᠦᠵᠡᠮᠵᠢ ᠶᠢᠨ ᠤᠰᠤᠨ ᠰᠢᠰᠲ᠋ᠧᠮ ᠢ ᠠᠰᠢᠭᠯᠠᠯᠳᠠ ᠳᠤ ᠣᠷᠣᠭᠤᠯᠣᠭᠠᠳ ᠢᠳᠡᠭ ᠢᠳᠡᠭ ᠢᠶᠠᠷ ᠪᠠᠯᠭᠠᠰᠣᠨ ᠲᠣᠭᠤᠷᠢᠭ ᠤᠨ ᠴᠡᠴᠡᠷᠯᠢᠭᠵᠢᠬᠦᠯᠥᠯᠳᠡ ᠨᠣᠭᠤᠭᠠᠷᠠᠭᠤᠯᠣᠯᠳᠠ᠂ ᠭᠠᠯ ᠰᠠᠷᠬᠡᠶᠢᠯᠡᠯᠳᠡ᠂ ᠨᠡᠶᠢᠲᠡ ᠶᠢᠨ ᠵᠣᠷᠯᠣᠩ ᠵᠡᠷᠭᠡ ᠭᠠᠵᠠᠷ ᠲᠤ ᠬᠡᠷᠡᠭᠯᠡᠵᠣ ᠬᠤᠲᠠ ᠪᠠᠯᠭᠠᠰᠤᠨ ᠤ ᠦᠵᠡᠮᠵᠢ ᠶᠢᠨ ᠤᠰᠤᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠭᠤᠣᠯ ᠲᠣᠭᠤᠷᠢᠭ ᠤᠨ ᠵᠡᠷᠬᠡ ᠳᠠᠰ ᠢ ᠳᠡᠭᠡᠭᠰᠢᠯᠡᠭᠦᠯᠦᠨ᠎ᠡ᠃         ᠬᠠᠷᠢᠭᠤᠴᠠᠯᠭᠠᠲᠤ ᠤᠳᠤᠷᠢᠳᠤᠯᠭ᠎ᠠ᠄ ᠵᠧᠤ ᠱᠤᠸᠠᠢ         ᠲᠦᠷᠦᠬᠦᠯᠠᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ        ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠣᠶᠢᠯᠡᠳᠪᠣᠷᠢ ᠮᠡᠳᠡᠭᠡ ᠵᠠᠩᠬᠢᠴᠢᠯᠡᠯᠳᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠭᠠᠯᠠᠭᠤᠲᠤ ᠪᠠᠯᠭᠠᠰᠤ         ᠪᠡᠶᠡᠯᠡᠭᠦᠯᠬᠦ ᠴᠠᠭ ᠤᠨ ᠬᠢᠵᠠᠭᠠᠷ᠄ ᠴᠠᠭ ᠳᠠᠷᠦᠢ ᠳᠤᠨᠢ ᠬᠡᠷᠡᠭᠵᠢᠭᠦᠯᠣᠨ ᠰᠠᠶᠢᠵᠢᠷᠠᠭᠤᠯᠵᠣ᠂ 2019᠎ ᠤᠨ 10 ᠰᠠᠷ᠎ᠠ ᠳᠤ ᠱᠠᠲᠤᠴᠢ ᠴᠢᠨᠠᠷᠲᠠᠶ ᠦᠷ᠎ᠡ ᠪᠦᠲᠦᠭᠡᠯ ᠣᠯᠣᠨ᠎ᠠ᠃        ⒌ ᠠᠭᠤᠷᠬᠠᠢ ᠶᠢᠨ ᠣᠰᠣ ᠶᠢ ᠳᠠᠬᠢᠨ ᠠᠰᠢᠭᠯᠠᠬᠤ ᠬᠡᠪᠴᠢᠶᠠᠵᠢᠯ ᠢ ᠨᠡᠮᠡᠭᠳᠡᠭᠦᠯᠦᠨ᠎ᠡ᠃ ᠵᠦᠩ ᠮᠧᠢ ᠪᠦᠯᠥᠭᠯᠡᠯ ᠤᠨ ᠣᠷᠳᠣᠰ ᠡᠨᠧᠷᠬᠢ ᠬᠢᠮᠢ ᠶᠢᠨ ᠠᠵᠣ ᠣᠶᠢᠯᠡᠳᠪᠣᠷᠢ ᠶᠢᠨ ᠬᠢᠵᠠᠭᠠᠷᠳᠣ ᠺᠣᠮᠫᠠᠨᠢ ᠶᠢᠨ 100 ᠲᠦᠮᠡᠨ ᠲᠣᠨ ᠨᠡᠶᠢᠯᠡᠮᠠᠯ ᠬᠡᠢ ᠪᠠᠷ ᠮᠧᠲ᠋ᠢᠯ ᠠᠯᠺᠣᠣᠯ ᠣᠶᠢᠯᠡᠳᠬᠦ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠭᠤᠷᠬᠠᠢ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠬᠠᠷᠢᠭᠤᠴᠠᠯᠭᠠᠲᠤ ᠤᠳᠤᠷᠢᠳᠤᠯᠭ᠎ᠠ᠄ ᠯᠢ ᠵᠥᠩ ᠯᠢᠨ      ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ       ᠬᠠᠷᠢᠭᠤᠴᠠᠬᠤ ᠰᠠᠯᠠᠭ᠎ᠠ ᠮᠥᠴᠢᠷ᠄ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ       ᠪᠡᠶᠡᠯᠡᠭᠦᠯᠬᠦ ᠴᠠᠭ ᠤᠨ ᠬᠢᠵᠠᠭᠠᠷ᠄ 2020 ᠤᠨ ᠤ 12 ᠳ᠋ᠤᠭᠠᠷ ᠰᠠᠷ᠎ᠠ ᠶᠢᠨ 31᠎ ᠤ ᠡᠳᠦᠷ       ︵ᠬᠤᠶᠠᠷ︶ ᠬᠠᠳᠠᠭᠤᠴᠠᠶᠢᠳᠠᠮ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠰᠤᠷᠪᠤᠯᠵᠢ ᠶᠢᠨ ᠤᠷᠤᠨ ᠎ ᠤ ᠬᠠᠮᠠᠭᠠᠯᠠᠯᠲᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠨᠢ ᠤᠳᠠᠭᠠᠨ ᠪᠠᠶᠢᠨ᠎ᠠ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄      ⒈ᠠᠷᠠᠳ ᠢ ᠨᠡᠭᠦᠯᠭᠡᠬᠦ ᠠᠵᠢᠯ ᠢ ᠲᠦᠷᠭᠡᠳᠬᠡᠨ᠎ᠡ᠃ ᠬᠤᠲᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ ᠳᠤᠲᠠᠭᠤ ᠰᠠᠯᠭᠠᠨ ᠦᠭᠭᠦᠭᠰᠡᠨ ᠪᠡᠯᠡ ᠮᠥᠩᠭᠦ ᠶᠢ ᠨᠠᠶᠢᠲᠠᠪᠤᠷᠢᠵᠢᠭᠤᠯᠬᠤ ᠤᠴᠢᠷ ᠢ ᠢᠳᠡᠪᠬᠢᠲᠡᠢ ᠬᠠᠷᠢᠯᠴᠠᠨ ᠬᠠᠷᠭᠤᠭᠤᠯᠵᠤ ᠤᠯᠠᠭᠠᠨᠳᠤᠯᠤᠭᠠᠢ ᠪᠠᠯᠭᠠᠰᠤ᠂ ᠲᠤᠭ ᠪᠠᠯᠭᠠᠰᠤ ᠬᠢᠭᠡᠳ ᠭᠤᠣᠯ ᠲᠣᠭᠤᠷᠢᠭ ᠤᠨ ᠨᠡᠭᠦᠳᠡᠯ ᠠᠷᠠᠳ ᠤᠨ ᠡᠷᠦᠬᠡ ᠶᠢᠨ ᠠᠷᠠᠳ ᠢ ᠨᠡᠭᠦᠯᠭᠡᠨ ᠲᠥᠪᠬᠢᠨᠡᠭᠦᠯᠬᠦ ᠬᠡᠯᠡᠯᠴᠡᠭᠡᠷ ᠲᠤᠭᠲᠠᠬᠤ ᠶᠢ ᠠᠬᠢᠭᠤᠯᠵᠤ ᠭᠤᠣᠯ ᠣᠷᠣᠨ ᠤ 575 ᠡᠷᠦᠬᠡ ᠶᠢᠨ ᠮᠠᠯᠴᠢᠨ ᠲᠠᠷᠢᠶᠠᠴᠢᠨ ᠢ ᠪᠦᠬᠦᠨ ᠢ ᠨᠡᠭᠦᠯᠭᠡᠨ ᠰᠢᠯᠵᠢᠭᠦᠯᠵᠦ ᠬᠠᠮᠠᠭᠠᠯᠠᠯᠲᠠ ᠶᠢᠨ ᠣᠷᠣᠨ ᠤ 1030 ᠡᠷᠦᠬᠡ ᠶᠢᠨ ᠮᠠᠯᠴᠢᠨ ᠲᠠᠷᠢᠶᠠᠴᠢᠨ ᠢ ᠲᠤᠬᠠᠢ ᠶᠢᠨ ᠭᠠᠵᠠᠷ ᠲᠤᠨᠢ ᠲᠥᠪᠬᠢᠨᠡᠭᠦᠯᠬᠦ ᠲᠥᠷᠦ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠨ᠎ᠠ᠃       ᠬᠠᠷᠢᠭᠤᠴᠠᠯᠭᠠᠲᠤ ᠤᠳᠤᠷᠢᠳᠤᠯᠭ᠎ᠠ᠄ ᠪᠠᠶᠠᠨᠴᠡᠩᠭᠡᠯ       ᠲᠦᠷᠦᠬᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠨᠡᠬᠦᠳᠡᠯ ᠰᠠᠭᠤᠷᠢᠰᠢᠯ ᠤᠨ ᠬᠠᠮᠢᠶᠠᠷᠤᠯᠲᠠ ᠶᠢᠨ ᠲᠥᠪ       ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠤᠯᠠᠭᠠᠨᠲᠤᠯᠤᠭᠠᠢ ᠪᠠᠯᠭᠠᠰᠤ᠂ ᠲᠤᠭ ᠪᠠᠯᠭᠠᠰᠤ       ᠪᠡᠶᠡᠯᠡᠭᠦᠯᠬᠦ ᠴᠠᠭ ᠤᠨ ᠬᠢᠵᠠᠭᠠᠷ᠄ 2020 ᠤᠨ ᠤ 6 ᠳ᠋ᠤᠭᠠᠷ ᠰᠠᠷ᠎ᠠ ᠶᠢᠨ 30᠎ ᠤ ᠡᠳᠦᠷ᠃       ⒉ ᠤᠰᠤᠨ ᠰᠤᠷᠪᠤᠯᠵᠢ ᠶᠢᠨ ᠤᠷᠤᠨ ᠤ ᠬᠠᠮᠠᠭᠠᠯᠠᠯᠲᠠ ᠶᠢ ᠴᠢᠩᠭᠠᠳᠬᠠᠨ᠎ᠠ᠃       ⑴ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠳᠦᠷᠢᠮ︾ ︽ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠰᠤᠷᠪᠤᠯᠵᠢ ᠶᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠱᠠᠭᠠᠷᠳᠠᠯᠭ᠎ᠠ︾᠎ ᠶᠢ ᠦᠨᠳᠦᠰᠦᠯᠡᠨ᠂ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠤ ᠤᠰᠤᠨ ᠰᠤᠷᠪᠤᠯᠵᠢ ᠶᠢᠨ ᠪᠤᠬᠢᠷᠳᠤᠯ ᠎ ᠢ ᠰᠡᠷᠭᠡᠶᠢᠯᠡᠨ ᠵᠠᠰᠠᠬᠤ ᠠᠵᠢᠯ ᠢ ᠨᠢᠭᠡᠳᠦᠯᠲᠡᠶ ᠬᠢᠨᠠᠨ ᠬᠠᠮᠢᠶᠠᠷᠴᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠨ ᠲᠣᠭᠲᠠᠭᠠᠬᠤ ᠲᠥᠰᠦᠯ ᠢ ᠨᠠᠶᠢᠷᠠᠭᠤᠯᠤᠨ ᠲᠤᠭᠳᠠᠭᠠᠵᠤ ᠤᠰᠤᠨ ᠰᠤᠷᠪᠤᠯᠵᠢ ᠶᠢᠨ ᠤᠰᠤᠨ ᠤ ᠴᠢᠨᠠᠷ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠵᠦ ᠤᠤᠭᠤᠬᠤ ᠤᠰᠤᠨ ᠰᠤᠷᠪᠤᠯᠵᠢ ᠶᠢᠨ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠴᠡᠭᠴᠡᠯᠡᠨ ᠵᠠᠰᠠᠬᠤ ᠡᠷᠴᠢᠮ ᠢᠶᠠᠨ ᠨᠡᠮᠡᠭᠳᠡᠭᠦᠯᠵᠦ  ᠤᠤᠭᠤᠬᠤ ᠤᠰᠤᠨ ᠰᠤᠷᠪᠤᠯᠵᠢ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠭᠦ ᠶᠢ ᠪᠠᠲᠤᠯᠠᠨ᠎ᠠ᠃ ᠥᠪᠥᠷ ᠮᠣᠩᠭᠤᠯ ᠤᠨ ᠪᠢ ᠱᠦᠶ ᠬᠤᠢ ᠶᠤᠸᠠᠨ ᠤᠰᠤᠨ ᠶᠠᠪᠤᠳᠠᠯ ᠤᠨ ᠬᠢᠵᠠᠭᠠᠷᠲᠤ ᠺᠣᠮᠫᠠᠨᠢ ᠶᠢᠨ ᠤᠰᠤ ᠬᠠᠩᠭᠠᠬᠤ ᠨᠢᠭᠡᠴᠢ ᠳᠤ ᠬᠢᠨᠠᠯᠲᠠ ᠲᠠᠯᠪᠢᠨ ᠵᠢᠯᠣᠭᠤᠳᠴᠤ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠵᠠᠭᠠᠭ ᠤᠨ ᠪᠠᠭᠠᠨ᠎ᠠ᠂ ᠵᠠᠭᠠᠭ ᠤᠨ ᠬᠥᠰᠢᠶ᠎ᠡ ᠵᠡᠷᠭᠡ ᠲᠡᠮᠳᠡᠭ ᠢᠯᠡᠷᠬᠡᠶᠢᠯᠡᠯ ᠢ ᠪᠠᠶᠢᠷᠢᠯᠠᠭᠤᠯᠤᠨ᠎ᠠ᠃ ᠬᠠᠷᠢᠭᠤᠴᠠᠯᠭᠠᠲᠤ ᠤᠳᠤᠷᠢᠳᠤᠯᠭ᠎ᠠ᠄ ᠯᠢ ᠵᠥᠩ ᠯᠢᠨ      ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ      ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠯᠠᠭᠤᠲᠤ ᠪᠠᠯᠭᠠᠰᠤ᠂ ᠤᠯᠠᠭᠠᠨᠳᠤᠯᠤᠭᠠᠢ ᠪᠠᠯᠭᠠᠰᠤ᠂ ᠲᠤᠭ ᠪᠠᠯᠭᠠᠰᠤ       ᠪᠡᠶᠡᠯᠡᠭᠦᠯᠬᠦ ᠴᠠᠭ ᠤᠨ ᠬᠢᠵᠠᠭᠠᠷ᠄ 2019 ᠤᠨ ᠤ 12 ᠳ᠋ᠤᠭᠠᠷ ᠰᠠᠷ᠎ᠠ ᠶᠢᠨ 31᠎ ᠤ ᠡᠳᠦᠷ᠃       ⑵ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠤ ᠤᠰᠤᠨ ᠤ ᠡᠬᠢ ᠪᠠᠶᠠᠯᠢᠭ ᠢ ᠨᠢᠭᠡᠳᠤᠯᠲᠠᠢ ᠲᠦᠯᠦᠪᠵᠢᠬᠦᠯᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ ᠤᠰᠤᠨ ᠰᠤᠷᠪᠤᠯᠵᠢ ᠶᠢᠨ ᠲᠤᠬᠢᠷᠠᠭᠤᠯᠤᠯᠲᠠ ᠪᠠᠨ ᠨᠡᠮᠡᠭᠳᠡᠭᠦᠯᠦᠨ ᠤᠰᠤᠨ ᠰᠤᠷᠪᠤᠯᠵᠢ ᠶᠢᠨ ᠤᠷᠤᠨ ᠤ ᠤᠰᠤᠨ ᠤ ᠴᠢᠨᠠᠷ᠂ ᠤᠰᠤᠨ ᠤ ᠬᠡᠮᠵᠢᠶ᠎ᠡ ᠶᠢ ᠪᠠᠲᠤᠯᠠᠵᠤ ᠤᠰᠤᠨ ᠰᠤᠷᠪᠤᠯᠵᠢ ᠶᠢᠨ ᠤᠷᠤᠨ ᠤ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ ᠤᠨ ᠠᠵᠢᠯ ᠢ ᠰᠠᠶᠢᠲᠤᠷ ᠬᠢᠨ᠎ᠡ᠃      ᠬᠠᠷᠢᠭᠤᠴᠠᠯᠭᠠᠲᠤ ᠤᠳᠤᠷᠢᠳᠤᠯᠭ᠎ᠠ᠄ ᠪᠠᠶᠠᠨᠴᠡᠩᠭᠡᠯ      ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ      ᠬᠠᠷᠢᠭᠤᠴᠠᠬᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠦᠤᠰᠢᠨ ᠬᠤᠰᠢᠭᠤᠨ ᠤ ᠬᠤᠪᠢᠶᠠᠷᠢ ᠲᠣᠪᠴᠢᠶ᠎ᠠ᠂ ᠲᠤᠭ ᠪᠠᠯᠭᠠᠰᠤ᠂ ᠤᠯᠠᠭᠠᠨᠳᠤᠯᠤᠭᠠᠢ ᠪᠠᠯᠭᠠᠰᠤ      ᠪᠡᠶᠡᠯᠡᠭᠦᠯᠬᠦ ᠴᠠᠭ ᠤᠨ ᠬᠢᠵᠠᠭᠠᠷ᠄ ᠴᠠᠭ ᠲᠠᠷᠤᠢ ᠳᠤ ᠨᠢ ᠬᠡᠷᠡᠭᠵᠢᠬᠦᠯᠦᠨ ᠰᠠᠶᠢᠵᠢᠷᠠᠭᠤᠯᠵᠤ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃      ⑶ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠤ ᠬᠡᠪᠴᠢᠶᠡᠨ ᠳᠠᠬᠢ ᠬᠤᠤᠷ ᠲᠠᠢ᠂ ᠠᠶᠤᠯᠲᠠᠶ ᠬᠢᠮᠢ ᠶᠢᠨ ᠪᠤᠳᠠᠰ ᠢ ᠵᠥᠭᠡᠭᠡᠪᠦᠷᠢᠯᠡᠬᠦ᠂ ᠬᠡᠷᠡᠭᠯᠡᠬᠦ᠂ ᠬᠠᠳᠠᠭᠠᠯᠠᠬᠤ ᠬᠤᠯᠪᠣᠭᠳᠠᠯ ᠪᠦᠬᠦᠢ ᠠᠶᠤᠯᠭᠦᠶ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ ᠠᠶᠤᠯᠲᠠᠶ ᠬᠢᠮᠢ ᠶᠢᠨ ᠪᠤᠳᠠᠰ ᠢ ᠲᠡᠭᠡᠭᠡᠪᠦᠷᠢᠯᠡᠭᠰᠡᠨ ᠲᠡᠷᠭᠡ ᠮᠠᠰᠢᠨ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠶᠡᠭᠡ ᠬᠥᠭᠦᠷᠭᠡ ᠪᠠ ᠵᠠᠰᠠᠮᠠᠯ ᠵᠠᠮ ᠢᠶᠠᠷ ᠥᠩᠭᠡᠷᠡᠬᠦ ᠶᠢ ᠴᠢᠩᠭ᠎ᠠ ᠬᠤᠷᠢᠭᠯᠠᠵᠤ᠂ ᠦᠨᠡᠬᠡᠷ ᠥᠩᠭᠡᠷᠡᠬᠦ ᠴᠢᠬᠤᠯᠠᠲᠠᠶ ᠪᠠᠶᠢᠪᠠᠯ ᠪᠠᠴᠢᠮ ᠪᠠᠶᠢᠳᠠᠯ ᠢ ᠰᠢᠢᠳᠪᠦᠷᠢᠯᠡᠬᠦ ᠴᠢᠩᠭ᠎ᠠ ᠠᠷᠭ᠎ᠠ ᠬᠡᠮᠵᠢᠶ᠎ᠡ ᠠᠪᠤᠨ᠎ᠠ᠃       ᠬᠠᠷᠢᠭᠤᠴᠠᠯᠭᠠᠲᠤ ᠤᠳᠤᠷᠢᠳᠤᠯᠭ᠎ᠠ᠄ ᠭᠤᠤ ᠬᠤ᠋       ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ       ᠬᠠᠷᠢᠭᠤᠴᠠᠬᠤ ᠰᠠᠯᠠᠭ᠎ᠠ ᠮᠥᠴᠢᠷ᠄ ᠲᠤᠭ ᠪᠠᠯᠭᠠᠰᠤ᠂ ᠤᠯᠠᠭᠠᠨᠳᠤᠯᠤᠭᠠᠢ ᠪᠠᠯᠭᠠᠰᠤ       ᠪᠡᠶᠡᠯᠡᠭᠦᠯᠬᠦ ᠴᠠᠭ ᠤᠨ ᠬᠢᠵᠠᠭᠠᠷ᠄ ᠴᠠᠭ ᠲᠠᠷᠤᠢ ᠳᠤ ᠨᠢ ᠬᠡᠷᠡᠭᠵᠢᠬᠦᠯᠦᠨ ᠰᠠᠶᠢᠵᠢᠷᠠᠭᠤᠯᠵᠤ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃       ⑷ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠤ ᠬᠠᠮᠠᠭᠠᠯᠠᠯᠲᠠ ᠶᠢᠨ ᠬᠡᠪᠴᠢᠶᠡᠨ ᠳᠠᠬᠢ ᠲᠠᠷᠢᠶᠠᠯᠠᠩ ᠤᠨ ᠪᠣᠬᠢᠷᠲᠤᠯ ᠢ ᠬᠢᠵᠠᠭᠠᠷᠯᠠᠨ ᠡᠵᠡᠮᠳᠡᠵᠤ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ ᠮᠠᠯ ᠵᠢᠭᠦᠷᠲᠡᠨ ᠲᠡᠵᠢᠭᠡᠬᠦ ᠶᠢ ᠬᠤᠷᠢᠭᠯᠠᠭᠰᠠᠨ ᠣᠷᠣᠨ ᠢ ᠬᠤᠪᠢᠶᠠᠷᠢᠯᠠᠨ ᠲᠣᠭᠲᠠᠭᠠᠨ᠎ᠠ᠃        ᠬᠠᠷᠢᠭᠤᠴᠠᠯᠭᠠᠲᠤ ᠤᠳᠤᠷᠢᠳᠤᠯᠭ᠎ᠠ᠄ ᠪᠠᠶᠠᠨᠴᠡᠩᠭᠡᠯ      ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ      ᠬᠠᠷᠢᠭᠤᠴᠠᠬᠤ ᠰᠠᠯᠠᠭ᠎ᠠ ᠮᠥᠴᠢᠷ᠄ ᠲᠤᠭ ᠪᠠᠯᠭᠠᠰᠤ᠂ ᠤᠯᠠᠭᠠᠨᠳᠤᠯᠤᠭᠠᠢ ᠪᠠᠯᠭᠠᠰᠤ      ᠪᠡᠶᠡᠯᠡᠭᠦᠯᠬᠦ ᠴᠠᠭ ᠤᠨ ᠬᠢᠵᠠᠭᠠᠷ᠄ ᠴᠠᠭ ᠲᠠᠷᠤᠢ ᠳᠤ ᠨᠢ ᠬᠡᠷᠡᠭᠵᠢᠬᠦᠯᠦᠨ ᠰᠠᠶᠢᠵᠢᠷᠠᠭᠤᠯᠵᠤ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃       ⑸ᠬᠠᠳᠠᠭᠤᠴᠠᠶᠢᠳᠠᠮ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠠᠮᠢᠳᠤᠷᠠᠯ ᠤᠨ ᠬᠤᠭ ᠨᠣᠪᠰᠢ ᠪᠠ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ᠂ ᠲᠡᠭᠡᠭᠡᠪᠦᠷᠢᠯᠡᠬᠦ ᠪᠠ ᠬᠤᠤᠷ ᠦᠭᠡᠶᠢᠵᠢᠬᠦᠯᠦᠨ ᠰᠢᠢᠳᠪᠦᠷᠢᠯᠡᠬᠦ ᠶᠢ ᠴᠢᠩᠭᠠᠳᠬᠠᠵᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠤᠭᠤᠬᠤ ᠤᠰᠤᠨ ᠤ ᠡᠬᠢ ᠰᠤᠷᠪᠤᠯᠵᠢ ᠶᠢ ᠪᠣᠬᠢᠷᠲᠤᠭᠤᠯᠬᠤ ᠠᠴᠠ ᠰᠡᠷᠭᠡᠶᠢᠯᠡᠨ᠎ᠡ᠃      ᠬᠠᠷᠢᠭᠤᠴᠠᠯᠭᠠᠲᠤ ᠤᠳᠤᠷᠢᠳᠤᠯᠭ᠎ᠠ᠄ ᠵᠧᠤ ᠱᠤᠸᠠᠢ      ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ       ᠬᠠᠷᠢᠭᠤᠴᠠᠬᠤ ᠰᠠᠯᠠᠭ᠎ᠠ ᠮᠥᠴᠢᠷ᠄ ᠲᠤᠭ ᠪᠠᠯᠭᠠᠰᠤ᠂ ᠤᠯᠠᠭᠠᠨᠳᠤᠯᠤᠭᠠᠢ ᠪᠠᠯᠭᠠᠰᠤ       ᠪᠡᠶᠡᠯᠡᠭᠦᠯᠬᠦ ᠴᠠᠭ ᠤᠨ ᠬᠢᠵᠠᠭᠠᠷ᠄ ᠴᠠᠭ ᠲᠠᠷᠤᠢ ᠳᠤ ᠨᠢ ᠬᠡᠷᠡᠭᠵᠢᠬᠦᠯᠦᠨ ᠰᠠᠶᠢᠵᠢᠷᠠᠭᠤᠯᠵᠤ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃       ⑹ ᠬᠠᠳᠠᠭᠤᠴᠠᠶᠢᠳᠠᠮ ᠤᠰᠤᠨ ᠰᠤᠷᠪᠤᠯᠵᠢ ᠶᠢᠨ ᠤᠷᠤᠨ ᠤ ᠤᠤᠭᠤᠬᠤ ᠤᠰᠤᠨ ᠤ ᠠᠷᠢᠭᠤᠨ ᠴᠡᠪᠡᠷ ᠤᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠬᠢᠨᠠᠨ ᠬᠡᠮᠵᠢᠬᠦ ᠠᠵᠢᠯ ᠢ ᠴᠢᠩᠭᠠᠳᠬᠠᠵᠤ ᠤᠰᠤᠨ ᠰᠤᠷᠪᠤᠯᠵᠢ ᠶᠢᠨ ᠤᠰᠤᠨ ᠤ ᠪᠣᠬᠢᠷᠲᠤᠯ ᠠᠴᠠ ᠪᠣᠯᠤᠭᠰᠠᠨ ᠡᠪᠡᠳᠴᠢᠨ ᠡᠮᠭᠡᠭ ᠡᠭᠦᠰᠬᠦ ᠪᠠ ᠳᠡᠯᠭᠡᠷᠡᠬᠦ ᠶᠢ ᠰᠡᠷᠭᠡᠶᠢᠯᠡᠨ ᠬᠢᠵᠠᠭᠠᠷᠯᠠᠨ᠎ᠠ᠃      ᠬᠠᠷᠢᠭᠤᠴᠠᠯᠭᠠᠲᠤ ᠤᠳᠤᠷᠢᠳᠤᠯᠭ᠎ᠠ᠄  ᠴᠢ᠊ · ᠪᠠᠶᠠᠨᠴᠢᠮᠡᠭ᠂ ᠯᠢᠦ ᠵᠧᠩ      ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠬᠠᠷᠢᠭᠤᠴᠠᠬᠤ ᠰᠠᠯᠠᠭ᠎ᠠ ᠮᠥᠴᠢᠷ᠄ ᠲᠤᠭ ᠪᠠᠯᠭᠠᠰᠤ᠂ ᠤᠯᠠᠭᠠᠨᠳᠤᠯᠤᠭᠠᠢ ᠪᠠᠯᠭᠠᠰᠤ      ᠪᠡᠶᠡᠯᠡᠭᠦᠯᠬᠦ ᠴᠠᠭ ᠤᠨ ᠬᠢᠵᠠᠭᠠᠷ᠄ ᠴᠠᠭ ᠲᠠᠷᠤᠢ ᠳᠤ ᠨᠢ ᠬᠡᠷᠡᠭᠵᠢᠬᠦᠯᠦᠨ ᠰᠠᠶᠢᠵᠢᠷᠠᠭᠤᠯᠵᠤ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃       ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ ᠰᠠᠨᠠᠭᠠᠴᠢᠯᠠᠭ᠎ᠠ ᠠᠴᠠ ᠪᠠᠨ ᠲᠠᠨᠢᠵᠤ ᠨᠠᠷᠢᠨ ᠨᠢᠮᠪᠠᠶ ᠲᠥᠯᠥᠪᠯᠡᠨ ᠪᠠᠶᠢᠷᠢᠯᠠᠭᠤᠯᠵᠤ  ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠪᠣᠳᠠᠲᠠᠶ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠤᠨ ᠲᠣᠭᠲᠠᠭᠠᠨ᠎ᠠ᠃ ᠡᠯ᠎ᠡ ᠪᠠᠶᠢᠭᠤᠯᠭ᠎ᠠ ᠨᠢᠭᠡᠴᠢ ᠶᠢᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ ᠪᠡᠶ᠎ᠡ ᠪᠠᠷ ᠢᠶᠠᠨ ᠬᠠᠮᠢᠶᠠᠷᠤᠨ ᠤᠳᠤᠷᠢᠳᠬᠤ ᠪᠠᠭ ᠤᠨ ᠪᠦᠷᠢᠯᠳᠦᠬᠦᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠤᠪᠢᠶᠠᠷᠢᠯᠠᠭᠰᠠᠨ ᠠᠵᠢᠯ ᠤᠨ ᠬᠡᠪᠴᠢᠶᠡᠨ ᠳᠣᠲᠣᠷᠠᠬᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠲᠠᠪᠤᠷᠢᠵᠢᠭᠤᠯᠬᠤ ᠶᠢ ᠰᠠᠶᠢᠲᠤᠷ ᠠᠳᠬᠤᠵᠤ ᠡᠭᠦᠷᠭᠡ ᠶᠢ ᠬᠥᠮᠦᠨ ᠳᠤᠨᠢ ᠬᠦᠷᠲᠡᠯ᠎ᠡ ᠨᠠᠶᠢᠲᠠᠪᠤᠷᠢᠵᠢᠭᠤᠯᠤᠨ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ ᠬᠦᠷᠲᠡᠯ᠎ᠡ ᠨᠠᠶᠢᠲᠠᠪᠤᠷᠢᠵᠢᠭᠤᠯᠵᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠬᠦ ᠶᠢ ᠠᠬᠢᠭᠤᠯᠤᠨ᠎ᠠ᠃      ︵ᠬᠤᠶᠠᠷ︶ ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠩᠬᠠᠷᠴᠤ ᠲᠤᠰᠬᠠᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠲᠤᠭᠤᠷᠢᠨ ᠪᠠᠶᠢᠴᠠᠭᠠᠯᠲᠠ ᠶᠢᠨ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠤᠨ ᠱᠠᠭᠠᠷᠳᠠᠯᠭ᠎ᠠ ᠶᠣᠰᠣᠭᠠᠷ ᠨᠡᠭᠦᠷᠡᠰᠦᠨ ᠠᠭᠤᠷᠬᠠᠢ ᠶᠢᠨ ᠤᠰᠤᠨ ᠰᠤᠷᠪᠤᠯᠵᠢ ᠶᠢ ᠵᠠᠰᠠᠬᠤ ᠪᠠ ᠬᠠᠳᠠᠭᠤᠴᠠᠶᠢᠳᠠᠮ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠤᠷᠤᠨ ᠢ ᠬᠠᠮᠠᠭᠠᠯᠠᠵᠤ ᠴᠡᠭᠴᠡᠯᠡᠨ ᠵᠠᠰᠠᠬᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠲᠤᠰᠬᠠᠶ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ ᠴᠠᠭ ᠢᠶᠠᠨ ᠲᠦᠪᠯᠡᠷᠡᠬᠦᠯᠵᠤ᠂ ᠲᠥᠪᠯᠡᠷᠡᠭᠦᠯᠦᠨ ᠪᠣᠭᠤᠮᠲᠠ ᠰᠢᠪᠲᠤᠯᠵᠤ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠭᠠᠷᠠᠭ ᠤᠨ ᠲᠤᠬᠢᠷᠠᠭᠤᠯᠤᠯᠲᠠ ᠶᠢᠨ ᠳᠦᠷᠢᠮ ᠢ ᠬᠡᠷᠡᠭᠵᠢᠭᠦᠯᠵᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠪᠣᠳᠠᠲᠠᠶ ᠬᠤᠷᠢᠶᠠᠩᠭᠤᠶᠢᠯᠠᠨ ᠳᠡᠭᠡᠭᠰᠢ ᠮᠡᠳᠡᠭᠦᠯᠵᠦ ᠡᠯ᠎ᠡ ᠲᠦᠷᠦᠭᠦᠯᠡᠨ ᠬᠠᠷᠢᠭᠤᠴᠠᠬᠤ ᠨᠢᠭᠡᠴᠢ ᠡᠷᠬᠡᠪᠰᠢ ᠭᠠᠷᠠᠭ ᠪᠦᠷᠢ ᠶᠢᠨ ᠭᠤᠷᠪᠠᠨ ᠤ ᠦᠳᠡ ᠬᠤᠶᠢᠨᠠᠬᠢ 16 ᠴᠠᠭ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠤᠭᠰᠠᠨ ᠠᠬᠢᠯᠲᠠ ᠶᠢᠨ ᠪᠠᠶᠢᠳᠠᠯ ᠢᠶᠠᠨ ᠳᠡᠭᠡᠭᠰᠢ ᠮᠡᠳᠡᠭᠦᠯᠤᠨ᠎ᠠ ︵ᠬᠠᠷᠢᠯᠴᠠᠬᠤ ᠬᠥᠮᠦᠨ᠄ ᠶᠠᠩ ᠵᠢᠶᠠ ᠸᠧᠶ᠂   0477 — 7582069︔ ᠭᠤᠤ ᠬᠠᠢ ᠪᠥᠸᠧ᠂ 0477 — 7210009︔   wsqhzb@163.com︶  ᠂ ᠬᠤᠰᠢᠭᠤ ᠤᠰᠤᠨ ᠠᠰᠢᠭᠯᠠᠯᠲᠠ ᠶᠢᠨ ᠲᠤᠪᠴᠢᠶ᠎ᠠ ᠴᠠᠭ ᠲᠠᠷᠤᠢ ᠳᠤ ᠨᠢ ᠬᠤᠷᠢᠶᠠᠩᠭᠤᠶᠢᠯᠠᠭᠰᠠᠨ ᠤ ᠲᠠᠷᠠᠭ᠎ᠠ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠮᠡᠳᠡᠬᠦᠯᠦᠨ᠎ᠡ᠃ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠮᠥᠷᠳᠡᠵᠦ ᠪᠠᠶᠢᠴᠠᠭᠠᠭᠰᠠᠨ ᠪᠠᠶᠢᠳᠠᠯ ᠢᠶᠠᠨ ᠮᠡᠳᠡᠭᠦᠯᠦᠨ᠎ᠡ᠃       ︵ᠭᠤᠷᠪᠠ︶ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠢᠭᠡᠳᠦᠯᠲᠡᠶ ᠲᠥᠯᠥᠪᠯᠡᠵᠦ ᠵᠣᠬᠢᠴᠠᠭᠤᠯᠤᠨ ᠠᠬᠢᠭᠤᠯᠬᠤ ᠶᠢ ᠴᠢᠩᠭᠠᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠵᠢᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠪᠣᠯᠤᠨ ᠡᠯ᠎ᠡ ᠱᠠᠲᠤᠨ ᠤ ᠡᠯ᠎ᠡ ᠲᠥᠷᠥᠯ ᠤᠨ ᠲᠣᠭᠤᠷᠢᠨ ᠦᠵᠡᠵᠤ ᠲᠣᠭᠤᠷᠢᠨ ᠪᠠᠶᠢᠴᠠᠭᠠᠬᠤ᠂ ᠬᠢᠨᠠᠯᠲᠠ ᠲᠠᠯᠪᠢᠵᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷ ᠠᠵᠢᠯ ᠢᠶᠠᠨ ᠠᠬᠢᠭᠤᠯᠵᠤ ᠠᠵᠢᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ ᠬᠤᠶᠠᠷ ᠢ ᠠᠬᠢᠭᠤᠯᠵᠤ ᠬᠤᠶᠠᠷ ᠢ ᠳᠡᠭᠡᠭᠰᠢᠯᠡᠭᠦᠯᠬᠦ ᠶᠢ ᠪᠡᠶᠡᠯᠡᠭᠦᠯᠵᠦ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃      ︵ᠲᠦᠷᠪᠡ︶ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠪᠠᠷᠢᠮᠳᠠᠯᠠᠵᠤ ᠦᠷ᠎ᠡ ᠪᠦᠲᠦᠮᠵᠢ ᠶᠢ ᠮᠥᠷᠳᠡᠨ ᠠᠰᠠᠭᠤᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠨᠡᠭᠦᠷᠡᠰᠦᠨ ᠠᠭᠤᠷᠬᠠᠢ ᠶᠢᠨ ᠤᠰᠤᠨ ᠰᠤᠷᠪᠤᠯᠵᠢ ᠎ ᠶᠢ ᠵᠠᠰᠠᠬᠤ ᠪᠠ ᠬᠠᠳᠠᠭᠤᠴᠠᠶᠢᠳᠠᠮ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠰᠤᠷᠪᠤᠯᠵᠢ ᠶᠢ ᠬᠠᠮᠠᠭᠠᠯᠠᠵᠤ ᠴᠡᠭᠴᠡᠯᠡᠨ ᠵᠠᠰᠠᠬᠤ ᠬᠤᠶᠠᠷ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠠᠭ ᠢ ᠡᠬᠡᠯᠵᠢᠯᠡᠬᠦᠯᠦᠨ ᠲᠣᠬᠢᠷᠠᠭᠤᠯᠵᠤ ᠠᠵᠢᠯ ᠤᠨ ᠠᠬᠢᠴᠠ ᠪᠠ ᠴᠠᠭ ᠤᠨ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ ᠴᠡᠭᠴᠡᠯᠡᠨ ᠰᠠᠶᠢᠵᠢᠷᠠᠭᠤᠯᠬᠤ ᠨᠢ ᠤᠳᠠᠭᠠᠨ ᠪᠤᠯ ᠴᠠᠭ ᠲᠤᠬᠠᠶ ᠳᠤᠨᠢ ᠱᠠᠭᠠᠷᠳᠠᠨ ᠰᠢᠢᠳᠪᠦᠷᠢᠯᠡᠬᠦᠯᠵᠤ ᠴᠡᠭᠴᠡᠯᠡᠨ ᠰᠠᠶᠢᠵᠢᠷᠠᠭᠤᠯᠬᠤ ᠨᠢ ᠬᠦᠷᠦᠯᠴᠡᠬᠦ ᠦᠭᠡᠢ ᠪᠤᠯ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠬᠤᠶᠢᠰᠢᠯᠠᠭᠤᠯᠬᠤ ᠪᠤᠶᠤ ᠵᠠᠷᠯᠢᠭᠳᠠᠵᠤ ᠪᠠᠶᠢᠭᠠᠳ ᠳᠠᠬᠢᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ᠂ ᠠᠷᠭᠠᠴᠠᠭᠠᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠳ ᠠᠴᠠ ᠴᠢᠩᠭ᠎ᠠ ᠬᠠᠷᠢᠭᠤᠴᠠᠯᠭ᠎ᠠ ᠠᠰᠠᠭᠤᠵᠤ ᠬᠠᠷᠢᠭᠤᠴᠠᠯᠭ᠎ᠠ ᠨᠡᠬᠡᠮᠵᠢᠯᠡᠨ᠎ᠡ᠃              
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号