10 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠪᠠ᠃ | ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ ᠴᠢᠨᠠᠷ ᠰᠠᠶᠢᠲᠠᠶ | ᠬᠥᠭᠵᠢᠯᠲᠡ ᠪᠣᠯᠤᠨ ᠳᠤᠮᠳᠠᠳᠤ ᠤᠯᠤᠰ ᠤᠨ ᠬᠤᠪᠢᠰᠬᠠᠯ ᠤᠨ ᠬᠥᠮᠦᠵᠢᠯ ᠤᠨ ᠬᠤᠶᠠᠷ ᠭᠤᠤᠯ ᠰᠡᠳᠦᠪ ᠢᠶᠠᠷ | ᠲᠤᠰᠬᠠᠶ ᠰᠡᠲᠦᠪᠲᠦ ᠰᠤᠳᠤᠯᠤᠨ ᠶᠠᠷᠢᠯᠴᠠᠭ᠎ᠠ ᠦᠷᠨᠢᠬᠦᠯᠵᠤ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠪᠣᠯᠤᠨ | ᠦᠷ᠎ᠡ ᠪᠦᠲᠦᠮᠵᠢ ᠶᠢ ᠴᠢᠩᠭᠠᠳᠬᠠᠵᠤ ᠭᠤᠤᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠬᠦᠯᠬᠦ ᠶᠢ ᠠᠬᠢᠭᠤᠯᠪᠠ᠃ | ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠵᠤ ᠶᠠᠷᠢᠶ᠎ᠠ ᠲᠠᠯᠪᠢᠨ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠬᠤᠰᠢᠭᠤ ᠰᠢᠶᠠᠨ ᠤ ᠲᠠᠰ ᠤᠨ ᠭᠡᠷ ᠲᠤ ᠪᠠᠨ | ᠪᠠᠶᠢᠭ᠎ᠠ ᠪᠥᠬᠦ ᠤᠳᠤᠷᠢᠳᠤᠯᠭ᠎ᠠ᠂ ᠶᠡᠷᠦᠩᠬᠡᠶᠢᠯᠡᠭᠰᠡᠨ ᠠᠵᠤ ᠠᠬᠤᠢ ᠶᠢᠨ ᠰᠠᠯᠠᠭ᠎ᠠ ᠮᠥᠴᠢᠷ᠂ ᠡᠯ᠎ᠡ ᠰᠤᠮᠤ | ᠪᠠᠯᠭᠠᠰᠤᠨ ᠤ ᠬᠠᠷᠢᠭᠤᠴᠠᠯᠭᠠᠲᠠᠨ᠂ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠭᠡᠷ᠂ ᠭᠤᠤᠯ ᠰᠡᠳᠦᠪᠲᠦ | ᠬᠥᠮᠦᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠪᠣᠳᠠᠲᠤ ᠪᠠᠶᠢᠳᠠᠯ ᠪᠠ | ᠬᠤᠪᠢᠶᠠᠷᠢᠯᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠳᠠᠬᠢ ᠠᠵᠢᠯ ᠵᠢᠴᠢ ᠥᠪᠡᠷ ᠤᠨ ᠣᠶᠢᠯᠠᠭᠠᠯᠲᠠ ᠲᠠᠢ ᠪᠠᠨ | ᠤᠶᠠᠯᠳᠤᠭᠤᠯᠤᠨ ᠴᠢᠨᠠᠷ ᠰᠠᠶᠢᠲᠠᠶ ᠬᠥᠭᠵᠢᠯᠲᠡ ᠪᠠ ᠳᠤᠮᠳᠠᠳᠤ ᠤᠯᠤᠰ ᠤᠨ ᠬᠤᠪᠢᠰᠬᠠᠯ ᠤᠨ ᠬᠥᠮᠦᠵᠢᠯ ᠤᠨ | ᠲᠤᠰᠬᠠᠶ ᠰᠡᠳᠦᠪ ᠤᠨ ᠲᠣᠭᠤᠷᠢᠨ ᠳᠤ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ | ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠬᠤᠪᠢᠷᠠᠭᠤᠯᠤᠨ ᠪᠥᠬᠦ ᠬᠤᠰᠢᠭᠤᠨ ᠤ ᠭᠤᠤᠯ ᠰᠡᠳᠦᠪᠲᠦ ᠬᠥᠮᠦᠵᠢᠯ ᠢ | ᠴᠢᠨᠠᠷ ᠰᠠᠶᠢᠲᠠᠶ ᠦᠷᠨᠢᠬᠦᠯᠵᠤ ᠵᠢᠱᠢᠭᠰᠡᠨ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠦᠬᠦ ᠨᠠᠮ ᠢᠶᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠪᠣᠯ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠲᠤᠷᠠᠳᠤᠨ ᠭᠠᠷᠭᠠᠭᠰᠠᠨ | ᠴᠢᠬᠤᠯᠠ ᠶᠡᠭᠡ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠤᠯᠤᠨ᠎ᠠ᠂ ᠮᠦᠨ ᠴᠤ ᠮᠠᠨ ᠤ ᠨᠠᠮ ᠤᠨ ᠡᠯ᠎ᠡ | ᠲᠥᠷᠤᠯ ᠤᠨ ᠠᠶᠤᠯ ᠲᠦᠭᠰᠢᠬᠦᠷᠢ ᠥᠷᠢᠰᠥᠯᠳᠦᠭᠡᠨ ᠢ ᠠᠷᠭᠠᠯᠠᠬᠤ᠂ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ | ᠴᠢᠳᠠᠪᠤᠷᠢ ᠪᠠᠨ ᠴᠢᠩᠭᠠᠳᠬᠠᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠲᠣᠰ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ ᠤᠭ | ᠰᠠᠨᠠᠭ᠎ᠠ ᠪᠠᠨ ᠪᠠᠷᠢᠮᠲᠠᠯᠠᠬᠤ ᠪᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠤᠯᠤᠰ ᠲᠥᠷᠦ ᠶᠢᠨ ᠣᠪᠣᠷ ᠳᠡᠭᠡᠷ᠎ᠡ | ᠡᠷᠡᠰ ᠢᠯᠡᠷᠡᠭᠦᠯᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠡᠳᠬᠢᠯ ᠵᠢᠷᠦᠬᠡᠨ ᠳᠤ ᠬᠠᠳᠠᠩᠰᠢᠭᠤᠯᠵᠤ ᠲᠠᠷᠢᠬᠢ ᠲᠣᠯᠣᠭᠠᠶ ᠪᠠᠨ ᠵᠡᠪᠰᠡᠭᠯᠡᠬᠦ᠂ | ᠦᠵᠡᠯ ᠰᠠᠨᠠᠭ᠎ᠠ ᠪᠠᠨ ᠴᠡᠪᠡᠷᠰᠢᠭᠦᠯᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠤᠷᠴᠠ | ᠵᠡᠪᠰᠡᠭ ᠪᠤᠯᠭᠠᠨ ᠪᠣᠳᠠᠲᠤ ᠦᠷ᠎ᠡ ᠪᠦᠲᠦᠮᠵᠢ ᠪᠠᠷ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ ︽ᠳᠥᠷᠪᠡᠨ | ᠢᠲᠡᠭᠡᠯ︾ ᠢ ᠪᠠᠲᠤᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ ᠭᠡᠵᠠᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠠᠮ ᠤᠨ ᠤᠳᠤᠷᠢᠳᠤᠯᠭ᠎ᠠ ᠶᠢᠨ ᠭᠤᠤᠯᠯᠠᠭᠴᠢ ᠥᠢᠯᠡᠳᠤᠯ ᠢ | ᠪᠠᠳᠠᠷᠠᠭᠤᠯᠬᠤ ᠬᠡᠷᠡᠭᠲᠡᠶ᠃ ᠨᠠᠮ ᠤᠨ ᠡᠯ᠎ᠡ ᠲᠥᠷᠥᠯ ᠤᠨ ᠠᠵᠢᠯ ᠦᠢᠯᠡᠰ ᠲᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ | ᠥᠷᠭᠡᠨ ᠣᠯᠠᠨ ᠨᠠᠮ ᠤᠨ ᠭᠡᠰᠢᠭᠦᠨ ᠢ ᠳᠠᠶᠢᠴᠢᠯᠠᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ | ᠦᠢᠯᠡᠳᠦᠯ ᠢ ᠭᠦᠢᠴᠡᠳ ᠪᠠᠳᠠᠷᠠᠭᠤᠯᠵᠤ ᠨᠠᠮ ᠤᠨ ᠤᠯᠤᠰ ᠲᠥᠷᠦ ᠶᠢᠨ ᠤᠳᠤᠷᠢᠳᠬᠤ ᠬᠦᠴᠦᠨ᠂ ᠦᠵᠡᠯ | ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ ᠢ | ᠴᠢᠩᠭᠠᠳᠬᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠴᠢᠳᠠᠪᠤᠷᠢᠲᠠᠨ ᠢ ᠨᠢᠭᠲᠠᠷᠠᠭᠤᠯᠤᠨ ᠣᠯᠠᠨ ᠲᠦᠮᠡᠨ ᠢ | ᠬᠥᠲᠥᠯᠥᠨ ᠲᠠᠭᠠᠭᠤᠯᠬᠤ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠬᠤ | ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ ᠠᠮᠢ ᠠᠬᠤᠢ ᠶᠢᠨ ᠬᠠᠮᠠᠭᠠᠯᠠᠯᠲᠠ᠂ ᠲᠥᠷᠥᠯ ᠵᠥᠢᠯ ᠤᠨ ᠪᠡᠯᠡ ᠣᠷᠣᠭᠤᠯᠤᠯᠲᠠ᠂ ᠰᠠᠭᠤᠷᠢ | ᠲᠥᠬᠦᠭᠡᠷᠦᠮᠵᠢ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢᠲᠦ | ᠥᠷᠢᠰᠥᠯᠳᠦᠭᠡᠨ ᠢ ᠠᠷᠢᠯᠭᠠᠬᠤ ᠵᠡᠷᠭᠡ ᠠᠰᠠᠭᠤᠳᠠᠯ ᠲᠠᠢ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠬᠢᠬᠦ ᠪᠠᠨ | ᠴᠢᠩᠭᠠᠳᠬᠠᠵᠤ ᠬᠦᠷᠦᠯᠴᠡᠬᠦ ᠥᠬᠡᠶ ᠲᠠᠯ᠎ᠠ ᠪᠠ ᠡᠯ᠎ᠡ ᠲᠥᠷᠥᠯ ᠤᠨ ᠠᠰᠠᠭᠤᠳᠠᠯ ᠢ ᠰᠢᠢᠳᠪᠦᠷᠢᠯᠡᠬᠦ ᠭᠡᠷᠡᠭᠳᠠᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠬᠢᠭᠤᠯᠬᠤ | ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠰᠡᠳᠬᠢᠬᠦᠶ᠂ ᠰᠢᠨ᠎ᠡ ᠶᠢ ᠡᠭᠦᠳᠬᠦ ᠠᠷᠭ᠎ᠠ ᠶᠢ | ᠴᠢᠳᠠᠮᠠᠭᠠᠶ ᠬᠡᠷᠡᠭᠯᠡᠵᠦ ᠬᠥᠭᠵᠢᠯᠲᠡ ᠶᠢᠨ ᠶᠠᠪᠤᠴᠠ ᠳᠠᠬᠢ ᠡᠯ᠎ᠡ ᠲᠥᠷᠥᠯ ᠤᠨ ᠬᠦᠴᠢᠷ ᠠᠰᠠᠭᠤᠳᠠᠯ ᠢ ᠰᠢᠢᠳᠪᠦᠷᠢᠯᠡᠨ | ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠨᠠᠭᠰᠢᠳᠠ | ᠬᠥᠭᠵᠢᠭᠡᠵᠦ ᠨᠢᠭᠡ ᠪᠦᠯᠦᠭ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠥᠳᠡᠯᠭᠡᠬᠦ ᠬᠦᠴᠦᠨ ᠢ | ᠪᠣᠶ ᠪᠤᠯᠭᠠᠬᠤ ᠭᠡᠷᠡᠭᠳᠠᠢ᠃ ᠲᠣᠰ ᠭᠠᠵᠠᠷ ᠣᠷᠣᠨ ᠤ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ ᠰᠢᠯᠢᠳᠡᠭ | ᠵᠠᠯᠠᠭᠤ ᠴᠢᠳᠠᠪᠤᠷᠢᠲᠠᠨ ᠢ ᠵᠣᠷᠢᠭᠵᠢᠭᠤᠯᠤᠨ ᠡᠯ᠎ᠡ ᠲᠥᠷᠤᠯ ᠤᠨ ᠠᠵᠢᠯ ᠥᠢᠯᠡᠰ ᠲᠤ ᠤᠷᠤᠯᠴᠠᠭᠤᠯᠬᠤ ᠭᠡᠷᠡᠭᠳᠠᠢ᠃ | ᠠᠵᠢᠯ ᠬᠢᠵᠦ ᠥᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ᠃ ᠥᠷᠭᠡᠨ ᠣᠯᠠᠨ | ᠺᠠᠳ᠋ᠷᠴᠤᠳ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠᠨ ᠴᠢᠯᠤᠭᠡᠯᠠᠨ ᠲᠡᠮᠡᠴᠡᠯ ᠤᠨ ᠵᠣᠷᠢᠭ ᠰᠠᠨᠠᠭ᠎ᠠ᠂ | ᠬᠠᠳᠠᠭᠠᠰᠤ ᠬᠠᠳᠠᠬᠤ ᠵᠣᠷᠢᠭ ᠰᠠᠨᠠᠭ᠎ᠠ ᠪᠠ ︽ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ | ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠤᠨ ᠡᠯ᠎ᠡ ᠵᠦᠢᠯ ᠤᠨ ᠠᠶᠤᠯ ᠲᠦᠭᠰᠢᠭᠦᠷᠢ ᠶᠢ ᠠᠷᠭᠠᠯᠠᠨ ᠥᠷᠢᠰᠥᠯᠳᠦᠭᠡᠨ ᠢ ᠰᠢᠢᠳᠪᠦᠷᠢᠯᠡᠵᠤ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ︾ ᠠᠮᠢᠳᠤᠯᠢᠭ | ᠦᠢᠯᠡᠳᠦᠯᠭᠡ ᠳᠤ ᠢᠳᠡᠪᠬᠢᠲᠡᠢ ᠤᠷᠤᠯᠴᠠᠨ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ | ᠪᠠᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯᠡᠩ ᠢᠶᠠᠨ ᠬᠠᠮᠲᠤᠪᠠᠷ ᠲᠡᠷᠭᠡᠯᠰᠢᠭᠦᠯᠬᠦ︾ ᠳᠤ ᠰᠢᠨ᠎ᠡ ᠬᠤᠪᠢ | ᠨᠡᠮᠡᠷᠢ ᠥᠵᠠᠭᠦᠯᠭᠦ ᠭᠡᠷᠡᠭᠳᠠᠢ ᠭᠡᠪᠡ᠃ |