ᠦᠤᠰᠢᠨ ᠬᠤᠰᠢᠭᠤᠨ ᠤ ᠭᠡᠷ ᠲᠡᠭᠡᠨ ᠪᠠᠶᠢᠭ᠎ᠠ ᠰᠢᠶᠠᠨ ᠤ ᠲᠡᠰ ᠤᠨ ᠪᠦᠬᠦ ᠤᠳᠤᠷᠢᠳᠤᠯᠭ᠎ᠠ ᠴᠠᠭ ᠦᠶ᠎ᠡ ᠶᠢᠨ ᠵᠢᠱᠢᠶᠡᠴᠢ ᠦᠢᠯᠡ ᠠᠵᠢᠯᠯᠠᠭ᠎ᠠ ᠶᠢᠨ ᠲᠤᠰᠬᠠᠶ ᠰᠡᠳᠦᠪᠲᠦ ᠹᠢᠯᠢᠮ ᠢ ᠬᠠᠮᠲᠤᠪᠠᠷ ᠦᠵᠡᠵᠦ ᠰᠤᠷᠤᠯᠴᠠᠪᠠ
ᠨᠡᠶᠢᠲᠡᠯᠡᠭᠰᠡᠨ ᠴᠠᠭ᠄
2019-10-24
     10 ᠰᠠᠷ᠎ᠠ ᠶᠢᠨ 21 ᠤ ᠣᠷᠣᠢ᠂ ᠬᠤᠰᠢᠭᠤ ᠨᠠᠮ ᠤ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ  ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠡᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠤᠮᠠᠯ ᠹᠷᠤᠨᠲ ᠤᠨ ᠭᠡᠯᠳᠡᠰ ᠤᠨ ᠲᠠᠷᠤᠭ᠎ᠠ ᠠᠯᠳᠠᠠᠳᠤᠶᠠᠭ᠎ᠠ᠂ ᠦᠤᠰᠢᠨ ᠬᠤᠰᠢᠭᠤᠨ ᠤ ᠭᠡᠷ ᠲᠡᠭᠡᠨ ᠪᠠᠶᠢᠭ᠎ᠠ ᠰᠢᠶᠠᠨ ᠤ ᠲᠡᠰ ᠤᠨ ᠪᠦᠬᠦ ᠤᠳᠤᠷᠢᠳᠤᠯᠭ᠎ᠠ ᠵᠢᠴᠢ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠥᠪ ᠲᠧᠯᠸᠢᠰ ᠤᠨ ᠨᠡᠪᠲᠡᠷᠡᠭᠦᠯᠦᠭᠰᠡᠨ ︽ᠦᠯᠢᠭᠡᠷ ᠳᠠᠭᠤᠷᠢᠶᠠᠯ 4︾ ᠭᠡᠭᠦ ᠫᠷᠤᠭ᠍ᠷᠠᠮ ᠢ ᠰᠤᠨᠢᠷᠬᠠᠭᠰᠠᠨ ᠪᠠᠶᠢᠨ᠎ᠠ᠃ ᠲᠣᠰ ᠫᠷᠤᠭ᠍ᠷᠠᠮ ᠨᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ ᠨᠡᠶᠢᠲᠡᠯᠢᠭ ᠦᠢᠯᠡ ᠶᠠᠪᠤᠳᠠᠯ ᠢ ᠢᠯᠠᠷᠠᠭᠦᠯᠭᠦ᠂ ᠵᠣᠴᠢᠳ ᠲᠠᠢ ᠲᠤᠬᠠᠶ ᠶᠢᠨ ᠲᠠᠯᠠᠪᠠᠢ ᠳᠤ ᠶᠠᠷᠢᠯᠴᠠᠬᠤ᠂ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠡᠷᠡᠰ ᠪᠠᠲᠤ ᠢᠲᠡᠭᠡᠯ ᠪᠢᠰᠢᠷᠡᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠣᠯᠠᠨ ᠲᠦᠮᠡᠨ ᠳᠤ ᠦᠢᠯᠡᠴᠢᠯᠡᠨ ᠭᠤᠶᠠᠴᠢ ᠥᠭᠡᠢ ᠵᠢᠳᠭᠦᠭᠦ ᠵᠣᠷᠢᠭ ᠰᠠᠨᠠᠭ᠎ᠠ ᠶᠢ ᠲᠥᠪᠯᠡᠷᠡᠭᠦᠯᠦᠨ ᠢᠯᠡᠷᠡᠭᠦᠯᠵᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠪᠠᠷᠢᠮᠲᠠᠯᠠᠬᠤ ᠶᠢ ᠭᠦᠨᠵᠡᠭᠡᠶ ᠲᠠᠶᠢᠯᠪᠤᠷᠢᠯᠠᠵᠠᠢ᠃
     ᠲᠤᠰ ᠲᠤᠰᠬᠠᠢ ᠰᠡᠳᠦᠪᠲᠦ ᠹᠢᠯᠢᠮ ᠠᠴᠠ ᠵᠠᠩ ᠹᠦ᠋ ᠴᠢᠩ᠂ ᠯᠢ ᠯᠢᠶᠠᠨ ᠴᠧᠩ᠂ ᠬᠤᠸᠠᠩ ᠸᠧᠨ ᠰᠢᠤ᠂ ᠳᠠᠩ ᠵᠧᠨ ᠶᠠ᠂ ᠰᠦᠶ ᠶᠣᠣ ᠳ᠋ᠠ᠂ ᠯᠢ ᠮᠧᠩ ᠨᠠᠷ ᠤᠨ ᠨᠠᠮ ᠳᠠᠭᠠᠨ ᠥᠨᠠᠠᠴᠢ ᠰᠢᠳᠤᠷᠭᠤ᠂ ᠪᠤᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠵᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠤᠳᠠᠳᠠᠢ ᠦᠢᠯᠡᠳᠦᠯᠭᠡᠵᠢᠬᠦᠯᠦᠭᠰᠡᠨ ᠦᠢᠯᠡ ᠶᠠᠪᠤᠳᠠᠯ ᠢ ᠤᠯᠵᠤ ᠬᠠᠷᠠᠬᠤ ᠪᠤᠯᠤᠨ᠎ᠠ᠂ ᠲᠠᠳᠠᠨᠠᠷ ᠪᠣᠯ ᠰᠢᠨ᠎ᠡ ᠴᠠᠭ ᠦᠶ᠎ᠡ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠰᠡᠳᠬᠢᠯ ᠳᠠᠬᠢ ᠬᠠᠮᠤᠭ ᠤᠨ ᠰᠠᠶᠢᠨ ︽ᠦᠯᠢᠭᠡᠷ ᠳᠠᠭᠤᠷᠢᠶᠠᠯᠲᠤ ᠬᠥᠮᠦᠨ︾ ᠪᠠᠶᠢᠵᠤ ᠨᠢᠭᠡ ᠨᠢᠭᠡ ᠪᠠᠷ ᠲᠠᠶᠢᠰᠠᠨ ᠳᠤ ᠭᠠᠷᠴᠤ ᠡᠭᠡᠯ ᠵᠢᠷ ᠤᠨ ᠪᠥᠭᠡᠳ ᠠᠭᠤᠤ ᠶᠡᠭᠡ ᠨᠡᠶᠢᠲᠡᠯᠢᠭ ᠦᠢᠯᠡ ᠶᠠᠪᠤᠳᠠᠯ ᠦᠯᠢᠭᠡᠷ ᠤᠴᠢᠷ ᠢ ᠭᠥᠤᠷᠨᠢᠨ ᠶᠠᠷᠢᠵᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠳᠭᠢᠯ ᠢ ᠲᠤᠭᠳᠤᠯᠠᠭᠤᠯᠤᠭᠰᠠᠨ ᠪᠠᠶᠢᠨ᠎ᠠ᠃ ᠲᠡᠳᠡᠨ ᠤ ᠨᠡᠶᠢᠲᠡᠯᠢᠭ ᠦᠢᠯᠡ ᠠᠵᠢᠯᠯᠠᠭ᠎ᠠ ᠪᠣᠯᠤᠨ ᠰᠡᠳᠬᠢᠯ ᠬᠥᠳᠡᠯᠭᠡᠮ᠎ᠡ ᠦᠯᠢᠭᠡᠷ ᠨᠢ ᠮᠠᠨ ᠤ ᠬᠥᠮᠦᠨ ᠨᠢᠭᠡᠪᠦᠷᠢ ᠶᠢᠨ ᠰᠤᠷᠤᠯᠴᠠᠭᠤᠰᠢᠳᠠᠢ ᠵᠥᠢᠯ ᠪᠤᠯᠬᠤ ᠪᠥᠭᠡᠳ ᠤᠯᠠᠮᠵᠢᠯᠠᠬᠤ ᠪᠠ ᠪᠠᠳᠠᠷᠠᠭᠤᠯᠬᠤ ᠴᠢᠬᠤᠯᠠᠲᠠᠶ ᠵᠥᠢᠯ ᠪᠤᠯᠤᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号