ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠬᠦᠯᠡᠭᠴᠢ ᠮ᠊·ᠭᠠᠷᠤᠳᠢ ᠨᠠᠷ ᠮᠠᠨ ᠤ ᠬᠤᠰᠢᠭᠤᠨ ᠳᠤ ᠢᠷᠡᠵᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-10-24
     10 ᠰᠠᠷ᠎ᠠ ᠶᠢᠨ 18 ᠤ ᠡᠳᠦᠷ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮ᠊·ᠭᠠᠷᠤᠳᠢ ᠨᠠᠷ ᠮᠠᠨ ᠤ ᠬᠤᠰᠢᠭᠤᠨ ᠳᠤ ᠢᠷᠡᠵᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠵᠤ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ᠊ ᠵᠢᠷᠤᠮᠲᠤ ᠪᠠ ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠭᠰᠠᠨ ᠪᠠᠶᠢᠨ᠎ᠠ᠃      ᠮ᠊·ᠭᠠᠷᠤᠳᠢ ᠨᠠᠷ ᠤᠷᠢᠳ ᠬᠤᠵᠢᠳ ᠲᠤᠭᠤᠷᠢᠮ ᠭᠠᠴᠠᠭ᠎ᠠ᠂ ᠨᠠᠨᠳᠢᠨ ᠨᠡᠶᠢᠭᠡᠮ ᠲᠤᠭᠤᠷᠢᠭ᠂ ᠦᠦᠰᠢᠨ ᠬᠤᠰᠢᠭᠤᠨ ᠤ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ᠂ ᠣᠷᠳᠣᠰ ᠠᠷᠠᠳ ᠤᠨ ᠳᠠᠭᠤᠨ ᠤ ᠦᠵᠡᠰᠬᠦᠯᠡᠩ ᠤᠨ ᠣᠷᠳᠣᠨ ᠵᠡᠷᠭᠡ ᠭᠠᠵᠠᠷ ᠢᠶᠠᠷ ᠬᠦᠷᠴᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠤᠯᠢᠯᠴᠠᠵᠤ ᠬᠠᠮᠢᠶ᠎ᠠ ᠪᠦᠬᠦᠢ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃
     ᠪᠠᠶᠢᠴᠠᠭᠠᠨ ᠰᠤᠳᠤᠯᠤᠯᠳᠠ ᠶᠢᠨ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠵᠸᠥ ᠱᠤᠸᠠᠢ ᠠᠴᠠ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠠᠶᠢᠨ᠎ᠠ᠃
    ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠥᠷᠨᠢᠨ ᠬᠥᠭᠵᠢᠵᠦ ᠰᠣᠶᠣᠯ ᠤᠨ ᠠᠵᠢᠯᠯᠠᠭᠠᠨ ᠤ ᠭᠠᠵᠠᠷ ᠳᠡᠰ ᠳᠡᠪᠰᠢᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠠᠵᠢᠯᠯᠠᠭ᠎ᠠ ᠰᠢᠨ᠎ᠡ ᠡᠭᠦᠳᠦᠯᠲᠡ ᠲᠠᠢ ᠪᠣᠯᠪᠠ᠃ ᠤᠷᠢᠳ ᠬᠤᠵᠢᠳ ︽ᠪᠣᠷᠣᠲᠣᠬᠤᠶ ᠬᠥᠮᠦᠨ ᠤ ᠪᠠᠭᠤᠷᠢ ᠶᠢ ᠢᠯᠡᠷᠡᠭᠦᠯᠦᠭᠰᠡᠨ 95 ᠵᠢᠯ ᠤᠨ ᠣᠢ ᠶᠢᠨ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ︾᠂ ︽ᠰᠠᠭᠠᠩ ᠰᠡᠴᠡᠨ ᠤ 400 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ ᠵᠢᠴᠢ ︿ᠡᠷᠳᠡᠨᠢ ᠶᠢᠨ ᠲᠣᠪᠴᠢ﹀ ᠶᠢᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾᠂ ︽ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠴᠠᠭᠠᠨ ᠰᠦᠷᠦᠭ ᠤᠨ ᠲᠠᠬᠢᠯᠭ᠎ᠠ ᠶᠢᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾᠂ ︽︿ᠦᠤᠰᠢᠨ ᠮᠣᠷᠢ﹀ ᠪᠣᠯᠤᠨ ᠮᠣᠩᠭᠤᠯ ᠮᠣᠷᠢᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠵᠡᠷᠭᠡ ᠲᠣᠮᠣ ᠬᠡᠯᠪᠡᠷᠢ ᠶᠢᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ︽ᠣᠯᠠᠨ ᠬᠤᠷᠠᠬᠤ︾ ᠤᠳᠬ᠎ᠠ ᠤᠷᠠᠯᠢᠭ ᠤᠨ ᠴᠢᠭᠤᠯᠭᠠᠨ᠂ ᠳᠤᠮᠳᠠᠳᠤ ᠤᠯᠤᠰ · ᠦᠤᠰᠢᠨ ᠮᠣᠷᠢᠨ ᠬᠤᠭᠤᠷ ᠤᠨ ᠤᠷᠠᠯᠢᠭ ᠤᠨ ᠨᠠᠶᠢᠷ᠂ ᠰᠢᠷᠬᠤᠰᠤ ᠰᠣᠶᠣᠯ ᠤᠷᠠᠯᠢᠭ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ 10 ᠭᠠᠷᠤᠶ ᠤᠳᠠᠭ᠎ᠠ ᠡᠷᠬᠢᠯᠡᠪᠡ᠃ ᠺᠢᠨᠣ᠋ ᠬᠦᠷᠭᠡᠬᠦ ᠦᠢᠯᠡᠴᠢᠯᠡᠭᠡ ᠶᠢ ᠭᠦᠨᠵᠡᠭᠡᠶ ᠥᠷᠨᠢᠭᠦᠯᠵᠦ ᠵᠢᠯ ᠪᠦᠷᠢ ᠦᠨᠳᠦᠰᠦᠨ ᠱᠠᠲᠤᠨ ᠳᠤ 1200 ᠭᠠᠷᠤᠶ ᠲᠠᠯᠠᠪᠤᠷ ᠺᠢᠨᠣ᠋ ᠭᠠᠷᠭᠠᠭᠰᠠᠨ ᠪᠠᠶᠢᠨ᠎ᠠ᠃ ᠤᠳᠬ᠎ᠠ ᠤᠷᠠᠯᠢᠭ ᠢ ᠬᠥᠳᠡᠭᠡ ᠪᠠᠭᠤᠯᠭᠠᠬᠤ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ ᠤᠯᠠᠭᠠᠨᠮᠥ᠋ᠴᠢᠷ ᠪᠠ ᠮᠣᠷᠢᠨ ᠬᠤᠭᠤᠷ ᠤᠨ ᠬᠥᠭᠵᠢᠮ ᠤᠨ ᠪᠦᠯᠬᠦᠮ ᠵᠢᠯ ᠪᠦᠷᠢ ᠬᠥᠳᠡᠭᠡ ᠪᠠᠭᠤᠵᠤ 80 ᠭᠠᠷᠤᠶ ᠲᠠᠯᠠᠪᠠᠢ ᠲᠣᠭᠯᠠᠯᠲᠠ ᠭᠠᠷᠭᠠᠨ ᠡᠯ᠎ᠡ ᠵᠦᠢᠯ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ ᠨᠡᠶᠢᠲᠡ 10 ᠲᠦᠮᠨ ᠢᠯᠡᠬᠦᠦ ᠬᠥᠮᠦᠨ ᠳᠤ ᠠᠰᠢᠭ ᠬᠦᠷᠲᠡᠭᠡᠪᠡ᠃      ᠮ᠊·ᠭᠠᠷᠤᠳᠢ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠣᠯᠣᠭᠰᠠᠨ ᠠᠮᠵᠢᠯᠲᠠ ᠳᠤ ᠭᠦᠢᠴᠡᠳ ᠨᠤᠲᠠᠯᠠᠯᠲᠠ ᠥᠭᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠬᠡᠷᠬᠢᠨ ᠥᠷᠨᠢᠭᠦᠯᠬᠦ ᠳᠤ ᠪᠤᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠮᠠᠰᠢ ᠶᠡᠭᠡ ᠬᠠᠨᠳᠤᠯᠭᠠᠲᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠠᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠠᠷᠢᠨ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠡᠶ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠤ ᠱᠤᠸᠠᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠵᠢᠷᠤᠮᠲᠤ ᠬᠤᠷᠠᠯ ᠳᠤ ᠣᠷᠣᠯᠴᠠᠵᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ᠂ ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠳ ᠬᠤᠷᠠᠯ ᠳᠤ ᠣᠷᠣᠯᠴᠠᠵᠠᠶ᠃            
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号