ᠮᠠᠨ ᠤ ᠬᠤᠰᠢᠭᠤ 2019 ᠣᠨ ᠤ ᠪᠦᠬᠦ ᠬᠤᠰᠢᠭᠤᠨ ᠤ ᠠᠵᠢᠯᠴᠢᠨ ᠤ ᠡᠪᠯᠡᠯ ᠤᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2019-10-24
     10 ᠰᠠᠷ᠎ᠠ ᠶᠢᠨ 17 ᠤ ᠡᠳᠦᠷ᠂ 2019 ᠣᠨ ᠤ ᠪᠦᠬᠦ ᠬᠤᠰᠢᠭᠤᠨ ᠤ ᠠᠵᠢᠯᠴᠢᠨ ᠤ ᠡᠪᠯᠡᠯ ᠤᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠢᠴᠢᠶᠡᠯ ᠡᠬᠢᠯᠡᠭᠰᠡᠨ ᠪᠠᠶᠢᠨ᠎ᠠ᠃      ᠮᠠᠨ ᠤ ᠬᠤᠰᠢᠭᠤᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ 200 ᠭᠠᠷᠤᠶ ᠺᠠᠳ᠋ᠷ ᠠᠵᠢᠯᠲᠠᠨ ᠪᠣᠯᠪᠠᠰᠤᠷᠠᠯ ᠳᠤ ᠤᠷᠤᠯᠴᠠᠵᠤ ᠪᠣᠯᠪᠠᠰᠤᠷᠠᠯ ᠨᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ  ᠤᠨ ᠪᠠᠭᠰᠢ ᠶᠢ ᠤᠨᠴᠠᠭᠠᠶᠢᠯᠠᠨ ᠤᠷᠢᠵᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠡᠳ᠋ ᠤᠨ ᠵᠠᠰᠠᠭ ᠤᠨ ᠬᠠᠮᠢᠶᠠᠷᠤᠯᠲᠠ ᠪᠠ ᠬᠠᠮᠲᠤ ᠪᠠᠷ ᠵᠥᠪᠳᠡᠯᠴᠡᠬᠦ ᠵᠡᠷᠭᠡ ᠠᠭᠤᠯᠭ᠎ᠠ ᠶᠢᠨ ᠲᠤᠬᠠᠶ ᠬᠢᠴᠢᠶᠡᠯ ᠲᠠᠶᠢᠯᠤᠮᠵᠢ ᠬᠢᠯᠭᠡᠭᠰᠡᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠨᠢ ᠬᠡᠪᠴᠢᠶ᠎ᠡ ᠪᠠᠷ ᠥᠷᠭᠡᠨ᠂ ᠠᠭᠤᠯᠭ᠎ᠠ ᠨᠢ ᠪᠣᠳᠠᠲᠠᠶ᠂ ᠦᠢᠯᠡᠳᠦᠯᠭᠡᠲᠦ ᠴᠢᠨᠠᠷ ᠢᠶᠠᠷ ᠴᠢᠩᠭ᠎ᠠ ᠪᠠᠶᠢᠵᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠨ ᠮᠠᠨ ᠤ ᠬᠤᠰᠢᠭᠤᠨ ᠤ ᠠᠵᠢᠯᠴᠢᠨ ᠤ ᠡᠪᠯᠡᠯ ᠤᠨ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠲᠦᠯᠬᠢᠴᠡ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号