ᠦᠦᠰᠢᠨ ᠬᠤᠰᠢᠭᠤᠨ ᠤ 2019 ᠤᠨ ᠤ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ  ᠲᠤ ᠨᠦᠬᠦᠪᠦᠷᠢ ᠦᠭᠬᠦ ᠲᠦᠷᠢᠮ ᠢ ᠭᠡᠷᠡᠭᠵᠢᠭᠦᠯᠬᠦ ᠲᠦᠰᠦᠯ ᠢ ᠳᠠᠷᠤᠮᠠᠯᠯᠠᠨ ᠳᠠᠷᠬᠠᠭᠠᠬᠤ ᠲᠤᠬᠠᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-10-24
                     ᠦᠦᠰᠢᠨ ᠵᠠᠰᠠᠭ ᠠᠯᠪᠠᠨ ᠳᠠᠷᠬᠠᠭᠠᠬᠤ ﹇2019﹈ 54 ᠳ᠋ᠤᠭᠡᠷ ᠲᠤᠭᠠᠲᠤᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠄       ᠡᠳᠦᠭᠡ ᠬᠤᠰᠢᠭᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ ︽ᠦᠦᠰᠢᠨ ᠬᠤᠰᠢᠭᠤᠨ ᠤ 2019 ᠤᠨ ᠤ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢ ᠦᠭᠬᠦ ᠲᠦᠷᠢᠮ ᠢ ᠭᠡᠷᠡᠭᠵᠢᠭᠦᠯᠬᠦ ᠲᠦᠰᠦᠯ︾ ᠢ ᠲᠠᠨᠠᠷ ᠲᠤ ᠳᠠᠷᠤᠮᠠᠯᠯᠠᠨ ᠳᠠᠷᠬᠠᠭᠠᠪᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠦᠭᠡᠷᠡᠢ᠃                                                                   ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                              2019 ᠤᠨ ᠤ 10 ᠰᠠᠷ᠎ᠠ ᠶᠢᠨ 14 ᠤ ᠡᠳᠦᠷ                    ᠦᠤᠰᠢᠨ ᠬᠤᠰᠢᠭᠤᠨ ᠤ 2019 ᠤᠨ ᠤ ᠡᠷᠳᠡᠨᠢ ᠰᠢᠰᠢ ᠪᠠ ᠰᠢᠷ᠎ᠠ ᠪᠤᠷᠴᠠᠭ            ᠦᠢᠯᠡᠳᠪᠦᠷᠢᠯᠡᠭᠴᠢᠳ ᠲᠤ ᠨᠦᠬᠦᠪᠦᠷᠢ ᠦᠭᠬᠦ ᠲᠦᠷᠢᠮ ᠢ ᠬᠡᠷᠡᠭᠵᠢᠭᠦᠯᠬᠦ ᠲᠦᠰᠦᠯ       ︽2019 ᠤᠨ ᠤ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠬᠤᠯᠪᠣᠭᠳᠠᠯ ᠪᠦᠬᠦᠢ ᠬᠡᠷᠡᠭ ᠣᠴᠢᠷ ᠤᠳ ᠤᠨ ᠲᠤᠬᠠᠶ ᠦᠪᠦᠷ ᠮᠤᠩᠭᠤᠯ ᠤᠨ ᠡᠳ᠋ ᠤᠨ ᠵᠠᠰᠠᠭ ᠤᠨ ᠲᠢᠩᠬᠢᠮ᠂ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ ︾ ︵ᠥᠪᠥᠷ ᠡᠳ᠋ ᠠᠷᠠᠯᠵᠢᠶ᠎ᠠ ︵2019︶ 694 ᠳ᠋ᠤᠭᠡᠷ ᠲᠣᠭᠠᠲᠤ︶ ᠪᠠ ︽2019 ᠤᠨ ᠤ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠥᠰᠦᠪ ᠤᠨ ᠮᠦᠩᠬᠦ ᠶᠢ ᠰᠠᠯᠭᠠᠨ ᠥᠭᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠠᠷᠠᠯᠵᠢᠶ᠎ᠠ ︵2019︶ ᠤᠨ 695 ᠳ᠋ᠤᠭᠠᠷ ᠲᠣᠭᠠᠲᠤ︶ ︽2019 ᠤᠨ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠮᠥᠩᠭᠦ ᠶᠢ ᠰᠠᠯᠭᠠᠨ ᠥᠭᠬᠦ ᠲᠤᠬᠠᠶ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠮᠡᠳᠡᠭᠳᠡᠯ︾ ︵ᠣᠷᠳᠣᠰ ᠡᠳ᠋ ᠠᠷᠠᠯᠵᠢᠶ᠎ᠠ ᠲᠠᠷᠬᠠᠭᠠᠭᠰᠠᠨ︹ 2019 ︺136 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠᠷ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃      ᠨᠢᠭᠡ᠂ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠭᠤᠤᠯ ᠠᠭᠤᠯᠭ᠎ᠠ      ︵ᠨᠢᠭᠡ︶ ᠨᠥᠬᠦᠪᠥᠷᠢ ᠥᠭᠬᠦ ᠬᠡᠪᠴᠢᠶ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠲᠠᠷᠢᠶᠠᠯᠠᠩ ᠤᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠳᠦᠷᠢᠮ ᠢ ᠪᠠᠶᠢᠭᠤᠯᠤᠨ ᠡᠷᠳᠡᠨᠢ ᠰᠢᠰᠢ ᠪᠠ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠲᠤᠬᠠᠶ ᠱᠠᠭᠠᠷᠳᠠᠯᠭ᠎ᠠ ᠶᠣᠰᠣᠭᠠᠷ ᠪᠥᠬᠦ ᠬᠤᠰᠢᠭᠤᠨ ᠤ 2019 ᠤᠨ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠬᠡᠪᠴᠢᠶ᠎ᠡ ᠶᠢ ᠬᠠᠤᠯᠢ ᠶᠣᠰᠣᠨ ᠤ ᠲᠠᠷᠢᠶᠠᠨ ᠭᠠᠵᠠᠷ ᠳᠡᠭᠡᠷ᠎ᠡ ᠡᠷᠳᠡᠨᠢ ᠰᠢᠰᠢ ᠪᠠ ᠰᠢᠷ᠎ᠠ ᠪᠤᠷᠴᠠᠭ ᠲᠠᠷᠢᠭᠴᠢᠳ ᠢᠶᠠᠷ ᠳᠣᠭᠳᠠᠭᠠᠪᠠ᠃      ︵ᠬᠤᠶᠠᠷ︶ ᠨᠦᠬᠦᠪᠦᠷᠢ ᠶᠢᠨ ᠪᠡᠯᠡ ᠮᠦᠩᠭᠦ᠃ 2019 ᠤᠨ ᠤ ᠪᠦᠬᠦ ᠬᠤᠰᠢᠭᠤᠨ ᠤ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢᠯᠡᠬᠦ ᠨᠦᠬᠦᠪᠦᠷᠢ ᠮᠦᠩᠬᠦ ᠨᠡᠶᠢᠳᠡ 3146.2 ᠲᠦᠮᠡᠨ ᠲᠦᠭᠦᠷᠢᠭ ᠪᠠᠶᠢᠨ᠎ᠠ᠃ ᠡᠭᠦᠨ ᠳᠤ ᠡᠷᠳᠡᠨᠢ ᠰᠢᠰᠢ ᠶᠢᠨ ᠨᠦᠬᠦᠪᠦᠷᠢ ᠮᠦᠩᠭᠦ 2854.1 ᠲᠦᠮᠡᠨ ᠲᠦᠭᠦᠷᠢᠭ᠂ ᠰᠢᠷ᠎ᠠ ᠪᠤᠷᠴᠠᠭ ᠤᠨ ᠨᠦᠬᠦᠪᠦᠷᠢ ᠮᠦᠩᠭᠦ 292.1 ᠲᠦᠮᠡᠨ ᠲᠦᠭᠦᠷᠢᠭ ᠪᠠᠶᠢᠨ᠎ᠠ᠃      ︵ᠭᠤᠷᠪᠠ︶ ᠨᠦᠬᠦᠪᠦᠷᠢ ᠦᠭᠬᠦ ᠲᠠᠯᠠᠪᠠᠢ᠃ ᠨᠦᠬᠦᠪᠦᠷᠢ ᠦᠭᠬᠦ ᠲᠠᠯᠠᠪᠠᠢ ᠨᠢ ᠡᠷᠭᠡᠪᠰᠢ ᠡᠷᠳᠡᠨᠢ ᠰᠢᠰᠢ ᠪᠠ ᠰᠢᠷ᠎ᠠ ᠪᠤᠷᠴᠠᠭ ᠲᠠᠷᠢᠭᠰᠠᠨ ᠬᠠᠤᠯᠢ ᠶᠤᠰᠤᠨ ᠤ ᠲᠠᠷᠢᠶᠠᠨ ᠭᠠᠵᠠᠷ ᠪᠠᠶᠢᠬᠤ ᠬᠡᠷᠡᠭᠳᠡᠢ᠃ 2019 ᠤᠨ ᠤ ᠡᠷᠳᠠᠨᠢ ᠰᠢᠰᠢ ᠤᠶᠢᠯᠠᠳᠪᠦᠷᠢᠯᠡᠭᠴᠢᠳ ᠤᠨ ᠨᠦᠬᠦᠪᠤᠷᠢ ᠦᠭᠬᠦ ᠲᠠᠯᠠᠪᠠᠢ ᠨᠢ ᠬᠤᠰᠢᠭᠤ ᠲᠤᠭ᠎ᠠ ᠪᠦᠷᠢᠳᠭᠡᠯ ᠤᠨ ᠲᠤᠪᠴᠢᠶᠠᠨ  ᠤ 2018 ᠤᠨ ᠤ ᠲᠤᠭᠳᠠᠭᠠᠭᠰᠠᠨ ᠤᠶᠢᠯᠡᠳᠪᠦᠷᠢᠯᠡᠭᠴᠢᠳ ᠤᠨ ᠬᠠᠤᠯᠢ ᠶᠤᠰᠤᠨ ᠤ ᠲᠠᠷᠢᠶᠠᠨ ᠭᠠᠵᠠᠷ ᠳᠠᠬᠢ ᠡᠷᠳᠠᠨᠢ ᠰᠢᠰᠢ ᠪᠠ ᠰᠢᠷ᠎ᠠ ᠪᠤᠷᠴᠠᠭ ᠲᠠᠷᠢᠭᠰᠠᠨ ᠲᠠᠯᠠᠪᠠᠢ ᠪᠠᠷ ᠪᠠᠷᠢᠮᠵᠢᠶᠠᠯᠠᠵᠤ ᠪᠦᠬᠦ ᠬᠤᠰᠢᠭᠤᠨ ᠤ ᠡᠷᠳᠠᠨᠢ ᠰᠢᠰᠢ ᠤᠶᠢᠯᠡᠳᠪᠦᠷᠢᠯᠡᠭᠴᠢᠳ ᠲᠤ ᠨᠦᠬᠦᠪᠤᠷᠢ ᠦᠭᠬᠦ ᠲᠠᠯᠠᠪᠠᠢ ᠨᠢ 453690 ᠮᠤ᠋ ᠪᠠᠶᠢᠵᠤ᠂ ᠰᠢᠷ᠎ᠠ ᠪᠤᠷᠴᠠᠭ ᠤᠨ ᠨᠦᠬᠦᠪᠤᠷᠢ ᠦᠭᠬᠦ ᠲᠠᠯᠠᠪᠠᠢ ᠨᠢ 11295 ᠮᠤ᠋ ᠪᠤᠢ᠃     ︵ᠲᠦᠷᠪᠡ︶ ᠨᠦᠬᠦᠪᠦᠷᠢ ᠦᠭᠬᠦ ᠪᠠᠷᠢᠮᠵᠢᠶ᠎ᠠ᠃ ᠤᠯᠤᠰ ᠠᠴᠠ ︽ᠬᠠᠳᠤᠭᠤᠷ ᠳᠣᠬᠤᠢ︾ ᠶᠢᠨ ᠭᠠᠵᠠᠷ ᠤᠷᠤᠨ ᠤ ᠦᠷ᠎ᠡ ᠶᠢᠨ ᠡᠷᠳᠡᠨᠢ ᠰᠢᠰᠢ ᠲᠠᠷᠢᠬᠤ ᠶᠢ ᠲᠤᠬᠢᠷᠠᠭᠤᠯᠤᠨ ᠬᠠᠰᠤᠬᠤ ᠪᠠ ᠰᠢᠷ᠎ᠠ ᠪᠤᠷᠴᠠᠭ ᠢ ᠭᠦᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠬᠤ ᠶᠢᠨ ᠳᠣᠰᠠᠳᠠ ᠡᠯ᠎ᠡ ᠰᠤᠮᠤ ᠪᠠᠯᠭᠠᠰᠤ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢᠯᠡᠬᠦ ᠨᠦᠬᠦᠪᠦᠷᠢ ᠮᠦᠩᠭᠦ ᠶᠢ ᠨᠢᠭᠡᠳᠦᠯᠳᠡᠢ ᠲᠥᠯᠥᠪᠵᠢᠬᠦᠯᠥᠨ ᠬᠡᠷᠡᠭᠵᠢᠬᠦᠯᠵᠤ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠨᠦᠬᠦᠪᠦᠷᠢ ᠶᠢᠨ ᠪᠠᠷᠢᠮᠵᠢᠶ᠎ᠠ ᠶᠢᠨ ᠵᠦᠷᠢᠶ᠎ᠡ ᠶᠢ ᠦᠷᠭᠦᠯᠵᠢᠯᠡᠨ ᠶᠡᠭᠡᠰᠭᠡᠨ᠎ᠡ᠃ ᠡᠷᠳᠡᠨᠢ ᠰᠢᠰᠢ ᠲᠠᠷᠢᠬᠤ ᠨᠦᠬᠦᠴᠡᠯ ᠢᠶᠠᠷ ᠲᠠᠪᠠᠭᠤᠯᠢᠭ ᠪᠤᠰᠤ ᠤᠷᠤᠨ ᠤ ᠲᠤᠬᠢᠷᠠᠭᠤᠯᠤᠨ ᠬᠠᠰᠤᠭᠰᠠᠨ ᠦᠷ᠎ᠡ ᠪᠦᠳᠦᠭᠡᠯ ᠢ ᠪᠠᠬᠢᠵᠢᠭᠦᠯᠵᠤ᠂ ᠡᠷᠳᠡᠨᠢ ᠰᠢᠰᠢ ᠲᠠᠷᠢᠬᠤ ᠲᠠᠪᠠᠭᠤᠯᠢᠭ ᠤᠷᠤᠨ ᠢ ᠲᠤᠭᠲᠠᠪᠤᠷᠢᠵᠢᠭᠤᠯᠤᠨ ᠰᠢᠷ᠎ᠠ ᠪᠤᠷᠴᠠᠭ ᠲᠠᠷᠢᠬᠤ ᠲᠠᠯᠠᠪᠠᠢ ᠶᠢ ᠦᠷᠭᠡᠳᠭᠡᠨ᠎ᠡ᠃ ᠨᠢᠭᠡ ᠳᠤ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠦᠭᠬᠦ ᠶᠤᠰᠤᠳᠡᠢ ᠨᠦᠬᠦᠪᠦᠷᠢ ᠶᠢ ᠠᠯᠢ ᠴᠢᠳᠠᠬᠤ ᠪᠠᠷ ᠨᠦᠬᠦᠪᠦᠷᠢᠯᠡᠵᠤ ᠪᠤᠳᠠᠳᠠᠢ ᠲᠠᠷᠢᠭᠰᠠᠨ ᠲᠠᠯᠠᠪᠠᠢ ᠶᠢ ᠨᠢ ᠦᠨᠳᠦᠰᠦᠯᠡᠨ ᠨᠦᠬᠦᠪᠦᠷᠢᠯᠡᠵᠣ᠂ ᠦᠢᠯᠡᠳᠪᠦᠷᠢᠯᠡᠭᠴᠢ ᠶᠢᠨ ᠨᠦᠬᠦᠪᠦᠷᠢ ᠮᠦᠩᠭᠦ ᠶᠢ ᠰᠢᠷ᠎ᠠ ᠪᠤᠷᠴᠠᠭ ᠳᠠᠷᠢᠭᠰᠠᠳ ᠲᠤ ᠤᠷᠢᠳᠡᠪᠡᠷ ᠨᠦᠬᠦᠪᠦᠷᠢᠯᠡᠵᠣ ᠪᠤᠷᠴᠠᠭ ᠲᠠᠷᠢᠭᠴᠢ ᠶᠢᠨ ᠠᠰᠢᠭ ᠤᠷᠤᠯᠭ᠎ᠠ ᠶᠢᠨ ᠵᠢᠱᠢᠯᠳᠠ ᠶᠢ ᠲᠤᠭᠳᠠᠪᠤᠷᠢᠵᠢᠭᠤᠯᠬᠤ ᠭᠡᠷᠡᠭᠳᠡᠢ᠃ ᠬᠤᠶᠠᠷ ᠲᠤ ︽ᠬᠠᠳᠤᠭᠤᠷ ᠳᠣᠬᠤᠢ︾ ᠭᠠᠵᠠᠷ ᠤᠷᠤᠨ ᠤ ᠡᠷᠳᠡᠨᠢ ᠰᠢᠰᠢ ᠶᠢᠨ ᠨᠦᠬᠦᠪᠤᠷᠢ ᠶᠢᠨ ᠪᠠᠷᠢᠮᠵᠢᠶ᠎ᠠ ᠶᠢ ᠪᠠᠭᠠᠰᠬᠠᠵᠤ᠂ ᠬᠦᠢᠳᠠᠨ ᠰᠠᠷᠢᠬᠦᠨ ᠭᠠᠵᠠᠷ ᠤᠷᠤᠨ ᠪᠠ ᠭᠠᠩ ᠬᠠᠭᠤᠷᠠᠢ ᠤᠰᠤ ᠲᠤᠳᠠᠭᠳᠠᠵᠤ ᠪᠠᠶᠢᠭ᠎ᠠ ᠭᠠᠵᠠᠷ ᠤᠷᠤᠨ ᠳᠤ ᠡᠷᠳᠠᠨᠢ ᠰᠢᠰᠢ ᠶᠢᠨ ᠨᠦᠬᠦᠪᠤᠷᠢ ᠶᠢᠨ ᠪᠠᠷᠢᠮᠵᠢᠶ᠎ᠠ ᠶᠢ ᠮᠤ᠋ ᠪᠦᠷᠢ ᠳᠤ 100 ᠲᠦᠬᠦᠷᠢᠭ ᠠᠴᠠ ᠲᠤᠷᠤᠭᠰᠢ ᠪᠤᠯᠳᠠᠯ᠎ᠠ ᠪᠠᠭᠤᠷᠠᠭᠤᠯᠤᠨ᠎ᠠ᠃ ᠭᠤᠷᠪᠠ ᠳᠤ ᠡᠷᠳᠠᠨᠢ ᠰᠢᠰᠢ ᠲᠠᠷᠢᠬᠤ ᠲᠠᠪᠠᠭᠤᠯᠢᠭ ᠤᠷᠤᠨ ᠤ ᠨᠦᠬᠦᠪᠤᠷᠢ ᠶᠢᠨ ᠪᠠᠷᠢᠮᠵᠢᠶ᠎ᠠ ᠶᠢ ᠲᠤᠭᠳᠠᠭᠤᠨ ᠪᠠᠶᠢᠯᠭᠠᠵᠤ᠂ ᠡᠷᠳᠠᠨᠢ ᠰᠢᠰᠢ ᠲᠠᠷᠢᠬᠤ ᠨᠦᠬᠦᠴᠡᠯ ᠢᠶᠠᠷ ᠲᠠᠪᠠᠭᠤᠯᠢᠭ ᠤᠷᠤᠨ ᠤ ᠨᠦᠬᠦᠪᠤᠷᠢ ᠶᠢᠨ ᠪᠠᠷᠢᠮᠵᠢᠶ᠎ᠠ ᠶᠢ ᠮᠤ᠋ ᠪᠦᠷᠢ ᠳᠤ 100 ᠲᠦᠬᠦᠷᠢᠭ ᠠᠴᠠ ᠲᠠᠭᠡᠭᠰᠢ ᠲᠤᠭᠳᠠᠭᠤᠨ ᠪᠠᠶᠢᠯᠭᠠᠵᠤ ᠳᠠᠷᠢᠭᠰᠠᠳ ᠤᠨ ᠲᠠᠷᠢᠬᠤ ᠢᠳᠡᠪᠬᠢᠵᠢᠯ ᠢ ᠲᠠᠶᠢᠴᠢᠯᠠᠨ ᠡᠷᠳᠠᠨᠢ ᠰᠢᠰᠢ ᠲᠠᠷᠢᠬᠤ ᠨᠦᠬᠦᠴᠡᠯ ᠢᠶᠠᠷ ᠲᠠᠪᠠᠭᠤᠯᠢᠭ ᠤᠷᠤᠨ ᠤ ᠤᠶᠢᠯᠠᠳᠪᠦᠷᠢᠯᠠᠬᠦ ᠴᠢᠳᠠᠪᠤᠷᠢ ᠪᠤᠯᠤᠨ ᠶᠠᠰᠤ ᠴᠢᠨᠠᠷ ᠢ ᠲᠡᠭᠡᠭᠰᠢᠯᠡᠬᠦᠯᠤᠨ᠎ᠠ᠃ ᠬᠤᠳᠠ ᠶᠢᠨ ᠡᠳ᠋ ᠤᠨ ᠵᠠᠰᠠᠭ ᠤᠨ ᠲᠤᠪᠴᠢᠶᠠᠨ ᠠᠴᠠ ᠪᠦᠬᠦ ᠬᠤᠰᠢᠭᠤᠨ ᠳᠤ 2019 ᠤᠨ  ᠤ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢᠯᠡᠬᠦ ᠨᠦᠬᠦᠪᠦᠷᠢ ᠮᠦᠩᠭᠦ ᠶᠢ ᠲᠤᠰ ᠲᠤᠰ 2854.1 ᠲᠦᠮᠡᠨ ᠲᠦᠭᠦᠷᠢᠭ ᠪᠠ 292.1 ᠲᠦᠮᠡᠨ ᠲᠦᠭᠦᠷᠢᠭ ᠪᠠᠭᠤᠯᠭᠠᠪᠠ᠃ ᠮᠠᠨ ᠤ ᠬᠤᠰᠢᠭᠤᠨ ᠤ ᠲᠠᠷᠢᠮᠠᠯ ᠤᠨ ᠲᠠᠯᠠᠪᠠᠢ ᠶᠢᠨ ᠬᠤᠪᠢᠷᠠᠯᠳᠠ ᠵᠡᠷᠭᠡ ᠪᠠᠶᠢᠳᠠᠯ ᠢ ᠨᠢᠭᠡᠳᠤᠯᠳᠡᠢ ᠲᠥᠯᠥᠪᠵᠢᠬᠦᠯᠥᠨ ᠪᠤᠳᠤᠯᠬᠢᠯᠠᠵᠤ 2019 ᠤᠨ ᠳᠤ ᠡᠷᠳᠡᠨᠢ ᠰᠢᠰᠢ ᠶᠢᠨ ᠨᠦᠬᠦᠪᠦᠷᠢᠯᠡᠬᠦ ᠲᠠᠯᠠᠪᠠᠢ 453690 ᠮᠤ᠋᠂ ᠲᠤᠮᠳᠠᠴᠢ ᠪᠠᠷ ᠮᠤ᠋ ᠪᠦᠷᠢ ᠳᠤ 62.91 ᠲᠦᠭᠦᠷᠢᠭ ᠨᠦᠬᠦᠪᠦᠷᠢᠯᠡᠨ᠎ᠠ᠃ ᠰᠢᠷ᠎ᠠ ᠪᠤᠷᠴᠠᠭ ᠤᠨ ᠨᠦᠬᠦᠪᠦᠷᠢᠯᠡᠬᠦ ᠲᠠᠯᠠᠪᠠᠢ 11295 ᠮᠤ᠋᠂ ᠲᠤᠮᠳᠠᠴᠢ ᠪᠠᠷ ᠮᠤ᠋ ᠪᠦᠷᠢ ᠳᠤ 258.61 ᠲᠦᠭᠦᠷᠢᠭ ᠨᠦᠬᠦᠪᠦᠷᠢᠯᠡᠨ᠎ᠠ᠃       ᠬᠤᠶᠠᠷ᠂ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠯᠳᠠ ᠲᠠᠢ ᠭᠡᠷᠡᠭᠵᠢᠭᠦᠯᠬᠦ ᠶᠢ ᠴᠢᠩᠭᠠᠳᠬᠠᠨ᠎ᠠ      ︵ᠨᠢᠭᠡ︶ ᠤᠳᠤᠷᠢᠳᠬᠤ ᠪᠠᠶᠢᠭᠤᠯᠤᠮᠵᠢ ᠶᠢ ᠴᠢᠩᠭᠠᠳᠬᠠᠨ᠎ᠠ᠃ ᠠᠵᠢᠯ ᠤᠨ ᠤᠷᠤᠭᠰᠢᠳᠡᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠡᠭᠦᠷᠭᠡ ᠬᠠᠷᠢᠭᠤᠴᠠᠯᠭ᠎ᠠ ᠪᠠᠨ ᠳᠣᠳᠣᠳᠬᠠᠨ ᠨᠠᠶᠢᠳᠠᠪᠦᠷᠢᠵᠢᠭᠤᠯᠵᠣ ᠠᠵᠢᠯᠳᠠᠨ ᠤ ᠨᠠᠶᠢᠳᠠᠪᠦᠷᠢᠵᠢᠭᠤᠯᠤᠯᠳᠠ ᠶᠢ ᠦᠨᠡᠨᠬᠦ ᠪᠠᠳᠤᠯᠠᠬᠤ ᠬᠡᠷᠡᠭᠳᠡᠢ᠃ ᠬᠤᠰᠢᠭᠤ ᠭᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠨᠢ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢᠳ ᠤᠨ ᠦᠪᠡᠷ ᠤᠨ ᠦᠷᠳᠡᠭ᠂ ᠠᠰᠢᠭ ᠤᠷᠤᠯᠭ᠎ᠠ ᠪᠤᠯᠤᠨ ᠵᠠᠬ᠎ᠠ ᠲᠡᠯᠭᠡᠭᠦᠷ ᠤᠨ ᠦᠨ᠎ᠡ ᠬᠠᠩᠰᠢ ᠶᠢ ᠪᠠᠶᠢᠴᠠᠭᠠᠨ ᠰᠢᠯᠭᠠᠬᠤ ᠠᠵᠢᠯ ᠢ ᠬᠠᠷᠢᠭᠤᠴᠠᠬᠤ ᠶᠢᠨ ᠬᠠᠮᠳᠤ ᠤᠬᠠᠭᠤᠯᠭ᠎ᠠ ᠶᠢᠨ ᠠᠵᠢᠯ ᠢ ᠰᠠᠶᠢᠳᠤᠷ ᠬᠢᠵᠤ ᠤᠯᠠᠨ ᠡᠰᠢᠵᠢᠭᠰᠡᠨ ᠵᠠᠬ᠎ᠠ ᠲᠡᠯᠭᠡᠭᠦᠷ ᠤᠨ ᠭᠤᠤᠯ ᠴᠤᠭᠴᠠ  ᠶᠢ ᠬᠦᠳᠦᠯᠦᠨ ᠵᠢᠯᠤᠭᠤᠳᠴᠤ ᠡᠷᠳᠡᠨᠢ ᠰᠢᠰᠢ ᠪᠠ ᠰᠢᠷ᠎ᠠ ᠪᠤᠷᠴᠠᠭ ᠢ ᠢᠳᠡᠪᠬᠢᠳᠡᠢ ᠪᠠᠷ ᠵᠠᠬ᠎ᠠ ᠲᠡᠯᠭᠡᠬᠦᠷ ᠲᠤ ᠤᠷᠤᠭᠤᠯᠣᠨ ᠬᠤᠳᠠᠯᠳᠣᠬᠤ ᠭᠡᠷᠡᠭᠳᠡᠢ︔ ᠬᠤᠰᠢᠭᠤ ᠡᠳ᠋ ᠤᠨ ᠵᠠᠰᠠᠭ ᠤᠨ ᠲᠤᠪᠴᠢᠶ᠎ᠠ ᠨᠢ ᠨᠦᠬᠦᠪᠦᠷᠢ ᠶᠢᠨ ᠪᠡᠯᠡ ᠮᠦᠩᠭᠦ ᠶᠢ ᠲᠦᠰᠦᠭᠡᠯᠡᠨ ᠪᠤᠳᠤᠬᠤ ᠶᠢ ᠬᠠᠷᠢᠭᠤᠴᠠᠵᠤ ᠳᠣᠭᠠᠴᠠᠵᠣ ᠦᠭᠬᠦ ᠪᠠ ᠨᠦᠬᠦᠪᠦᠷᠢ ᠶᠢᠨ ᠪᠡᠯᠡ ᠮᠦᠩᠭᠦ ᠳᠠᠷᠬᠠᠭᠠᠬᠤ ᠠᠵᠢᠯ ᠢ ᠬᠢᠨᠠᠨ ᠵᠢᠯᠤᠭᠤᠳᠤᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠪᠤᠯᠤᠨ ᠲᠤᠭ᠎ᠠ ᠪᠦᠷᠢᠳᠭᠡᠯ ᠤᠨ ᠲᠤᠪᠴᠢᠶ᠎ᠠ ᠨᠢ ᠡᠷᠳᠡᠨᠢ ᠰᠢᠰᠢ ᠪᠠ ᠰᠢᠷ᠎ᠠ ᠪᠤᠷᠴᠠᠭ ᠤᠨ ᠪᠤᠳᠠᠳᠠᠢ ᠲᠠᠷᠢᠬᠤ ᠲᠠᠯᠠᠪᠠᠢ ᠶᠢᠨ ᠠᠵᠢᠯ ᠢ ᠬᠠᠮᠳᠤ ᠪᠠᠷ ᠬᠠᠷᠢᠭᠤᠴᠠᠵᠤ᠂ ᠰᠠᠭᠤᠷᠢ ᠬᠤᠭᠤᠴᠠᠭᠠᠨ ᠤ ᠡᠷᠳᠡᠨᠢ ᠰᠢᠰᠢ᠂ ᠰᠢᠷ᠎ᠠ ᠪᠤᠷᠴᠠᠭ ᠤᠨ ᠤᠨᠠᠯᠳᠠ  ᠶᠢᠨ ᠬᠡᠮᠵᠢᠶ᠎ᠠ ᠶᠢ ᠮᠡᠳᠡᠬᠦᠯᠥᠨ ᠬᠠᠩᠭᠠᠬᠤ ᠶᠢ ᠪᠠᠳᠤᠯᠠᠨ᠎ᠠ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠬᠠᠷᠠᠭᠠᠯᠵᠠᠭᠰᠠᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠢ ᠵᠤᠬᠢᠶᠠᠨ ᠪᠠᠶᠢᠭᠤᠯᠵᠤ ᠡᠭᠦᠷᠭᠡ ᠬᠠᠷᠢᠭᠤᠴᠠᠯᠭ᠎ᠠ᠂ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠢ ᠪᠤᠯᠭᠠᠨ ᠲᠦᠰᠦᠯ ᠪᠤᠯᠤᠨ ᠪᠡᠯᠡ ᠮᠦᠩᠭᠦᠨ ᠤ ᠬᠠᠮᠢᠶᠠᠷᠤᠯᠳᠠ ᠶᠢᠨ ᠠᠷᠭ᠎ᠠ ᠶᠢ ᠨᠠᠷᠢᠯᠢᠭᠵᠢᠭᠤᠯᠤᠨ᠎ᠠ᠃ ᠨᠦᠬᠦᠪᠦᠷᠢ ᠤᠯᠭᠤᠬᠤ ᠬᠤᠭᠤᠴᠠᠭᠠᠨ ᠳᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠨᠦᠬᠦᠪᠦᠷᠢ ᠤᠯᠭᠤᠭᠰᠠᠨ ᠪᠠᠶᠢᠳᠠᠯ ᠳᠤ ᠬᠢᠨᠠᠯᠳᠠ ᠲᠠᠯᠪᠢᠵᠤ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃       ︵ᠬᠤᠶᠠᠷ︶ ᠲᠠᠷᠢᠮᠠᠯ ᠤᠨ ᠲᠠᠯᠠᠪᠠᠢ ᠶᠢ ᠬᠢᠨᠠᠨ ᠬᠠᠷᠭᠤᠭᠤᠯᠤᠨ᠎ᠠ  ᠃ ᠲᠠᠷᠢᠮᠠᠯ ᠤᠨ ᠲᠠᠯᠠᠪᠠᠢ ᠶᠢ ᠬᠢᠨᠠᠨ ᠬᠠᠷᠭᠤᠭᠤᠯᠬᠤ ᠳᠤ ᠡᠷᠬᠡᠪᠰᠢ ᠲᠠᠷᠠᠭᠠᠬᠢ ᠠᠯᠬᠤᠮ ᠢᠶᠠᠷ ᠶᠠᠪᠤᠭᠳᠠᠭᠤᠯᠬᠤ ᠬᠡᠷᠡᠭᠳᠡᠢ᠄       ⒈ ᠭᠤᠶᠣᠪᠴᠢᠯᠠᠨ ᠮᠡᠳᠡᠭᠦᠯᠬᠦ᠂ ᠨᠠᠷᠡᠰ ᠪᠦᠷᠢᠳᠭᠡᠬᠦ᠃ ᠡᠷᠳᠡᠨᠢ ᠰᠢᠰᠢ ᠴᠢᠬᠢᠯᠡᠭᠰᠡᠨ ᠤ ᠲᠠᠷᠠᠭ᠎ᠠ ᠦᠢᠯᠡᠳᠪᠦᠷᠢᠯᠡᠭᠴᠢ ᠠᠴᠠ ᠭᠠᠴᠠᠭ᠎ᠠ ᠲᠤᠰᠬᠤᠨ ᠤ ᠵᠦᠪᠯᠡᠯ ᠳᠤ ᠡᠷᠳᠡᠨᠢ ᠰᠢᠰᠢ ᠪᠠ ᠰᠢᠷ᠎ᠠ ᠪᠤᠷᠴᠠᠭ ᠬᠠᠤᠯᠢ ᠶᠤᠰᠤᠭᠠᠷ ᠲᠠᠷᠢᠭᠰᠠᠨ ᠲᠠᠯᠠᠪᠠᠢ ᠪᠠᠨ ᠮᠡᠳᠡᠭᠦᠯᠵᠤ ᠭᠠᠴᠠᠭ᠎ᠠ ᠲᠤᠰᠬᠤᠨ ᠤ ᠵᠦᠪᠯᠡᠯ ᠠᠴᠠ ᠬᠢᠨᠠᠨ ᠬᠠᠷᠭᠤᠭᠤᠯᠵᠣ ᠲᠠᠷᠢᠭᠰᠠᠨ ᠡᠷᠦᠭᠡ ᠶᠢᠨ ᠨᠠᠷᠡᠰ ᠤᠨ ᠪᠦᠷᠢᠳᠭᠡᠯ ᠢ ᠬᠢᠵᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ  ᠳᠤ ᠮᠡᠳᠡᠭᠦᠯᠦᠨ᠎ᠡ᠃ ᠨᠡᠷᠡᠰ ᠤᠨ ᠪᠦᠷᠢᠳᠭᠡᠯ ᠳᠤ ᠡᠷᠳᠡᠨᠢ ᠰᠢᠰᠢ᠂ ᠰᠢᠷ᠎ᠠ ᠪᠤᠷᠴᠠᠭ ᠳᠠᠷᠢᠭᠰᠠᠳ ᠤᠨ ᠤᠪᠤᠭ ᠨᠡᠷ᠎ᠡ᠂ ᠪᠡᠶ᠎ᠡ ᠶᠢᠨ ᠦᠨᠡᠮᠯᠡᠯ ᠤᠨ ᠨᠤᠮᠧᠷ᠂ ᠭᠠᠵᠠᠷ ᠰᠢᠷᠦᠢ ᠲᠠᠭᠠᠭᠠᠴᠢᠯᠠᠭᠰᠠᠨ ᠭᠡᠷᠡᠴᠢ ︵ᠪᠣᠶᠣ ᠭᠠᠵᠠᠷ ᠰᠢᠷᠦᠢ ᠰᠢᠯᠵᠢᠬᠦᠯᠥᠨ ᠳᠠᠭᠠᠭᠠᠴᠢᠯᠠᠭᠰᠠᠨ ᠬᠡᠷ᠎ᠡ︶᠂  ᠪᠦᠬᠦᠨ ᠳᠤ ᠳᠣᠬᠢᠷᠠᠬᠤ ᠺᠠᠷᠲ ᠤᠨ ᠨᠤᠮᠧᠷ᠂ ᠪᠤᠳᠠᠳᠠᠢ ᠲᠠᠷᠢᠭᠰᠠᠨ ᠲᠠᠯᠠᠪᠠᠢ ᠵᠡᠷᠭᠡ ᠠᠭᠤᠯᠭ᠎ᠠ ᠪᠠᠭᠳᠠᠨ᠎ᠠ᠃       ⒉ᠪᠠᠶᠢᠴᠠᠭᠠᠯᠳᠠ ᠬᠢᠬᠦ᠂ ᠬᠢᠨᠠᠨ ᠬᠠᠷᠭᠤᠭᠤᠯᠬᠤ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠡᠯ᠎ᠡ ᠭᠠᠴᠠᠭ᠎ᠠ ᠲᠤᠰᠬᠤᠨ ᠤ ᠨᠡᠷᠡᠰ ᠤᠨ ᠪᠦᠷᠢᠳᠭᠡᠯ ᠢ ᠰᠢᠯᠭᠠᠨ ᠦᠵᠡᠵᠤ  ᠬᠤᠷᠢᠶᠠᠩᠭᠤᠶᠢᠯᠠᠵᠤ ᠨᠡᠶᠢᠯᠡᠭᠦᠯᠦᠭᠡᠳ ᠬᠤᠰᠢᠭᠤ ᠲᠤᠭ᠎ᠠ ᠪᠦᠷᠢᠳᠭᠡᠯ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ  ᠳᠤ ᠮᠡᠳᠡᠭᠦᠯᠦᠨ᠎ᠡ᠃ ᠬᠤᠰᠢᠭᠤ ᠲᠤᠭ᠎ᠠ ᠪᠦᠷᠢᠳᠭᠡᠯ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠡᠷᠳᠡᠨᠢ ᠰᠢᠰᠢ᠂ ᠰᠢᠷ᠎ᠠ ᠪᠤᠷᠴᠠᠭ ᠲᠠᠷᠢᠭᠰᠠᠨ ᠡᠷᠦᠬᠡ ᠶᠢᠨ ᠮᠡᠳᠡᠭᠦᠯᠦᠭᠰᠡᠨ ᠲᠠᠯᠠᠪᠠᠢ ᠶᠢ ᠡᠷᠦᠬᠡ ᠳᠤ ᠤᠴᠢᠨ ᠬᠢᠨᠠᠨ ᠬᠠᠷᠭᠤᠭᠤᠯᠬᠤ ᠠᠵᠢᠯ ᠢ ᠬᠦᠢᠴᠡᠳᠭᠡᠨ᠎ᠡ᠃      ⒊ ᠬᠢᠨᠠᠨ ᠰᠢᠯᠭᠠᠬᠤ᠂ ᠲᠡᠭᠡᠭᠰᠢ ᠮᠡᠳᠡᠭᠦᠯᠬᠦ᠃ ᠬᠤᠰᠢᠭᠤ ᠲᠤᠭ᠎ᠠ ᠪᠦᠷᠢᠳᠭᠡᠯ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠨᠢ ᠡᠷᠳᠡᠨᠢ ᠰᠢᠰᠢ᠂ ᠰᠢᠷ᠎ᠠ ᠪᠤᠷᠴᠠᠭ ᠲᠠᠷᠢᠭᠰᠠᠨ ᠶᠡᠷᠦᠩᠬᠡᠢ ᠲᠠᠯᠠᠪᠠᠢ ᠶᠢ ᠳᠣᠭᠠᠴᠠᠵᠣ ᠬᠤᠷᠢᠶᠠᠩᠭᠤᠶᠢᠯᠠᠭᠠᠳ ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠤ ᠬᠤᠰᠢᠭᠤ ᠠᠷᠠᠳ ᠤᠨ ᠵᠠᠰᠠᠭ ᠤᠨ ᠤᠷᠳᠤᠨ ᠵᠦᠪᠰᠢᠶᠡᠷᠡᠭᠰᠡᠨ ᠤ ᠲᠠᠷᠠᠭ᠎ᠠ ᠨᠦᠬᠦᠪᠦᠷᠢ ᠮᠦᠩᠭᠦ ᠶᠢ ᠳᠠᠷᠬᠠᠭᠠᠨ᠎ᠠ᠃ ᠬᠤᠰᠢᠭᠤ ᠡᠳ᠋ ᠤᠨ ᠵᠠᠰᠠᠭ ᠤᠨ ᠲᠤᠪᠴᠢᠶ᠎ᠠ ᠨᠢ ᠨᠦᠬᠦᠪᠦᠷᠢ ᠮᠦᠩᠭᠦ ᠶᠢ ᠬᠦᠯᠢᠶᠠᠨ ᠠᠪᠤᠭᠰᠠᠨ ᠤ ᠲᠠᠷᠠᠭ᠎ᠠ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠦᠬᠦᠪᠦᠷᠢ ᠶᠢᠨ ᠪᠠᠷᠢᠮᠵᠢᠶ᠎ᠠ ᠪᠠᠷ ᠨᠡᠷᠡᠰ ᠤᠨ ᠪᠦᠷᠢᠳᠭᠡᠯ ᠶᠤᠰᠤᠭᠠᠷ ᠨᠦᠬᠦᠪᠦᠷᠢ ᠤᠯᠭᠤᠬᠤ ᠨᠠᠷᠠᠰ ᠢ ᠵᠢᠭᠰᠠᠭᠠᠨ ᠭᠠᠴᠠᠭ᠎ᠠ ᠲᠤᠰᠬᠤᠨ ᠤ ᠢᠯᠡ ᠨᠡᠶᠢᠳᠡᠯᠡᠬᠦ ᠲᠠᠪᠴᠠᠩ ᠲᠡᠭᠡᠷ᠎ᠡ 7 ᠡᠳᠦᠷ ᠨᠡᠶᠢᠳᠡᠯᠡᠨ᠎ᠡ᠃       ︵ᠭᠤᠷᠪᠠ︶ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠳᠤᠷ ᠬᠢᠨ᠎ᠡ᠃ ᠡᠯ᠎ᠡ ᠰᠤᠮᠤ ᠪᠠᠯᠭᠠᠰᠤ  ᠨᠢ ᠳᠦᠷᠦ ᠶᠢᠨ ᠪᠤᠳᠤᠯᠭ᠎ᠠ ᠤᠬᠠᠭᠤᠯᠬᠤ ᠬᠦᠴᠤᠯᠠᠴᠠ ᠪᠠᠨ ᠨᠡᠮᠡᠭᠳᠡᠭᠦᠯᠵᠤ ᠷᠠᠳᠢᠤ᠋᠂ ᠭᠠᠷ ᠤᠳᠠᠰᠤ᠂ ᠤᠬᠠᠭᠤᠯᠭ᠎ᠠ  ᠶᠢᠨ ᠳᠡᠪᠳᠡᠷ ᠪᠠ ᠺᠠᠳ᠋ᠷ ᠠᠵᠢᠯᠳᠠᠨ ᠠᠶᠢᠯ ᠡᠷᠦᠭᠡ ᠪᠠᠷ ᠬᠦᠨᠵᠡᠬᠡᠶᠢᠷᠡᠬᠦ ᠵᠡᠷᠭᠡ ᠠᠷᠭ᠎ᠠ ᠭᠡᠯᠪᠡᠷᠢ ᠶᠢ ᠭᠦᠢᠴᠡᠳ ᠠᠰᠢᠭᠯᠠᠵᠤ ᠡᠷᠳᠡᠨᠢ ᠰᠢᠰᠢ ᠦᠢᠯᠡᠳᠪᠦᠷᠢᠯᠡᠭᠴᠢᠳ ᠲᠤ ᠨᠦᠭᠦᠪᠦᠷᠢ ᠦᠭᠭᠦ ᠳᠦᠷᠢᠮ ᠤᠨ ᠬᠠᠮᠢᠶ᠎ᠠ ᠪᠦᠭᠦᠢ ᠠᠭᠤᠯᠭ᠎ᠠ  ᠶᠢ ᠦᠷᠭᠡᠨ ᠢᠶᠠᠷ ᠤᠬᠠᠭᠤᠯᠵᠤ ᠳᠦᠷᠦ ᠶᠢᠨ ᠪᠤᠳᠤᠯᠭ᠎ᠠ ᠶᠢᠨ ᠢᠯᠡ ᠳᠤᠳᠤ ᠴᠢᠨᠠᠷ ᠢ ᠨᠡᠮᠡᠭᠳᠡᠭᠦᠯᠦᠨ ᠦᠷᠭᠡᠨ ᠤᠯᠠᠨ ᠠᠷᠠᠳ ᠳᠦᠮᠡᠨ ᠵᠢᠴᠢ ᠡᠷᠳᠡᠨᠢ ᠰᠢᠰᠢ ᠦᠢᠯᠡᠳᠪᠦᠷᠢᠯᠡᠭᠴᠢᠳ ᠲᠤ ᠨᠦᠭᠦᠪᠦᠷᠢ ᠦᠭᠭᠦ ᠳᠦᠷᠦ ᠶᠢᠨ ᠪᠤᠳᠤᠯᠭ᠎ᠠ ᠶᠢᠨ ᠦᠢᠯᠡᠳᠦᠯ ᠢ ᠳᠤᠳᠤᠷᠬᠠᠢ ᠲᠠᠨᠢᠭᠤᠯᠵᠤ ᠨᠦᠭᠦᠪᠦᠷᠢ ᠤᠯᠭᠤᠬᠤ ᠡᠲᠡᠭᠡᠳ᠂ ᠪᠠᠷᠢᠮᠵᠢᠶ᠎ᠠ᠂ ᠳᠣᠭᠠᠴᠠᠵᠣ ᠦᠭᠭᠦ ᠠᠷᠭ᠎ᠠ ᠮᠠᠶ᠋ᠢᠭ ᠪᠤᠯᠤᠨ ᠴᠠᠭ ᠬᠤᠭᠤᠴᠠᠭ᠎ᠠ ᠵᠡᠷᠭᠡ ᠳᠦᠷᠦ ᠶᠢᠨ ᠪᠤᠳᠤᠯᠭ᠎ᠠ ᠶᠢᠨ ᠭᠤᠤᠯᠳᠠᠯᠭ᠎ᠠ  ᠶᠢ ᠡᠵᠡᠮᠳᠡᠨ ᠤᠯᠠᠨ ᠳᠦᠮᠡᠨ ᠤ ᠦᠭᠡᠷᠡᠴᠢᠯᠡᠯᠳᠡ ᠶᠢᠨ ᠳᠤᠬᠠᠢ ᠤᠶᠢᠯᠠᠭᠠᠯᠳᠠ ᠪᠠ ᠳᠡᠮᠵᠢᠯᠭᠡ ᠶᠢ ᠤᠯᠬᠤ ᠭᠡᠷᠡᠭᠳᠡᠢ᠃ ᠨᠦᠬᠦᠪᠦᠷᠢ ᠮᠦᠩᠭᠦ ᠶᠢ ᠳᠠᠷᠬᠠᠭᠠᠬᠤ ᠦᠷ᠎ᠡ ᠠᠰᠢᠭ ᠵᠢᠴᠢ ᠦᠢᠯᠡᠴᠢᠯᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠵᠣ ᠠᠷᠠᠳ ᠲᠤ ᠠᠰᠢᠭᠳᠠᠢ ᠲᠦᠷᠦ ᠶᠢᠨ ᠪᠤᠳᠤᠯᠭ᠎ᠠ ᠶᠢ ᠠᠰᠠᠭᠤᠨ ᠯᠠᠪᠯᠠᠬᠤ ᠪᠠ ᠢᠯᠡᠴᠢᠯᠡᠨ ᠮᠡᠳᠡᠬᠦᠯᠬᠦ ᠳᠤ ᠲᠦᠭᠦᠮ ᠦᠵᠡᠭᠦᠯᠬᠦ ᠶᠢᠨ ᠳᠣᠰᠠᠳᠠ ᠮᠠᠨ ᠤ ᠬᠤᠰᠢᠭᠤ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢ ᠳᠠᠷᠬᠠᠭᠠᠬᠤ ᠦᠢᠯᠡᠴᠢᠯᠡᠭᠡ ᠪᠡ ᠬᠢᠨᠠᠯᠳᠠ ᠲᠠᠯᠪᠢᠬᠤ ᠤᠳᠠᠰᠤ ᠳᠣᠬᠢᠷᠠᠭᠤᠯᠪᠠ ᠄ 0477-7212990   0477-7593099᠃       ᠡᠯ᠎ᠡ ᠰᠤᠮᠤ ᠪᠠᠯᠭᠠᠰᠤ ᠨᠦᠬᠦᠪᠦᠷᠢ ᠮᠦᠩᠭᠦ ᠶᠢ ᠬᠦᠯᠢᠶᠠᠨ ᠠᠪᠣᠭᠰᠠᠨ ᠤ ᠲᠠᠷᠠᠭ᠎ᠠ ᠲᠤᠬᠠᠢ ᠶᠢᠨ ᠭᠠᠵᠠᠷ ᠤᠨ  ᠢᠶᠠᠨ ᠪᠤᠳᠠᠳᠤ ᠪᠠᠶᠢᠳᠠᠯ ᠪᠠ ᠬᠠᠮᠢᠶ᠎ᠠ ᠪᠦᠬᠦᠢ ᠲᠦᠷᠢᠮ ᠲᠤᠭᠳᠠᠭᠠᠯ ᠢ ᠦᠨᠳᠦᠰᠦᠯᠡᠨ ᠨᠦᠬᠦᠪᠦᠷᠢ ᠮᠦᠩᠭᠦ ᠶᠢᠨ ᠳᠣᠭᠠᠴᠠᠯᠳᠠ ᠶᠢ ᠲᠦᠷᠭᠡᠳᠭᠡᠵᠤ ᠨᠦᠬᠦᠪᠦᠷᠢ ᠮᠦᠩᠭᠦᠨ ᠤ ᠬᠠᠮᠢᠶᠠᠷᠤᠯᠳᠠ ᠶᠢ ᠴᠢᠩᠭᠠᠳᠬᠠᠨ 2019 ᠤᠨ ᠤ 11 ᠰᠠᠷ᠎ᠠ ᠶᠢᠨ ᠰᠡᠭᠦᠯᠴᠢ ᠠᠴᠠ ᠡᠮᠦᠨ᠎ᠡ ᠨᠦᠬᠦᠪᠦᠷᠢ ᠮᠦᠩᠭᠦ ᠶᠢ ᠳᠣᠭᠠᠴᠠᠵᠣ ᠦᠭᠬᠦ ᠠᠵᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠬᠤᠰᠢᠭᠤ ᠡᠳ᠋ ᠤᠨ ᠵᠠᠰᠠᠭ ᠤᠨ ᠲᠤᠪᠴᠢᠶᠠᠨ ᠳᠤ ᠮᠡᠳᠡᠭᠦᠯᠦᠨ᠎ᠡ᠃       ᠲᠠᠭᠠᠯᠳᠤᠭᠤᠯᠤᠯ᠄ 2019 ᠤᠨ ᠤ ᠦᠤᠰᠢᠨ ᠬᠤᠰᠢᠭᠤᠨ ᠤ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢᠯᠡᠬᠦ ᠨᠦᠬᠦᠪᠦᠷᠢ ᠮᠦᠩᠬᠦᠨ ᠬᠦᠰᠦᠨᠦᠭᠳᠤ
       ᠲᠤᠳᠤᠷᠬᠠᠶᠢᠯᠠᠯᠳᠠ᠄ 2019 ᠤᠨ ᠤ ᠡᠷᠳᠡᠨᠢ ᠰᠢᠰᠢ ᠶᠢᠨ ᠨᠦᠬᠦᠪᠦᠷᠢ ᠶᠢᠨ ᠪᠡᠯᠡ ᠮᠦᠩᠭᠦ 2854.1 ᠲᠦᠮᠡᠨ ᠲᠦᠭᠦᠷᠢᠭ᠂ ᠨᠦᠬᠦᠪᠦᠷᠢᠯᠡᠬᠦ ᠲᠠᠯᠠᠪᠠᠢ 453690 ᠮᠤ᠋᠂ ᠮᠤ᠋ ᠪᠦᠷᠢ ᠳᠤ  62.91ᠲᠦᠭᠦᠷᠢᠭ ᠨᠦᠬᠦᠪᠦᠷᠢᠯᠡᠨ᠎ᠠ︔ ᠰᠢᠷ᠎ᠠ ᠪᠤᠷᠴᠠᠭ ᠤᠨ ᠨᠦᠬᠦᠪᠦᠷᠢ ᠶᠢᠨ ᠪᠡᠯᠡ ᠮᠦᠩᠭᠦ 292.1 ᠲᠦᠮᠡᠨ ᠲᠦᠭᠦᠷᠢᠭ᠂ ᠨᠦᠬᠦᠪᠦᠷᠶᠢᠯᠡᠬᠦ ᠲᠠᠯᠠᠪᠠᠢ 11295 ᠮᠤ᠋᠂ ᠮᠤ᠋ ᠪᠦᠷᠢ ᠳᠤ 258.61 ᠲᠦᠭᠦᠷᠢᠭ ᠨᠦᠬᠦᠪᠦᠷᠢᠯᠡᠨ᠎ᠠ᠃
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号