ᠰᠢᠨᠡᠳᠤᠨ ᠬᠤᠪᠢᠷᠠᠬᠰᠠᠨ ᠸᠠᠩ ᠶᠤᠤ ᠸᠠᠨ ᠳᠤᠰᠬᠤᠨ
ᠨᠡᠶᠢᠲᠡᠯᠡᠭᠰᠡᠨ ᠴᠠᠭ᠄
2019-10-25
     ᠰᠤᠷᠪᠤᠯᠵᠢᠯᠠᠬᠴᠢ ᠰᠢᠷᠬᠤᠰᠤᠨ ᠪᠠᠯᠭᠠᠰᠤᠨ ᠤ ᠸᠠᠩ ᠶᠤᠦ ᠸᠠᠨ ᠲᠤᠰᠬᠤᠨ ᠤ ᠸᠧᠢ ᠯᠢᠨ ᠯᠢᠨ ᠤ ᠭᠡᠷ ᠲᠤ ᠤᠴᠢᠬᠤ ᠳᠤ᠂ ᠤᠯᠠᠭᠠᠨ ᠲᠤᠭᠤᠰᠬᠠᠨ ᠨᠠᠷᠢᠨ ᠵᠠᠮ ᠴᠡᠪᠡᠷ ᠲᠡᠭᠰᠢᠬᠡᠨ ᠬᠠᠷᠠᠭᠳᠠᠵᠦ᠂ ᠬᠠᠰᠢᠶ ᠎ᠠ ᠰᠠᠷᠠᠪᠴᠢ ᠪᠠᠨ ᠡᠪᠳᠡᠢ ᠲᠦᠯᠦᠪᠵᠢᠬᠦᠯᠤᠨ ᠪᠠᠶᠢᠷᠢᠯᠠᠭᠤᠯᠵᠦ᠂ ᠦᠨᠴᠤᠭ᠌ ᠪᠤᠯᠤᠩ ᠳᠤ ᠪᠠᠶᠢᠭ᠎ᠠ ᠲᠦᠯᠡᠭᠡ ᠮᠤᠳᠤ ᠨᠢ ᠴᠦ ᠳᠡᠷᠢ ᠳᠡᠭᠰᠢ ᠬᠠᠷᠠᠭᠳᠠᠨ᠎ᠠ᠃ ᠲᠤᠰᠬᠤᠨ ᠤ ᠠᠷᠠᠳ ᠸᠧᠢ ᠯᠢᠨ ᠯᠢᠨ ᠤ ᠬᠢᠨ ᠪᠤᠯ ᠲᠤᠰᠬᠤᠨ ᠤ ᠳᠠᠭᠤᠷᠢᠶᠠᠯ ᠦᠵᠡᠬᠦᠯᠬᠦ ᠡᠷᠦᠬᠡ ᠮᠦᠨ᠂ ᠲᠤᠰᠬᠤᠨ ᠠᠴᠠ ᠲᠡᠳᠡᠨ ᠤ ᠬᠢᠨ ᠢ ᠬᠠᠪᠰᠤᠷᠤᠨ ᠲᠦᠯᠦᠪᠵᠢᠬᠦᠯᠦᠭᠰᠡᠨ ᠢᠶᠠᠷ ᠵᠢᠵᠢᠭ ᠬᠦᠷᠢᠶ ᠎ᠠ ᠨᠢ ᠴᠡᠪᠡᠷ ᠴᠡᠮᠴᠡᠬᠡᠷ ᠪᠤᠯᠵᠦ᠂ ᠲᠡᠳᠡᠨ ᠤ ᠠᠮᠢᠳᠤᠷᠠᠯ ᠨᠢ ᠴᠦ ᠡᠳᠤᠷ ᠠᠴᠠ ᠡᠳᠤᠷ ᠦᠭᠡᠳᠡ ᠡᠰᠡᠷᠡᠭ ᠪᠤᠯᠵᠤ ᠪᠠᠶᠢᠨ᠎ᠠ᠃      ︽ᠤᠤᠯ ᠨᠢ ᠮᠢᠨᠦ ᠡᠨᠡ ᠬᠦᠷᠢᠶ ᠎ᠠ ᠪᠦᠷ ᠰᠢᠪᠠᠷ ᠰᠢᠷᠤᠢ ᠪᠠᠷ ᠲᠦᠬᠦᠷᠴᠦ ᠪᠠᠶᠢᠵᠡᠢ᠂ ᠪᠤᠷᠤᠭᠠᠨ ᠤᠷᠤᠭᠰᠠᠭᠠᠷ ᠰᠢᠪᠠᠷ ᠱᠠᠯᠴᠢᠭ ᠢᠶᠠᠷ ᠶᠠᠪᠤᠵᠦ ᠰᠠᠭᠤᠬᠤ ᠳᠤ ᠳᠦᠬᠦᠮ ᠦᠭᠡᠢ ᠪᠠᠶᠢᠭᠰᠠᠨ᠂ ᠡᠨᠡ ᠵᠢᠯ ᠪᠢᠳᠡᠨ ᠳᠤ ᠲᠤᠭᠤᠰᠬᠠᠨ ᠵᠠᠮ ᠲᠠᠪᠢᠰᠴᠦ᠂ ᠪᠠᠰᠠ ᠬᠤᠨᠢᠨ ᠬᠤᠷᠤᠭ᠎ᠠ ᠶᠢ ᠵᠠᠰᠠᠵᠦ᠂ ᠪᠢᠳᠡᠨ ᠤ ᠠᠷᠰᠠᠷ ᠵᠦᠢᠯ ᠪᠦᠷ ᠲᠠᠯᠪᠢᠬᠤ ᠭᠠᠵᠠᠷ ᠲᠠᠢ ᠪᠤᠯᠤᠬᠰᠠᠨ ᠢᠶᠠᠷ ᠬᠦᠷᠢᠶ᠎ᠠ ᠬᠠᠰᠢᠶ᠎ᠠ ᠮᠠᠨᠢ ᠴᠡᠪᠡᠷ ᠴᠡᠮᠴᠡᠭᠡᠷ ᠪᠤᠯᠤᠯ᠎ᠠ︾ ᠭᠡᠵᠤ ᠸᠧᠢ ᠯᠢᠨ ᠯᠢᠨ ᠰᠤᠷᠪᠤᠯᠵᠢᠯᠠᠬᠴᠢ ᠳᠤ ᠪᠠᠶᠠᠷᠯᠠᠨ ᠶᠠᠷᠢᠨ᠎ᠠ᠃      ᠸᠠᠩ ᠶᠤᠦ ᠸᠠᠨ ᠲᠤᠰᠬᠤᠨ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠦ᠂ ᠲᠤᠰᠬᠤᠨ ᠤ ᠠᠷᠠᠳ ᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠰᠠᠶᠢᠵᠢᠷᠠᠭᠤᠯᠤᠨ᠂ ᠠᠶᠢᠯ ᠡᠷᠦᠬᠡ ᠪᠤᠯᠭᠠᠨ ᠦᠵᠡᠰᠬᠦᠯᠡᠩᠳᠦ ᠰᠠᠶᠢᠬᠠᠨ ᠬᠦᠷᠢᠶ ᠎ᠠ ᠬᠠᠰᠢᠶ ᠎ᠠ ᠶᠢ ᠪᠦᠳᠤᠭᠡᠨ ᠪᠠᠶᠢᠭᠤᠯᠵᠦ᠂ ᠦᠡᠭᠭᠡᠷᠡᠭᠰᠡᠨ ᠤ ᠰᠢᠪᠠᠷ ᠰᠢᠷᠤᠢ ᠶᠢᠨ ᠵᠠᠮ ᠨᠢ ᠳᠠᠷᠳᠠᠩ ᠰᠠᠷᠠᠭᠤᠯ ᠴᠠᠷᠳᠠᠮᠠᠯ ᠵᠠᠮ ᠪᠤᠯᠵᠦ ᠰᠤᠨᠤᠯᠵᠠᠭᠠᠳ ᠳᠤᠰᠬᠤᠨ ᠤ ᠳᠦᠷᠬᠦ ᠪᠠᠶᠢᠳᠠᠯ ᠨᠢ ᠴᠣ᠋ ᠰᠢᠨ᠎ᠠ ᠦᠡᠭᠭᠡ ᠳᠦᠷᠰᠦ ᠪᠠᠷ ᠰᠤᠯᠢᠬᠳᠠᠬᠰᠠᠨ ᠪᠠᠶᠢᠨ᠎ᠠ᠃      ︽ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ︾ ᠢ ᠪᠦᠳᠤᠭᠡᠨ ᠪᠠᠶᠢᠭᠤᠯᠬᠤ ᠠᠵᠢᠯ ᠢ ᠸᠠᠩ ᠶᠤᠦ ᠸᠠᠨ ᠲᠤᠰᠬᠤᠨ ᠤ ᠬᠢᠨ ᠪᠠᠶᠢᠡᠭᠭᠤ ᠶᠢᠨ ᠴᠢᠨᠠᠷᠳᠠᠢ ᠠᠳᠬᠤᠨ᠂ ᠲᠤᠰᠬᠤᠨ ᠳᠤ ᠤᠷᠳᠤ ᠬᠤᠭᠤᠴᠠᠭᠠᠨ ᠤ ᠪᠦᠳᠦᠮᠵᠢᠳᠡᠢ ᠬᠠᠮᠢᠶᠠᠷᠤᠯᠳᠡ ᠶᠢᠨ ᠠᠷᠭ᠎ᠠ ᠭᠡᠮᠵᠢᠶ᠎ᠠ ᠶᠢ ᠲᠤᠭᠳᠠᠭᠠᠪᠠ᠃ ︽ᠲᠤᠰᠬᠤᠨ ᠤ ᠵᠦᠪᠯᠡᠯ ᠲᠦᠷᠦᠬᠦᠯᠡᠨ᠂ ᠬᠤᠷᠰᠢᠶ ᠎ᠠ ᠪᠤᠯᠭᠠᠨ ᠤ ᠡᠷᠦᠬᠡ ᠪᠦᠷᠢ ᠳᠤ ᠬᠦᠷᠴᠦ ᠰᠤᠭᠤᠴᠢᠨ ᠪᠠᠶᠢᠴᠠᠭᠠᠯᠳᠡ ᠬᠢᠳᠡᠭ᠃ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠨᠢ ᠮᠠᠨ ᠤ ᠡᠨᠡ ᠠᠵᠦ ᠦᠢᠯᠡᠰ ᠲᠠᠢ ᠵᠤᠬᠢᠬᠤ ᠬᠤᠯᠪᠤᠭ᠎ᠠ ᠲᠠᠢ᠃ ᠵᠢᠱᠢᠶᠠᠯᠠᠪᠠᠯ ᠡᠨᠡ ᠬᠦ ᠲᠦᠰᠦᠯ ᠳᠤ ᠲᠤᠭᠳᠠᠭᠠᠭᠰᠠᠨ ᠢᠶᠠᠷ᠄ ᠵᠢᠯ ᠤᠨ ᠲᠦᠷᠪᠡᠨ ᠤᠯᠠᠷᠢᠯ ᠤᠨ ᠲᠤᠷᠰᠢ ᠤᠷᠳᠤ ᠬᠤᠭᠤᠴᠠᠭ᠎ᠠ ᠪᠠᠷ ᠤᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠵᠦ ᠴᠢᠳᠠᠪᠠᠯ ᠪᠢᠳᠡ ᠱᠡᠩᠨᠠᠨ ᠬᠦᠬᠢᠬᠦᠯᠦᠨ᠎ᠠ︾ ᠬᠡᠵᠦ ᠦᠥᠰᠢᠨ ᠬᠤᠰᠢᠭᠤᠨ ᠤ ᠰᠢᠷᠬᠤᠰᠤᠨ ᠪᠠᠯᠭᠠᠰᠤᠨ ᠤ ᠨᠠᠮ ᠤᠨ ᠡᠬᠦᠷ ᠤᠨ ᠱᠦᠵᠢ ᠬᠡᠯᠡᠵᠦ ᠪᠠᠶᠢᠯ ᠎ᠠ᠃       ᠳᠤᠰᠬᠤᠨ ᠤ ᠠᠷᠠᠳ ᠤᠨ ᠬᠦᠷᠢᠶ ᠎ᠠ ᠬᠠᠰᠢᠶ᠎ᠠ ᠴᠡᠪᠡᠷ ᠰᠠᠶᠢᠬᠠᠨ ᠪᠤᠯᠵᠦ ᠬᠤᠪᠢᠷᠠᠬᠰᠠᠨ ᠠᠴᠠ ᠭᠠᠳᠠᠨ᠎ᠠ᠂ ᠳᠤᠰᠬᠤᠨ ᠤ ᠠᠷᠠᠳ ᠤᠨ ᠵᠦᠪᠯᠡᠯ ᠴᠦ ᠳᠤᠰᠬᠤᠨ ᠤ ᠤᠢᠢᠷ᠎ᠠ ᠬᠠᠪᠢ ᠶᠢᠨ ᠤᠷᠴᠢᠨ ᠲᠤᠭᠤᠷᠢᠨ ᠢ ᠢᠳᠡᠪᠬᠢᠳᠡᠢ ᠵᠠᠰᠠᠨ ᠴᠡᠪᠡᠷᠯᠡᠵᠤ ᠪᠤᠢ᠃ ᠲᠤᠰᠬᠤᠨ ᠤ ᠺᠠᠳ᠋ᠷ ᠳᠤᠰᠬᠤᠨ ᠤ ᠠᠷᠠᠳ ᠢ ᠳᠠᠭᠠᠭᠤᠯᠤᠨ ᠵᠠᠮ ᠤᠨ ᠬᠤᠭ ᠨᠤᠪᠰᠢ ᠶᠢ ᠴᠡᠪᠡᠷᠯᠡᠨ ᠠᠷᠢᠯᠭᠠᠵᠦ᠂ ᠲᠤᠭᠳᠠᠭᠠᠯ ᠢ ᠵᠦᠷᠢᠴᠡᠨ ᠪᠠᠶᠢᠭᠤᠯᠤᠭᠰᠠᠨ ᠬᠠᠰᠢᠶ᠎ᠠ ᠬᠡᠷᠡᠮ ᠢ ᠨᠤᠷᠠᠭᠠᠵᠦ᠂ ᠲᠤᠰᠬᠤᠨ ᠤ ᠠᠷᠠᠳ ᠤᠨ ᠶᠠᠪᠤᠵᠦ ᠰᠠᠭᠤᠬᠤ ᠳᠤ ᠲᠦᠬᠦᠮ ᠦᠬᠡᠢ ᠵᠡᠷᠬᠡ ᠡᠯ᠎ᠠ ᠵᠦᠢᠯ ᠤᠨ ᠠᠰᠠᠭᠤᠳᠠᠯ ᠢ ᠰᠢᠢᠳᠪᠦᠷᠢᠯᠡᠪᠠ᠃ ᠸᠠᠩ ᠶᠤᠦ ᠸᠠᠨ ᠲᠤᠰᠬᠤᠨ ᠵᠤᠷᠯᠤᠩ ᠤᠨ ᠬᠤᠪᠢᠰᠬᠠᠯ ᠤᠨ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠤᠨ᠂ ᠲᠤᠰᠬᠤᠨ ᠤ ᠠᠷᠠᠳ ᠵᠢᠶᠠᠩ ᠱᠢ ᠯᠦ ᠪᠤᠯ ᠳᠦᠷᠦᠬᠦᠦ ᠪᠦᠯᠦᠭ ᠤᠰᠤ ᠪᠠᠷ ᠵᠠᠶᠢᠯᠠᠬᠤ ᠵᠤᠷᠯᠤᠩ ᠤᠨ ᠬᠤᠭᠤᠯᠠᠢ ᠲᠠᠷᠤᠭᠰᠠᠨ ᠳᠠᠭᠤᠷᠢᠶᠠᠯ ᠦᠵᠡᠬᠦᠯᠬᠦ ᠡᠷᠦᠬᠡ ᠪᠤᠯᠤᠨ᠎ᠠ᠃ ᠰᠠᠶᠢᠨ ᠲᠦᠷᠦ ᠶᠢᠨ ᠪᠤᠳᠤᠯᠭ᠎ᠠ ᠪᠠᠶᠢᠬᠤ ᠶᠢ ᠰᠤᠨᠤᠰᠤᠭᠠᠳ᠂ ᠲᠠᠷᠠ ᠬᠠᠮᠤᠭ ᠲᠦᠷᠦᠬᠦᠨ ᠳᠤ ᠨᠡᠷ ᠎ᠠ ᠪᠠᠨ ᠮᠡᠳᠡᠬᠦᠯᠦᠭᠰᠡᠨ ᠪᠠᠶᠢᠵᠡᠢ᠃ ︽ᠨᠢᠳᠤᠨᠤᠨ ᠨᠠᠮᠤᠷ ᠤᠭᠰᠠᠷᠠᠵᠡᠢ᠃ ᠬᠤᠪᠢ ᠠᠶᠢᠯ ᠤᠭᠰᠠᠷᠠᠵᠦ ᠪᠤᠯᠤᠨ᠎ᠠ ᠬᠡᠳ ᠪᠢᠳᠡ ᠲᠡᠷᠤᠢ ᠨᠠᠷ ᠎ᠠ ᠮᠡᠳᠡᠬᠦᠯᠵᠡᠢ᠂ ᠡᠨᠡ ᠨᠢ ᠪᠢᠳᠡᠨ ᠤ ᠠᠮᠢᠳᠤᠷᠠᠯ ᠳᠤ ᠲᠤᠩ ᠲᠦᠬᠦᠮ ᠦᠵᠡᠬᠦᠯᠵᠦ ᠪᠠᠶᠢᠨ᠎ᠠ︾ ᠬᠡᠵᠦ ᠸᠠᠩ ᠶᠤᠦ ᠸᠠᠨ ᠲᠤᠰᠬᠤᠨ ᠤ ᠠᠷᠠᠳ ᠵᠢᠶᠠᠩ ᠱᠢ ᠯᠦ ᠤᠷᠮᠠᠳᠠᠶᠢᠬᠠᠨ ᠶᠠᠷᠢᠨ᠎ᠠ᠃      ᠵᠤᠷᠯᠤᠩ ᠤᠨ ᠦᠭᠡᠷᠡᠴᠢᠯᠡᠯᠳᠡ ᠨᠢ ᠪᠠᠰᠠ ᠭᠠᠭ᠋ᠠᠢ ᠲᠡᠵᠢᠬᠡᠬᠦ ᠡᠷᠦᠬᠡ ᠳᠤ ᠨᠦᠯᠦᠬᠡ ᠦᠵᠡᠬᠦᠯᠵᠡᠢ᠃ ᠯᠦ ᠵᠦᠡᠭ ᠫᠢᠡᠭ ᠪᠤᠯ ᠸᠠᠩ ᠶᠤᠦ ᠸᠠᠨ ᠲᠤᠰᠬᠤᠨ ᠤ ᠭᠠᠭ᠋ᠠᠢ ᠲᠡᠵᠢᠬᠡᠬᠦ ᠲᠤᠮᠦ ᠡᠷᠦᠬᠡ ᠪᠤᠯᠤᠨ᠎ᠠ᠃ ᠮᠦᠨ ᠴᠦ ᠤᠷᠢᠳ ᠢᠶᠠᠷ ᠭᠠᠭ᠋ᠠᠢ ᠲᠠᠵᠢᠬᠡᠬᠦ ᠲᠠᠯᠠᠪᠠᠢ ᠳᠤ ᠪᠠᠭᠠᠰᠤᠨ ᠲᠠᠳᠠᠭᠠᠯ ᠲᠠᠷᠤᠭᠰᠠᠨ ᠡᠷᠦᠬᠡ ᠪᠤᠯᠤᠨ᠎ᠠ᠃ ︽ᠳᠤᠰ ᠳᠠᠳᠠᠭᠠᠯ ᠢ ᠤᠬᠰᠠᠷᠠᠬᠰᠠᠨ ᠢᠶᠠᠷ ᠦᠨᠦᠷ ᠨᠢ ᠤᠤᠯ ᠠᠴᠠ ᠪᠠᠨ ᠪᠠᠭ᠎ᠠ ᠪᠤᠯᠵᠡᠢ᠃ ᠤᠳᠤ ᠦᠮᠡᠬᠡᠢ ᠦᠨᠦᠷ ᠨᠢ ᠦᠨᠦᠷᠳᠦᠬᠦ ᠦᠬᠡᠢ ᠪᠤᠯᠵᠡᠢ︾ ᠬᠡᠵᠦ ᠯᠦ ᠵᠦᠡᠭ ᠫᠢᠡᠭ ᠶᠠᠷᠢᠨ᠎ᠠ᠃        ᠡᠨᠡ ᠵᠢᠯ ᠤᠨ 4 ᠰᠠᠷ ᠎ᠠ ᠳᠤ᠂ ᠦᠪᠡᠷᠳᠡᠬᠡᠨ ᠵᠠᠰᠠᠬᠤ ᠤᠷᠤᠨ ︽ᠮᠢᠩᠭᠠᠨ ᠭᠠᠴᠠᠭ᠎ᠠ ᠲᠤᠰᠬᠤᠨ ᠵᠢᠱᠢᠶ ᠎ᠠ ᠦᠵᠡᠬᠦᠯᠵᠦ᠂ ᠲᠦᠮᠡᠨ ᠭᠠᠴᠠᠭ᠎ᠠ ᠲᠤᠰᠬᠤᠨ ᠠᠵᠢᠯᠯᠠᠭ᠋ ᠎ᠠ ᠦᠷᠨᠢᠬᠦᠯᠬᠦ︾ ᠢᠨᠵᠧᠨᠧᠷᠢᠩ ᠢ ᠡᠬᠢᠯᠡᠨ ᠬᠡᠷᠡᠭᠵᠢᠬᠦᠯᠵᠦ ᠂ 2020 ᠤᠨ ᠪᠤᠯᠬᠤ ᠳᠤ᠂ 1000 ᠵᠠᠰᠠᠭ ᠵᠠᠬᠢᠷᠭᠠᠨ ᠤ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠬᠦᠯᠦᠨ᠎ᠠ᠃ ᠸᠠᠩ ᠶᠤᠦ ᠸᠠᠨ ᠲᠤᠰᠬᠤᠨ ᠲᠦᠷᠦ ᠶᠢᠨ ᠪᠤᠳᠤᠯᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠦ᠂ ᠳᠦᠷᠦᠬᠦᠦ ᠪᠦᠯᠦᠭ ᠮᠢᠩᠭᠠᠨ ᠲᠤᠰᠬᠤᠨ ᠤ ᠵᠢᠱᠢᠶ ᠎ᠠ ᠦᠵᠡᠬᠦᠯᠬᠦ ᠲᠤᠰᠬᠤᠨ ᠪᠤᠯᠬᠤ ᠪᠠᠷ ᠴᠢᠷᠮᠠᠶᠢᠵᠦ᠂ ᠬᠦᠮᠦᠰ ᠤᠨ ᠤᠷᠤᠰᠢᠨ ᠠᠮᠢᠳᠤᠷᠠᠬᠤ ᠤᠷᠴᠢᠨ ᠲᠤᠭᠤᠷᠢᠨ ᠢ ᠢᠯᠡᠳᠳᠡ ᠰᠠᠶᠢᠵᠢᠷᠠᠭᠤᠯᠤᠨ᠂ ᠠᠶᠢᠯ ᠲᠤᠰᠬᠤᠨ ᠤ ᠤᠷᠴᠢᠨ ᠲᠤᠭᠤᠷᠢᠨ ᠢ ᠦᠨᠳᠦᠰᠦᠨ ᠳᠡᠭᠡᠨ ᠴᠡᠪᠡᠷ ᠲᠡᠭᠰᠢ ᠡᠮᠬᠢ ᠲᠢᠭᠯᠢᠮ ᠲᠠᠢ ᠪᠤᠯᠭᠠᠵᠦ᠂ ᠲᠤᠰᠬᠤᠨ ᠤ ᠠᠷᠠᠳ ᠤᠨ ᠤᠷᠴᠢᠨ ᠲᠤᠭᠤᠷᠢᠨ ᠪᠤᠯᠤᠨ ᠡᠷᠡᠬᠦᠯ ᠮᠡᠨᠳᠦ ᠶᠢᠨ ᠤᠬᠠᠮᠰᠠᠷ ᠢ ᠨᠡᠶᠢᠳᠡᠮ ᠳᠤᠨᠢ ᠳᠡᠭᠡᠭᠰᠢᠯᠡᠬᠦᠯᠤᠨ᠂ ᠲᠤᠰᠬᠤᠨ ᠤ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠰᠢᠰᠲ᠋ᠧᠮ ᠢ ᠨᠡᠶᠢᠳᠡᠮ ᠪᠦᠷᠬᠦᠬᠦᠯᠵᠦ᠂ ᠲᠤᠰᠬᠤᠨ ᠤ ᠡᠷᠦᠬᠡ ᠶᠢᠨ ᠵᠤᠷᠯᠤᠩ ᠢ ᠦᠬᠡᠷᠡᠴᠢᠯᠡᠨ ᠵᠠᠰᠠᠬᠤ ᠡᠬᠦᠷᠭᠡ ᠶᠢ 100% ᠪᠠᠷ ᠪᠡᠶᠡᠯᠡᠬᠦᠯᠬᠦ ᠪᠠᠷ ᠪᠤᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号