ᠰᠢᠷᠬᠤᠰᠤᠨ ᠪᠠᠯᠭᠠᠰᠤᠨ ᠤ 3000 ᠮᠦ ᠤᠰᠤᠨ ᠲᠤᠲᠤᠷᠭ᠎ᠠ ᠡᠯᠪᠡᠭ ᠬᠤᠷᠢᠶᠠᠯᠲᠠ ᠣᠯᠣᠯ᠎ᠠ
ᠨᠡᠶᠢᠲᠡᠯᠡᠭᠰᠡᠨ ᠴᠠᠭ᠄
2019-10-25
      ᠣᠶᠢᠷ᠎ᠠ ᠶᠢᠨ ᠡᠳᠦᠷ᠂ ᠰᠢᠷᠬᠤᠰᠤᠨ ᠪᠠᠯᠭᠠᠰᠤ 3000 ᠮᠦ ᠤᠰᠤᠨ ᠲᠤᠲᠤᠷᠭ᠎ᠠ ᠶᠢᠨ ᠲᠠᠷᠢᠶ᠎ᠠ ᠪᠠᠨ ᠬᠤᠷᠢᠶᠠᠵᠤ ᠡᠬᠢᠯᠡᠪᠡ᠃ ᠲᠥᠰᠥᠪᠯᠡᠭᠰᠡᠨ ᠢᠶᠠᠷ ᠡᠨᠡ ᠵᠢᠯ ᠤᠨ ᠤᠰᠤᠨ ᠲᠤᠲᠤᠷᠭ᠎ᠠ ᠶᠢᠨ ᠶᠡᠷᠦᠩᠬᠡᠶ ᠦᠶᠯᠡᠳᠬᠦᠨ ᠤ ᠥᠷᠲᠡᠭ ᠪᠠᠷᠤᠭ 5000 ᠭᠠᠷᠤᠶ ᠲᠦᠮᠡᠨ ᠲᠥᠭᠦᠷᠢᠭ ᠲᠤ ᠬᠦᠷᠬᠦ ᠪᠠᠷ ᠪᠠᠶᠢᠨ᠎ᠠ᠃ ᠰᠤᠷᠪᠤᠯᠵᠢᠯᠠᠭᠴᠢ ᠶᠢ ᠤᠴᠢᠬᠤ ᠳᠤ ᠡᠨᠡ ᠵᠢᠯ ᠤᠨ ᠰᠢᠨ᠎ᠡ ᠪᠠᠷ ᠨᠡᠭᠡᠭᠡᠭᠰᠡᠨ 800 ᠮᠦ ᠤᠰᠤᠨ ᠲᠤᠲᠤᠷᠭᠠᠨ ᠲᠠᠷᠢᠶᠠᠨ ᠳᠤ ᠲᠣᠮᠣ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠰᠦᠯᠵᠢᠯᠳᠦᠵᠦ ᠮᠥᠷ ᠮᠥᠷ ᠠᠯᠲᠠᠨ ᠰᠢᠷᠭᠠᠯ ᠲᠤᠲᠤᠷᠭ᠎ᠠ ᠶᠢᠨ ᠲᠠᠷᠢᠶ᠎ᠠ ᠨᠢ ᠠᠯᠲᠠᠨ ᠨᠠᠮᠤᠷ ᠤᠨ ᠡᠯᠪᠡᠭ ᠬᠤᠷᠢᠶᠠᠯᠲᠠ ᠶᠢᠨ ᠪᠠᠶᠠᠷᠲᠤ ᠮᠥᠴᠡ ᠶᠢ ᠬᠠᠷᠠᠭᠤᠯᠵᠤ ᠪᠠᠶᠢᠯ᠎ᠠ᠃ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠬᠠᠳᠤᠵᠤ ᠬᠤᠷᠢᠶᠠᠬᠤ ᠶᠢ ᠮᠠᠰᠢᠨᠴᠢᠯᠠᠭᠰᠠᠨ ᠠᠴᠠ ᠬᠥᠳᠡᠯᠮᠦᠷᠢ ᠬᠦᠴᠦ ᠴᠠᠭ ᠢ ᠶᠡᠬᠡᠪᠡᠷ ᠠᠷᠪᠢᠯᠠᠵᠤ ᠨᠢᠭᠡ ᠰᠠᠭᠤᠷᠢ ᠮᠠᠰᠢᠨ ᠨᠢᠭᠡ ᠡᠳᠦᠷ ᠲᠤ 50 ᠭᠠᠷᠤᠶ ᠮᠦ ᠬᠠᠳᠤᠵᠤ ᠬᠤᠷᠢᠶᠠᠳᠠᠭ ᠭᠡᠵᠦ ᠪᠠᠶᠢᠯ᠎ᠠ᠃      ᠡᠨᠡ ᠵᠢᠯ ᠰᠢᠷᠬᠤᠰᠤᠨ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠠᠵᠠᠷ ᠰᠢᠷᠣᠶ ᠶᠢ ᠨᠢ ᠳᠡᠭᠰᠢᠯᠡᠬᠦ᠂ ᠭᠤᠤᠯ ᠤᠨ ᠤᠰᠤᠨ ᠤ ᠵᠠᠮ ᠰᠤᠪᠠᠭ ᠢ ᠨᠡᠪᠲᠡᠷᠡᠬᠦᠯᠬᠦ᠂ ᠤᠰᠤᠨ ᠲᠤᠲᠤᠷᠭ᠎ᠠ ᠶᠢᠨ ᠲᠠᠷᠢᠶᠠᠨ ᠤ ᠡᠪᠡᠰᠦ ᠶᠢ ᠠᠷᠢᠯᠭᠠᠬᠤ ᠵᠡᠷᠭᠡ ᠠᠷᠭ᠎ᠠ ᠬᠡᠮᠵᠢᠶ᠎ᠡ ᠶᠢ ᠠᠪᠤᠭᠰᠠᠨ ᠳᠡᠭᠡᠷ᠎ᠡ ᠴᠠᠭ ᠠᠭᠤᠷ ᠤᠨ ᠭᠠᠮᠰᠢᠭ ᠤᠨ ᠨᠥᠯᠥᠭᠡ ᠶᠢ ᠬᠦᠷᠲᠡᠭᠰᠡᠨ ᠦᠭᠡᠢ ᠠᠴᠠ ᠤᠷᠭᠤᠯᠲᠠ ᠨᠢ ᠰᠠᠶᠢᠨ ᠪᠠᠶᠢᠵᠤ ᠤᠰᠤᠨ ᠲᠤᠲᠤᠷᠭ᠎ᠠ ᠶᠢᠨ ᠬᠤᠷᠢᠶᠠᠯᠲᠠ ᠬᠠᠮᠤᠭ ᠤᠨ ᠰᠠᠶᠢᠨ ᠨᠢᠭᠡ ᠵᠢᠯ ᠪᠣᠯᠵᠠᠶ᠃      ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢᠨ ᠳᠠᠪᠠᠭᠤᠯᠢᠭ ᠲᠤ ᠲᠦᠰᠢᠭᠯᠡᠨ 2012 ᠣᠨ ᠳᠤ ᠰᠢᠷᠬᠤᠰᠤᠨ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠲᠣᠰᠬᠤᠨ ᠤ ᠲᠠᠷᠠᠬᠠᠢ ᠪᠤᠲᠠᠷᠬᠠᠶ ᠭᠠᠵᠠᠷ ᠰᠢᠷᠣᠶ ᠶᠢ ᠡᠮᠬᠢᠳᠬᠡᠨ ᠨᠡᠶᠢᠯᠡᠭᠦᠯᠵᠦ᠂ ᠰᠢᠯᠵᠢᠭᠦᠯᠦᠨ ᠠᠰᠢᠭᠯᠠᠵᠤ᠂ ᠲᠥᠪᠯᠡᠷᠡᠭᠦᠯᠦᠨ ᠨᠡᠭᠡᠭᠡᠨ ᠬᠥᠭᠵᠢᠭᠦᠯᠵᠦ ᠤᠰᠤᠨ ᠲᠤᠲᠤᠷᠭ᠎ᠠ ᠲᠠᠷᠢᠵᠤ ᠡᠬᠢᠯᠡᠭᠡᠳ ᠲᠤᠲᠤᠷᠭ᠎ᠠ ᠶᠢᠨ ᠲᠠᠷᠢᠶᠠᠨ ᠳᠤ ᠨᠠᠶᠢᠮᠠᠯᠵᠢ ᠲᠡᠵᠢᠭᠡᠬᠦ᠂ ᠣᠷᠭᠠᠨᠢᠭ ᠪᠣᠷᠳᠣᠭᠤᠷ ᠣᠷᠣᠭᠤᠯᠬᠤ᠂ ᠣᠷᠭᠠᠨᠢᠭ ᠡᠳ᠋ᠰᠢᠭᠦᠯᠭᠡ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠣᠬᠢᠷᠲᠤᠯ ᠥᠬᠡᠶ ᠣᠷᠭᠠᠨᠢᠭ ᠤᠰᠤᠨ ᠲᠤᠲᠤᠷᠭ᠎ᠠ ᠶᠢᠨ ᠨᠡᠷᠡᠲᠦ ᠲᠡᠮᠲᠡᠭ ᠢ ᠪᠤᠢ ᠪᠣᠯᠭᠠᠨ ᠤᠯᠤᠰ ᠤᠨ ᠭᠡᠷᠡᠴᠢᠯᠡᠯᠲᠡ ᠶᠢ ᠬᠦᠷᠲᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号