ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠢ ᠭᠧᠩ ᠶᠦᠨ᠂ ᠤᠯᠠᠭᠠᠨ ᠨᠠᠷ ᠮᠠᠨ ᠤ ᠬᠤᠰᠢᠭᠤᠨ ᠳᠤ ᠢᠷᠡᠵᠦ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-10-25
     10 ᠰᠠᠷ᠎ᠠ ᠶᠢᠨ 15 ᠤ ᠡᠳᠦᠷ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠢ ᠭᠧᠩ ᠶᠦᠨ᠂ ᠤᠯᠠᠭᠠᠨ ᠨᠠᠷ ᠮᠠᠨ ᠤ ᠬᠤᠰᠢᠭᠤᠨ ᠳᠤ ᠢᠷᠡᠵᠦ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠵᠢᠷᠤᠮᠲᠤ ᠨᠠᠷ ᠪᠠᠷᠠᠳᠠᠨ ᠪᠠᠶᠢᠴᠠᠭᠠᠭᠰᠠᠨ ᠪᠠᠶᠢᠨ᠎ᠠ᠃
     ᠪᠠᠶᠢᠴᠠᠭᠠᠨ ᠰᠣᠳᠣᠯᠣᠯᠲᠠ ᠶᠢᠨ ᠳᠤᠭᠤᠶᠢᠯᠠᠩ ᠤᠨ ᠬᠢᠨ ᠤᠷᠢᠳ ᠬᠤᠵᠢᠳ ᠦᠦᠰᠢᠨ ᠬᠤᠰᠢᠭᠤᠨ ᠤ ᠳ᠋ᠦ᠋ ᠳ᠋ᠠ ᠴᠢ ᠮᠠᠯᠴᠢᠨ ᠲᠠᠷᠢᠶᠠᠴᠢᠨ ᠤ ᠲᠠᠷᠢᠮᠠᠯ ᠤᠨ ᠲᠤᠰᠬᠠᠶᠢᠵᠢᠭᠰᠠᠨ ᠬᠤᠷᠰᠢᠶᠠᠵᠢᠯ᠂ ᠦᠦᠰᠢᠨᠵᠣᠣ ᠭᠠᠴᠠᠭᠠᠨ ᠤ ᠣᠳᠣ ᠦᠶ᠎ᠡ ᠶᠢᠨ ᠦᠨᠳᠦᠷ ᠦᠷ᠎ᠡ ᠠᠰᠢᠭᠳᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠬᠦ ᠡᠷᠦᠬᠡ ᠵᠢᠴᠢ ᠦᠦᠰᠢᠨᠵᠣᠣ ᠭᠠᠴᠠᠭᠠᠨ ᠳᠤ ᠤᠴᠢᠨ ᠬᠥᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠲᠠᠷᠢᠶᠠᠯᠠᠩ ᠤᠨ ᠲᠥᠷᠥᠯ ᠵᠦᠢᠯ ᠤᠨ ᠪᠠᠶᠢᠭᠤᠯᠤᠯᠲᠠ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠲᠠᠷᠢᠶᠠᠯᠠᠩ ᠤᠨ ᠪᠦᠳᠦᠭᠡᠭᠳᠡᠭᠦᠨ ᠤ ᠨᠡᠷᠡᠲᠦ ᠲᠡᠮᠲᠡᠭ ᠤᠨ ᠡᠭᠦᠳᠦᠯᠲᠡ᠂ ᠬᠥᠳᠡᠭᠡ ᠲᠤᠰᠬᠤᠨ ᠤ ᠵᠠᠰᠠᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠤᠨ ᠳᠤᠬᠠᠢ ᠪᠠᠶᠢᠳᠠᠯ ᠢ ᠤᠶᠢᠯᠠᠭᠠᠭᠰᠠᠨ ᠪᠠᠶᠢᠨ᠎ᠠ᠃
     ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠬᠢᠭᠤᠯᠤᠯᠲᠠ ᠶᠢᠨ ᠲᠠᠯ᠎ᠠ ᠪᠠᠷ ᠣᠯᠣᠭᠰᠠᠨ ᠠᠮᠵᠢᠯᠲᠠ ᠳᠤ ᠨᠤᠲᠠᠯᠠᠯᠲᠠ ᠥᠭᠬᠦ ᠶᠢᠨ ᠳᠠᠭᠠᠤ ᠦᠵᠡᠰᠬᠦᠯᠡᠩᠲᠦ ᠰᠠᠶᠢᠬᠠᠨ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠮᠠᠯ ᠲᠠᠷᠢᠶᠠᠯᠠᠩ ᠤᠨ ᠦᠢᠯᠡᠰ ᠤᠨ ᠡᠵᠡᠩᠨᠡᠯᠲᠡ ᠶᠢᠨ ᠠᠷᠭ᠎ᠠ ᠬᠡᠯᠪᠡᠷᠢ ᠶᠢ ᠰᠢᠨᠡᠳᠬᠡᠬᠦ᠂ ᠬᠠᠮᠲᠤ ᠶᠢᠨ ᠠᠵᠤ ᠠᠬᠤᠢ ᠶᠢ ᠬᠥᠭᠵᠢᠬᠦᠯᠬᠦ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠥᠢᠯᠡᠰ  ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠳᠤ ᠰᠠᠨᠠᠯ ᠰᠠᠨᠠᠭᠤᠯᠭ᠎ᠠ ᠪᠠᠨ ᠳᠤᠷᠠᠳᠤᠭᠰᠠᠨ ᠪᠠᠶᠢᠨ᠎ᠠ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠢᠮᠡᠭ᠌ᠲᠠ ᠭᠡᠰᠢᠬᠦᠨ ᠤ ᠪᠡᠶ᠎ᠡ ᠭᠠᠷᠤᠯ ᠪᠠ ᠡᠭᠦᠷᠭᠡ ᠬᠠᠷᠢᠭᠤᠴᠠᠯᠭ᠎ᠠ ᠪᠠᠨ ᠴᠡᠭᠡᠵᠢᠯᠡᠵᠦ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠭᠤᠣᠯ ᠴᠣᠭᠴᠠ ᠶᠢᠨ ᠦᠢᠯᠡᠳᠦᠯ ᠪᠠ ᠲᠤᠬᠠᠶᠢᠯᠠᠭᠰᠠᠨ ᠠᠵᠢᠯ  ᠳᠠᠬᠢ ᠲᠤᠯᠤᠭᠠᠶᠢᠯᠠᠬᠤ ᠦᠢᠯᠡᠳᠦᠯ᠂ ᠣᠯᠠᠨ ᠲᠥᠮᠡᠨ ᠤ ᠳᠤᠮᠳᠠᠬᠢ ᠲᠥᠯᠥᠭᠡᠯᠡᠬᠦ ᠦᠢᠯᠡᠳᠦᠯ ᠢᠶᠠᠨ ᠦᠨᠡᠨᠬᠦ ᠪᠠᠳᠠᠷᠠᠭᠤᠯᠤᠨ ᠣᠷᠣᠨ ᠨᠣᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠠᠩᠬᠠᠷᠴᠤ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠬᠤᠪᠢ ᠨᠡᠮᠡᠷᠢ ᠪᠠᠨ ᠭᠠᠷᠭᠠᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠭᠦ ᠬᠡᠷᠡᠭᠲᠡᠢ ᠭᠡᠵᠡᠢ᠃                      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号