ᠬᠤᠰᠢᠭᠤ ᠤᠯᠤᠰ ᠲᠥᠷᠥ ᠶᠢᠨ ᠵᠥᠪᠯᠡᠯᠭᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠰᠠᠳᠤᠪᠳᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2019-10-25
     10 ᠰᠠᠷ᠎ᠠ ᠶᠢᠨ 15  ᠤ ᠡᠳᠦᠷ ᠠᠴᠠ 17 ᠤ ᠡᠳᠦᠷ ᠪᠤᠯᠲᠠᠯ᠎ᠠ᠂ ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠸᠢ · ᠬᠠᠰ᠂ ᠯᠢ ᠵᠢᠷᠤᠮᠳᠤ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠶᠠᠷ ᠪᠦᠷᠢᠯᠳᠦᠭᠰᠡᠨ ᠪᠠᠶᠢᠴᠠᠭᠠᠨ ᠥᠵᠠᠭᠦ  ᠳᠤᠭᠤᠶᠢᠯᠠᠩ ᠤᠨ ᠬᠢᠨ ᠲᠤᠭ ᠪᠠᠯᠭᠠᠰᠤ᠂ ᠥᠥᠰᠢᠨᠵᠤᠤ ᠪᠠᠯᠭᠠᠰᠤ᠂ ᠰᠢᠷᠬᠤᠰᠤᠨ ᠪᠠᠯᠭᠠᠰᠤ᠂ ᠰᠥᠯᠳᠠ ᠰᠤᠮᠤ᠂ ᠤᠯᠠᠭᠠᠠᠳᠤᠯᠤᠭᠠᠢ ᠪᠠᠯᠭᠠᠰᠤ᠂ ᠭᠠᠯᠠᠭᠤᠲᠤ ᠪᠠᠯᠭᠠᠰᠤ ᠵᠡᠷᠭᠡ 6 ᠰᠤᠮᠤ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠰᠠᠳᠤᠪᠳᠤ ᠪᠠᠶᠢᠴᠠᠭᠠᠯᠳᠠ ᠥᠷᠨᠢᠭᠦᠯᠪᠡ᠃
     ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠲᠤᠭ ᠪᠠᠯᠭᠠᠰᠤᠨ ᠤ ᠲᠣᠭᠤᠯᠲᠠᠢ ᠭᠠᠴᠠᠭ᠎ᠠ ᠂ ᠤᠯᠠᠭᠠᠨᠰᠢᠪᠠᠷᠲᠠᠢ ᠲᠤᠰᠬᠤᠨ᠂ ᠬᠤᠸᠠᠳᠤᠯᠤᠭᠠᠢ ᠭᠠᠴᠠᠭ᠎ᠠ᠂ ᠥᠥᠰᠢᠨᠵᠤᠤ ᠪᠠᠯᠭᠠᠰᠤᠨ ᠤ ᠥᠥᠰᠢᠨᠵᠤᠤ ᠭᠠᠴᠠᠭ᠎ᠠ᠂ ᠰᠢᠷᠬᠤᠰᠤᠨ ᠪᠠᠯᠭᠠᠰᠤᠨ ᠤ ᠤᠳᠠ ᠶᠢᠨ ᠭᠤᠤᠯ ᠲᠣᠰᠬᠤᠨ᠂ ᠸᠠᠩ ᠶᠣᠣ ᠸᠠᠨ ᠲᠣᠰᠬᠤᠨ᠂ ᠰᠦᠯᠳᠡ ᠰᠤᠮᠤᠨ ᠤ ᠲᠤᠭᠤᠷᠢᠮ ᠭᠠᠴᠠᠭ᠎ᠠ᠂ ᠲᠣᠯᠢ ᠭᠠᠴᠠᠭ᠎ᠠ᠂ ᠲᠠᠯ᠎ᠠ ᠶᠢᠨ ᠤᠰᠤ ᠭᠠᠴᠠᠭ᠎ᠠ᠂ ᠤᠯᠠᠭᠠᠠᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭ᠎ᠠ᠂ ᠪᠠᠶᠠᠨᠭᠤᠣᠯ ᠭᠠᠴᠠᠭ᠎ᠠ᠂ ᠤᠯᠠᠭᠠᠨ ᠲᠤᠭ ᠲᠤᠰᠬᠤᠨ᠂ ᠢᠯᠠᠯᠲᠠ ᠲᠤᠰᠬᠤᠨ᠂ ᠭᠠᠯᠠᠭᠤᠲᠤ ᠪᠠᠯᠭᠠᠰᠤᠨ ᠤ ᠰᠡᠪᠭᠦᠯ ᠭᠠᠴᠠᠭ᠎ᠠ᠂ ᠮᠤᠳᠤᠠᠴᠠᠶᠢᠳᠠᠮ ᠲᠤᠰᠬᠤᠨ ᠢᠶᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠥᠵᠠᠭᠦ ᠪᠠ ᠬᠠᠷᠢᠭᠤ ᠮᠡᠳᠡᠭᠦᠯᠥᠯᠳᠠ ᠶᠢ ᠰᠤᠨᠤᠰᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠰᠤᠮᠤ ᠪᠠᠯᠭᠠᠰᠤᠨ ᠤ ᠠᠵᠤ ᠦᠢᠯᠡᠰ ᠤᠨ ᠬᠥᠭᠵᠢᠯᠲᠡ᠂ ᠤᠷᠴᠢᠨ ᠲᠤᠭᠤᠷᠢᠨ ᠡᠷᠡᠭᠦᠯ ᠬᠠᠮᠠᠭᠠᠯᠠᠯ ᠤᠨ ᠵᠠᠰᠠᠨ ᠴᠡᠭᠴᠡᠯᠠᠯᠳᠠ ᠂ ᠭᠥᠳᠡᠭᠡ ᠨᠤᠲᠤᠭ ᠤᠨ ᠰᠤᠷᠲᠠᠯ ᠪᠣᠯᠪᠠᠰᠤᠨ᠂ ᠣᠯᠠᠨ ᠨᠡᠶᠢᠲᠡ ᠶᠢᠨ ᠦᠢᠯᠡᠴᠢᠯᠡᠭᠡ᠂ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠪᠠ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠪᠦᠬᠦ ᠲᠠᠯ᠎ᠠ ᠪᠠᠷ ᠤᠶᠢᠯᠠᠭᠠᠭᠰᠠᠨ ᠪᠠᠶᠢᠨ᠎ᠠ᠃
     ᠪᠠᠶᠢᠴᠠᠭᠠᠨ ᠥᠵᠠᠭᠦ ᠳᠤᠭᠤᠶᠢᠯᠠᠩ ᠤᠨ ᠬᠢᠨ ᠵᠢᠭᠠᠵᠤ ᠭᠠᠷᠭᠠᠬᠤ ᠳᠤ ᠪᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠣᠯᠠᠨ ᠲᠦᠮᠡᠨ ᠤ ᠪᠣᠳᠠᠲᠤ ᠠᠰᠢᠭ ᠲᠤᠰᠠ ᠳᠤ ᠨᠠᠶᠢᠴᠡᠭᠰᠠᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠬᠤ ᠪᠥᠭᠡᠳ ᠪᠠᠰᠠ ᠬᠥᠳᠡᠭᠡ ᠲᠣᠰᠬᠤᠨ ᠤ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ ᠴᠢᠬᠤᠯᠠ ᠶᠡᠭᠡ ᠠᠵᠠ ᠲᠣᠬᠢᠶᠠᠯ ᠪᠣᠯᠤᠨ᠎ᠠ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠴᠠᠨ ᠤᠬᠠᠭᠤᠯᠬᠤ ᠠᠵᠢᠯ ᠢ ᠰᠠᠶᠢᠲᠤᠷ ᠬᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠶ ᠱᠠᠭᠠᠷᠳᠠᠯᠭ᠎ᠠ᠂ ᠪᠣᠳᠠᠲᠠᠶ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠦᠭ ᠲᠦᠮᠡᠨ ᠠᠶᠢᠯ ᠡᠷᠦᠬᠡ ᠳᠤ ᠤᠬᠠᠭᠤᠯᠵᠤ ᠣᠯᠠᠨ ᠲᠦᠮᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠲᠠᠨᠢᠯᠲᠠ ᠶᠢ ᠳᠡᠭᠡᠭᠰᠢᠯᠡᠬᠦᠯᠦᠨ ᠰᠠᠨᠠᠭᠠᠴᠢᠯᠠᠭ᠎ᠠ ᠠᠴᠠ ᠪᠠᠨ ᠰᠠᠶᠢᠨ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠭᠴᠢ ᠪᠣᠯᠬᠤ ᠬᠡᠷᠡᠭᠲᠡᠶ᠃ ᠠᠵᠤ ᠦᠢᠯᠡᠰ ᠭᠥᠭᠵᠢᠭᠰᠡᠨ᠂ ᠠᠮᠢ ᠠᠬᠤᠶ ᠨᠢ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ᠂ ᠨᠤᠲᠤᠭ ᠤᠨ ᠵᠠᠩᠰᠢᠯ ᠪᠣᠯᠪᠠᠰᠤᠨ ᠵᠠᠰᠠᠯᠲᠠ ᠨᠢ ᠪᠦᠲᠦᠮᠵᠢᠲᠡᠶ᠂ ᠠᠮᠢᠳᠤᠷᠠᠯ ᠨᠢ ᠪᠠᠶᠠᠨ ᠴᠢᠨᠡᠭᠡᠯᠢᠭ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ ᠰᠤᠮᠤ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠣᠨᠴᠠᠯᠢᠭᠲᠤ ᠠᠵᠤ ᠦᠢᠯᠡᠰ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠣᠨᠴᠠᠯᠢᠭᠲᠤ ᠭᠢᠯᠠᠰ ᠴᠡᠭ ᠢ ᠳᠣᠪᠤᠶᠢᠯᠭᠠᠨ ᠰᠠᠭᠤᠷᠢᠰᠢᠬᠤ ᠳᠤ ᠲᠣᠬᠢᠷᠠᠮᠵᠢᠲᠠᠶ ᠭᠡᠷ ᠣᠷᠣᠨ ᠢ ᠪᠠᠶᠢᠭᠤᠯᠬᠤ ᠬᠡᠷᠡᠭᠲᠡᠶ ᠭᠡᠵᠡᠢ᠃
     ᠪᠠᠶᠢᠴᠠᠭᠠᠯᠳᠠ ᠶᠢᠨ ᠳᠠᠷᠠᠭ᠎ᠠ ᠮᠤᠳᠤᠨᠴᠠᠶᠢᠳᠠᠮ ᠲᠣᠰᠬᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠰᠠᠭᠤᠳᠠᠯ  ᠤᠨ ᠬᠤᠷᠠᠯ ᠢ ᠬᠤᠷᠠᠯᠳᠤᠭᠤᠯᠵᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠧᠢ · ᠬᠠᠰ ᠪᠤᠯᠤᠨ ᠪᠠᠶᠢᠴᠠᠭᠠᠨ ᠦᠵᠡᠬᠦ ᠳᠤᠭᠤᠶᠢᠯᠠᠩ ᠤᠨ ᠪᠥᠭᠦ ᠪᠥᠷᠢᠯᠳᠤᠭᠦᠨ ᠬᠤᠷᠠᠯ ᠳᠤ ᠣᠷᠣᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号