ᠰᠢ ᠶᠢᠨ ᠫᠢᠩ 2019 ᠤᠨ ᠤ ︽ᠲᠤᠮᠳᠠᠳᠤ ᠤᠯᠤᠰ ᠢ ᠤᠢᠢᠯᠠᠭᠠᠬᠤᠢ︾ ᠭᠤᠸᠠᠩᠵᠸᠥ ᠶᠢᠨ ᠤᠯᠠᠨ ᠤᠯᠤᠰ ᠤᠨ ᠬᠤᠷᠡᠯ ᠳᠤ ᠪᠠᠶᠠᠷ ᠤᠨ ᠵᠠᠬᠢᠳᠠᠯ ᠢᠯᠡᠬᠡᠪᠡ
ᠨᠡᠶᠢᠲᠡᠯᠡᠭᠰᠡᠨ ᠴᠠᠭ᠄
2019-10-28
     ᠰᠢᠨᠬᠤᠸᠠ ᠬᠤᠷᠢᠶᠡᠨ ᠤ ᠪᠡᠭᠡᠵᠢᠩ ᠤᠨ 10 ᠰᠠᠷ᠎ᠠ ᠶᠢᠨ 26 ᠤ ᠴᠠᠬᠢᠯᠭᠠᠨ ᠮᠡᠳᠡᠭᠡ   2019 ᠤᠨ ᠤ ︽ᠲᠤᠮᠳᠠᠳᠤ ᠤᠯᠤᠰ ᠢ ᠤᠢᠢᠯᠠᠭᠠᠬᠤᠢ︾ ᠭᠤᠸᠠᠩᠵᠸᠥ ᠶᠢᠨ ᠤᠯᠠᠨ ᠤᠯᠤᠰ ᠤᠨ ᠬᠤᠷᠡᠯ 10 ᠰᠠᠷ᠎ᠠ ᠶᠢᠨ 26 ᠤ ᠡᠳᠤᠷ ᠭᠤᠸᠠᠩᠵᠸᠥ ᠳᠤ ᠡᠬᠢᠯᠡᠪᠡ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠡᠯ ᠳᠤ ᠪᠠᠶᠠᠷ ᠤᠨ ᠵᠠᠬᠢᠳᠠᠯ ᠢᠯᠡᠬᠡᠪᠡ᠃      ᠰᠢ ᠶᠢᠨ ᠫᠢᠩ᠂ ᠤᠳᠤᠬᠠᠨ ᠳᠤ᠂ ᠠᠵᠥ ᠠᠬᠤᠢ ᠶᠢᠨ ᠲᠡᠯᠡᠬᠡᠶᠢᠵᠢᠯ ᠳᠤ ᠵᠠᠷᠢᠮ ᠨᠤᠭᠤᠷᠠᠯ ᠪᠦᠳᠦᠷᠢᠯ ᠬᠦᠴᠢᠷ ᠪᠡᠷᠬᠡᠰᠢᠶᠡᠯ ᠲᠤᠯᠭᠠᠷᠠᠵᠥ ᠪᠠᠶᠢᠨ᠎ᠠ᠂ ᠬᠡᠪᠡᠴᠦ ᠠᠵᠥ ᠠᠬᠤᠢ ᠶᠢᠨ ᠲᠡᠯᠡᠬᠡᠶᠢᠵᠢᠯ ᠤᠨ ᠤᠷᠤᠰᠬᠠᠯ ᠬᠤᠪᠢᠷᠠᠬᠤ ᠦᠬᠡᠢ᠂ ᠡᠯ᠎ᠡ ᠤᠯᠤᠰ ᠤᠨ ᠠᠰᠢᠬ ᠲᠤᠰᠠ ᠡᠳᠤᠷ ᠢᠷᠡᠬᠦᠶ᠎ᠡ ᠢᠳᠡᠬᠡᠰᠢᠵᠥ᠂ ᠬᠤᠪᠢ ᠵᠠᠶᠠᠭ᠎ᠠ ᠶᠢᠨ ᠲᠠᠯ᠎ᠠ ᠪᠠᠷ ᠤᠯᠠᠮ ᠵᠢᠷᠭᠠᠯ ᠵᠤᠪᠠᠯᠠᠩ ᠢᠶᠠᠨ ᠬᠠᠮᠳᠤᠳᠬᠠᠬᠤ ᠨᠢ ᠪᠠᠶᠢᠳᠠᠯ ᠤᠨ ᠬᠠᠨᠳᠤᠰᠢ ᠪᠤᠯᠵᠥ᠂ ᠨᠡᠩ ᠰᠠᠶᠢᠨ ᠰᠠᠶᠢᠬᠠᠨ ᠠᠮᠢᠳᠤᠷᠠᠯ ᠢ ᠲᠠᠰᠤᠷᠠᠯᠳᠡ ᠦᠭᠡᠢ ᠴᠤᠭᠴᠠᠯᠠᠬᠤ ᠨᠢ ᠡᠯ᠎ᠡ ᠤᠯᠤᠰ ᠤᠨ ᠠᠷᠠᠳ ᠲᠦᠮᠡᠨ ᠤ ᠬᠠᠮᠳᠤ ᠶᠢᠨ ᠬᠦᠰᠡᠯ ᠪᠤᠯᠵᠤ ᠪᠠᠶᠢᠨ᠎ᠠ᠃ ᠲᠤᠮᠳᠠᠳᠤ ᠤᠯᠤᠰ ᠪᠤᠯ ᠠᠵᠥ ᠠᠬᠤᠢ ᠶᠢᠨ ᠲᠡᠯᠡᠬᠡᠶᠢᠵᠢᠯ ᠤᠨ ᠠᠰᠢᠬ ᠢ ᠬᠦᠷᠳᠡᠭᠴᠢ ᠪᠦᠬᠡᠳ ᠨᠡᠩ ᠴᠦ ᠬᠤᠪᠢ ᠨᠡᠮᠡᠷᠢ ᠦᠵᠡᠬᠦᠯᠥᠭᠴᠢ ᠪᠤᠯᠤᠨ᠎ᠠ᠂ ᠡᠩᠬᠡ ᠲᠠᠶᠢᠪᠤᠩ ᠬᠦᠭᠵᠢᠯᠳᠡ ᠶᠢᠨ ᠵᠠᠮ ᠢᠶᠠᠷ ᠭᠤᠶᠢᠪᠢᠰᠢ ᠦᠬᠡᠢ ᠵᠠᠮᠨᠠᠵᠥ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠨᠡᠬᠡᠬᠡᠯᠳᠡᠳᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠥ᠂ ᠨᠡᠬᠡᠬᠡᠯᠳᠡᠳᠤ ᠮᠠᠶ᠋ᠢᠭ ᠤᠨ ᠲᠡᠯᠡᠬᠡᠢ ᠶᠢᠨ ᠠᠵᠥ ᠠᠬᠤᠢ ᠶᠢᠨ ᠬᠦᠭᠵᠢᠯᠳᠡ ᠳᠤ ᠦᠷᠬᠦᠯᠵᠢᠯᠡᠨ ᠬᠦᠳᠡᠯᠬᠡᠬᠦ ᠬᠦᠴᠦᠨ ᠨᠡᠮᠡᠷᠢᠯᠡᠵᠥ᠂ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠬᠠᠮᠳᠤ ᠪᠠᠷ᠂ ᠠᠵᠥ ᠠᠬᠤᠢ ᠶᠢᠨ ᠲᠡᠯᠡᠬᠡᠶᠢᠵᠢᠯ ᠨᠡᠩ ᠨᠡᠬᠡᠬᠡᠯᠳᠡᠳᠡᠢ᠂ ᠪᠠᠭᠳᠠᠭᠠᠮᠵᠢᠳᠠᠢ᠂ ᠨᠡᠶᠢᠳᠡᠮ ᠬᠠᠷᠠᠭᠠᠯᠵᠠᠯ ᠬᠦᠷᠳᠡᠬᠡᠬᠦ᠂ ᠲᠠᠩᠴᠠᠬᠦᠷᠢᠳᠡᠢ᠂ ᠬᠠᠮᠳᠤ ᠪᠠᠷ ᠠᠰᠢᠬ ᠬᠦᠷᠳᠡᠬᠦ ᠴᠢᠭᠯᠡᠯ ᠢᠶᠠᠷ ᠬᠦᠭᠵᠢᠬᠦ ᠶᠢ ᠠᠬᠢᠭᠤᠯᠵᠥ᠂ ᠠᠵᠥ ᠠᠬᠤᠢ ᠶᠢᠨ ᠲᠡᠯᠡᠬᠡᠶᠢᠵᠢᠯ ᠢᠶᠠᠷ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠬᠦᠯᠥᠨ᠎ᠡ ᠬᠡᠵᠥ ᠵᠢᠭᠠᠵᠥ ᠭᠠᠷᠭᠠᠪᠠ᠃      ︽ᠲᠤᠮᠳᠠᠳᠤ ᠤᠯᠤᠰ ᠢ ᠤᠢᠢᠯᠠᠭᠠᠬᠤᠢ︾ ᠤᠯᠠᠨ ᠤᠯᠤᠰ ᠤᠨ ᠬᠤᠷᠡᠯ ᠢ ᠤᠳᠤ ᠪᠤᠯᠳᠠᠯ᠎ᠠ ᠭᠤᠷᠪᠠᠨ ᠬᠤᠭᠤᠴᠠᠭ᠎ᠠ ᠡᠷᠬᠢᠯᠡᠵᠥ ᠪᠠᠶᠢᠨ᠎ᠠ᠃ ᠡᠨᠡ ᠵᠢᠯ ᠪᠦᠬᠦ ᠪᠦᠮᠪᠦᠷᠴᠡᠭ ᠤᠨ 30 ᠭᠠᠷᠤᠢ ᠨᠡᠷᠡᠳᠤ ᠤᠯᠤᠰ ᠲᠦᠷᠦᠴᠢᠨ᠂ ᠪᠠᠶᠢᠯᠳᠤᠬᠤ ᠪᠤᠳᠤᠯᠭᠠᠳᠠᠨ᠂ ᠡᠷᠳᠡᠮᠳᠡᠨ᠂ ᠠᠵᠥ ᠠᠬᠤᠢᠢᠯᠠᠯᠳᠠᠨ ᠢ ᠪᠠᠭᠳᠠᠭᠠᠭᠰᠠᠠ 600 ᠰᠢᠬᠠᠮ ᠬᠦᠮᠥᠨ ᠬᠤᠷᠡᠯ ᠳᠤ ᠤᠷᠤᠯᠴᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号