ᠬᠤᠰᠢᠭᠤ ᠨᠠᠮ ᠤᠨ ᠬᠤᠷᠢᠶ᠎ᠠ ᠶᠢᠨ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠭᠡᠷ ᠤᠨ ᠭᠤᠷᠪᠠᠳᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/10/28
     9 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠭᠡᠷ ᠤᠨ ᠭᠤᠷᠪᠠᠳᠤᠭᠠᠷ ᠤᠳᠠᠭᠠᠨ ᠤ ᠠᠵᠢᠯ ᠤᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠰᠤ᠋ ᠰᠢᠨ ᠹᠠ᠂ ᠵᠣᠬᠢᠶᠠᠨ ᠪᠠᠶᠢᠭᠤᠯᠬᠤ ᠬᠡᠯᠳᠡᠰ᠂ ᠪᠣᠳᠠᠳᠣ ᠪᠦᠲᠦᠮᠵᠢ ᠶᠢ ᠬᠢᠨᠠᠨ ᠰᠢᠯᠭᠠᠬᠤ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠬᠤᠰᠢᠭᠤ ᠨᠠᠮ ᠤᠨ ᠬᠤᠷᠢᠶ᠎ᠠ ᠶᠢᠨ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠬᠡᠷ ᠤᠨ ᠬᠡᠰᠢᠬᠦᠳ ᠬᠤᠷᠠᠯ ᠳᠤ ᠣᠷᠣᠯᠴᠠᠪᠠ᠃      ᠬᠤᠷᠠᠯ ᠠᠴᠠ ᠳᠦᠪ ᠤᠨ ︽ᠣᠭ ᠰᠠᠨᠠᠭ᠎ᠠ ᠪᠠᠨ ᠦᠯᠦ ᠮᠠᠷᠳᠠᠵᠤ ᠡᠬᠦᠷᠭᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠣᠪᠲᠣ ᠬᠦᠮᠦᠵᠢᠯ  ᠤᠨ ᠣᠳᠣᠷᠢᠳᠬᠤ ᠳᠣᠭᠤᠶᠢᠯᠠᠩ ᠤᠨ ︽︿ᠣᠭ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ﹀ ᠭᠤᠣᠯ ᠰᠡᠳᠣᠪᠲᠣ ᠬᠦᠮᠦᠵᠢᠯ ᠳᠠᠬᠢ ᠣᠯᠣᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠢ ᠴᠢᠩᠭᠠᠳᠬᠠᠵᠦ ᠣᠯᠣᠰ ᠢᠶᠠᠨ ᠬᠠᠶᠢᠷᠠᠯᠠᠬᠤ ᠦᠵᠡᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠳᠣᠬᠠᠢ ᠮᠡᠳᠡᠭᠳᠡᠯ︾   ᠤᠨ ᠵᠣᠷᠢᠭ ᠰᠠᠨᠠᠭ᠎ᠠ ᠶᠢ ᠤᠯᠠᠮᠵᠢᠯᠠᠨ ︽ᠦᠦᠰᠢᠨ ᠬᠤᠰᠢᠭᠤᠨ ᠤ ᠨᠠᠮ ᠤᠨ ᠬᠤᠷᠢᠶᠠᠨ ᠤ ︿ᠣᠭ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ﹀ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠬᠡᠷ ᠤᠨ ᠳᠦᠷᠢᠮ︾ ᠢ ᠤᠩᠰᠢᠨ ᠨᠡᠶᠢᠲᠡᠯᠡᠵᠤ᠂ ᠬᠤᠰᠢᠭᠤ ᠨᠠᠮ ᠤᠨ ᠬᠤᠷᠢᠶᠠᠨ ᠤ ︽ᠣᠭ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠨᠠᠷᠢᠨ ᠳᠠᠩᠰᠠ᠂ ᠰᠣᠳᠣᠯᠣᠨ ᠪᠠᠶᠢᠴᠠᠭᠠᠬᠤ ᠳᠣᠬᠢᠷᠠᠭᠤᠯᠣᠯᠲᠠ᠂ ᠪᠠᠶᠢᠴᠠᠭᠠᠨ ᠦᠵᠡᠬᠦ ᠠᠰᠠᠭᠤᠳᠠᠯ ᠤᠨ ᠳᠠᠩᠰᠠ᠂ ᠴᠡᠭᠴᠡᠯᠡᠨ ᠵᠠᠰᠠᠵᠦ ᠨᠠᠶᠢᠳᠠᠪᠣᠷᠢᠵᠢᠭᠤᠯᠬᠤ ᠳᠦᠯᠦᠪᠯᠡᠭᠡ ᠵᠢᠴᠢ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠭᠤᠣᠯ ᠰᠡᠳᠣᠪᠲᠣ ᠬᠦᠮᠦᠵᠢᠯ ᠤᠨ ᠳᠠᠩᠰᠠ ᠶᠢᠨ ᠳᠣᠬᠠᠢ ᠶᠠᠷᠢᠯᠴᠠᠨ ᠵᠦᠪᠳᠡᠯᠴᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠭᠤᠣᠯ ᠰᠡᠳᠣᠪᠲᠣ ᠬᠦᠮᠦᠵᠢᠯ ᠤᠨ ᠣᠯᠣᠰ ᠳᠦᠷᠦ ᠶᠢᠨ ᠡᠬᠦᠷᠭᠡ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠵᠦ ᠪᠦᠬᠦ ᠨᠠᠮ ᠢᠶᠠᠷ ᠢᠶᠠᠨ ᠭᠤᠣᠯ ᠰᠡᠳᠣᠪᠲᠣ ᠬᠦᠮᠦᠵᠢᠯ ᠢ ᠬᠢᠳᠡᠭ ᠤᠨ ᠴᠢᠬᠤᠯᠠ ᠠᠴᠢ ᠬᠤᠯᠪᠣᠭᠳᠠᠯ ᠢ ᠬᠦᠢᠴᠡᠳ ᠳᠠᠨᠢᠵᠦ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠬᠡᠷ ᠤᠨ ᠠᠵᠢᠯ ᠪᠠ ᠬᠠᠮᠢᠶ᠎ᠠ ᠪᠦᠬᠦᠢ ᠠᠵᠢᠯ ᠢ ᠬᠢᠨᠠᠨ ᠵᠢᠯᠣᠭᠤᠳᠴᠦ ᠰᠠᠶᠢᠳᠣᠷ ᠬᠢᠬᠦ ᠬᠡᠷᠡᠭᠲᠡᠢ᠃ ᠡᠯ᠎ᠡ ᠠᠵᠢᠯ ᠤᠨ ᠳᠣᠭᠤᠶᠢᠯᠠᠩ ᠬᠤᠰᠢᠭᠤᠨ ᠤ ᠪᠣᠳᠠᠳᠣ ᠪᠠᠶᠢᠳᠠᠯ ᠲᠠᠢ ᠣᠶᠠᠯᠳᠣᠭᠤᠯᠣᠨ ᠡᠯ᠎ᠡ ᠵᠦᠪᠯᠡᠯᠬᠡ᠂ ᠮᠠᠲ᠋ᠧᠷᠢᠶᠠᠯ᠂ ᠠᠷᠭ᠎ᠠ ᠠᠪᠴᠠᠯ ᠢ ᠨᠡᠶᠢᠳᠡᠯᠡᠨ ᠬᠡᠷᠡᠭᠵᠢᠬᠦᠯᠬᠦ ᠶᠢ ᠪᠠᠳᠣᠯᠠᠵᠦ ᠨᠢᠬᠡᠳᠦᠯᠳᠡᠢ ᠳᠦᠯᠦᠪᠯᠡᠵᠦ ᠠᠬᠢᠭᠤᠯᠣᠨ ᠲᠤᠭᠤᠰᠢᠯᠠᠭᠤᠯᠬᠤ ᠬᠡᠷᠡᠭᠲᠡᠢ᠃ ᠪᠦᠬᠦ ᠬᠤᠰᠢᠭᠤᠨ ᠤ ᠭᠤᠣᠯ ᠰᠡᠳᠣᠪᠲᠣ ᠬᠦᠮᠦᠵᠢᠯ ᠤᠨ ᠠᠵᠢᠯᠯᠠᠭ᠎ᠠ ᠪᠦᠬᠦ ᠳᠠᠯ᠎ᠠ ᠪᠠᠷ ᠡᠬᠢᠯᠡᠭᠰᠡᠨ ᠠᠴᠠ ᠪᠢᠳᠠ ᠪᠦᠬᠦ ᠰᠡᠳᠬᠢᠯ ᠪᠦᠬᠦ ᠵᠣᠷᠢᠭ ᠢᠶᠠᠨ ᠭᠤᠣᠯ ᠰᠡᠳᠣᠪᠲᠣ ᠬᠦᠮᠦᠵᠢᠯ ᠤᠨ ᠠᠵᠢᠯᠯᠠᠭ᠎ᠠ ᠳᠤ ᠳᠦᠪᠯᠡᠷᠡᠬᠦᠯᠵᠦ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠨᠣᠮᠢᠨ ᠳᠠᠩᠰᠤᠭ ᠬᠦᠭᠵᠢᠨ ᠮᠠᠨᠳᠣᠯᠳᠠ ᠳᠤ ᠨᠡᠩ ᠶᠡᠭᠡ ᠬᠤᠪᠢ ᠨᠡᠮᠡᠷᠢ ᠦᠵᠡᠬᠦᠯᠵᠦ ᠰᠢᠯᠢᠳᠡᠭ ᠬᠢᠷᠢ ᠪᠦᠲᠦᠮᠵᠢ ᠪᠠᠷ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠭᠳᠠᠭᠰᠠᠨ ᠳᠠᠯᠠᠨ ᠵᠢᠯ ᠤᠨ ᠣᠢ ᠶᠢ ᠪᠡᠯᠭᠡᠯᠡᠬᠦ ᠬᠡᠷᠡᠭᠲᠡᠢ ᠬᠡᠪᠡ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ