ᠮᠠᠨ ᠤ ᠬᠤᠰᠢᠭᠤᠨ ᠤ ︽ᠣᠭ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠠᠵᠢᠯ ᠤᠨ ᠬᠠᠷᠢᠭᠤ ᠮᠡᠳᠡᠬᠦᠯᠦᠯᠲᠡ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/10/28
     10 ᠰᠠᠷ᠎ᠠ ᠶᠢᠨ 12 ᠤᠨ ᠡᠳᠦᠷ᠂ ᠮᠠᠨ ᠤ ᠬᠤᠰᠢᠭᠤ ︽ᠣᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠣᠪᠲᠣ ᠬᠦᠮᠦᠵᠢᠯ ᠤᠨ ᠠᠵᠢᠯ ᠤᠨ ᠬᠠᠷᠢᠭᠤ ᠮᠡᠳᠡᠬᠦᠯᠦᠯᠲᠡ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ ᠬᠤᠷᠠᠯᠳᠣᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠣᠯᠣᠰ ᠳᠦᠷᠦ ᠬᠠᠣᠯᠢ ᠴᠠᠭᠠᠵᠠ ᠶᠢᠨ ᠬᠤᠷᠢᠶᠠᠨ ᠤ ᠱᠦᠵᠢ ᠰᠣᠷᠭᠠᠯᠲᠣ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ ᠪᠤᠯᠤᠨ ᠬᠤᠳᠠ ᠶᠢᠨ ᠨᠠᠮ ᠤᠨ ᠬᠤᠷᠢᠶᠠᠨ ᠤ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠬᠤᠶᠠᠳᠣᠭᠠᠷ ᠳᠣᠭᠤᠷᠢᠨ ᠪᠠᠶᠢᠴᠠᠭᠠᠵᠦ ᠵᠢᠯᠣᠭᠤᠳᠬᠤ ᠳᠣᠭᠤᠶᠢᠯᠠᠩ ᠤᠨ ᠬᠢᠨ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠣᠪᠲᠣ ᠬᠦᠮᠦᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠬᠡᠷ ᠤᠨ ᠬᠡᠰᠢᠬᠦᠳ ᠬᠤᠷᠠᠯ ᠳᠤ ᠣᠷᠣᠯᠴᠠᠪᠠ
     ᠬᠤᠷᠠᠯ ᠳᠡᠭᠡᠷ᠎ᠡ᠂ ᠰᠣᠷᠭᠠᠯᠲᠣ ᠠᠵᠢᠯ ᠤᠨ ᠬᠠᠷᠢᠭᠤ ᠮᠡᠳᠡᠭᠦᠯᠥᠯᠳᠠ ᠭᠢᠪᠠ᠃ ᠲᠠᠷᠠ ᠵᠢᠭᠠᠬᠤ ᠳᠠᠭᠠᠨ᠂ ᠮᠠᠨ ᠤ ᠬᠤᠰᠢᠭᠤ ᠨᠢ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠨᠢᠬᠡᠳᠦᠯᠳᠡᠢ ᠪᠠᠶᠢᠷᠢᠯᠠᠭᠤᠯᠣᠯᠲᠠ ᠶᠢ ᠡᠷᠡᠰ ᠲᠤᠭᠤᠰᠢᠯᠠᠭᠤᠯᠵᠦ ᠭᠤᠣᠯ ᠰᠡᠳᠣᠪᠲᠣ ᠬᠦᠮᠦᠵᠢᠯ ᠤᠨ ᠦᠨᠳᠦᠰᠦᠨ ᠡᠬᠦᠷᠭᠡ ᠪᠠ ᠶᠡᠷᠦᠩᠬᠡᠢ ᠱᠠᠭᠠᠷᠳᠠᠯᠭ᠎ᠠ ᠳᠤ ᠵᠣᠬᠢᠴᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠭᠤᠣᠯ ᠱᠣᠭᠤᠮ ᠤᠨ ᠳᠣᠭᠤᠷᠢᠨ ᠳᠤ ᠰᠢᠨᠵᠢᠯᠡᠬᠦ ᠣᠬᠠᠭᠠᠨᠴᠢ ᠪᠠᠷ ᠳᠦᠯᠦᠪᠯᠡᠵᠦ ᠪᠦᠬᠦ ᠬᠤᠰᠢᠭᠤᠨ ᠤ ᠭᠤᠣᠯ ᠰᠡᠳᠣᠪᠲᠣ ᠬᠦᠮᠦᠵᠢᠯ ᠤᠨ ᠴᠢᠨᠠᠷ ᠰᠠᠶᠢᠳᠠᠢ᠂ ᠪᠠᠳᠣᠳᠠᠢ ᠠᠬᠢᠭᠤᠯᠬᠤ ᠶᠢ ᠪᠠᠳᠣᠯᠠᠵᠦ ᠪᠠᠶᠢᠨ᠎ᠠ ᠬᠡᠪᠡ᠃      ᠬᠠᠷᠢᠭᠤ ᠮᠡᠳᠡᠬᠦᠯᠦᠯᠲᠡ ᠶᠢ ᠰᠣᠨᠣᠰᠣᠭᠰᠠᠨ ᠤ ᠳᠠᠷᠠᠭ᠎ᠠ᠂ ᠳᠣᠭᠤᠷᠢᠨ ᠪᠠᠶᠢᠴᠠᠭᠠᠵᠦ ᠵᠢᠯᠣᠭᠤᠳᠬᠤ ᠳᠣᠭᠤᠶᠢᠯᠠᠩ ᠠᠴᠠ ᠮᠠᠨ ᠤ ᠬᠤᠰᠢᠭᠤᠨ ᠳᠤ ᠬᠦᠢᠴᠡᠳ ᠦᠨᠡᠯᠡᠯᠳᠡ ᠦᠭᠬᠦ ᠶᠢᠨ ᠬᠠᠮᠲᠣ ᠳᠠᠷᠠᠭᠠᠴᠢ ᠶᠢᠨ ᠠᠵᠢᠯ ᠢ ᠰᠠᠶᠢᠳᠣᠷ ᠬᠢᠬᠦ ᠳᠤ  ᠳᠣᠳᠣᠷᠬᠠᠢ ᠱᠠᠭᠠᠷᠳᠠᠯᠭ᠎ᠠ ᠳᠣᠷᠠᠳᠴᠦ ᠪᠠᠶᠢᠴᠠᠭᠠᠨ ᠰᠣᠳᠣᠯᠣᠯᠲᠠ  ᠶᠢ ᠰᠠᠶᠢᠳᠣᠷ ᠬᠢᠵᠦ ᠣᠬᠠᠭᠤᠯᠭ᠎ᠠ ᠪᠠ ᠴᠡᠭᠴᠡᠯᠡᠨ ᠵᠠᠰᠠᠬᠤ ᠶᠢ ᠦᠷᠬᠦᠯᠵᠢᠯᠡᠨ ᠴᠢᠩᠭ᠎ᠠ ᠠᠳᠬᠤᠨ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠰᠠᠶᠢᠨ ᠳᠣᠷᠰᠢᠯᠭ᠎ᠠ ᠶᠢ ᠴᠠᠭ ᠳᠣᠬᠠᠢ ᠳᠤᠨᠢ ᠳᠡᠭᠡᠭᠰᠢ ᠮᠡᠳᠡᠬᠦᠯᠵᠦ ᠣᠬᠢ ᠰᠠᠶᠢᠨ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠢ ᠪᠦᠷᠢᠯᠳᠦᠬᠦᠯᠬᠦ ᠬᠡᠷᠡᠭᠲᠡᠢ ᠬᠡᠪᠡ᠃      ᠰᠣ᠋ ᠰᠢᠨ ᠹᠠ ᠴᠢᠬᠤᠯᠠᠴᠢᠯᠠᠬᠤ ᠳᠠᠭᠠᠨ᠂ ᠳᠣᠭᠤᠷᠢᠨ ᠪᠠᠶᠢᠴᠠᠭᠠᠵᠦ ᠵᠢᠯᠣᠭᠤᠳᠬᠤ ᠳᠣᠭᠤᠶᠢᠯᠠᠩ ᠤᠨ ᠰᠠᠨᠠᠯ ᠵᠦᠪᠯᠡᠯᠬᠡ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ ᠲᠤᠭᠤᠰᠢᠯᠠᠭᠤᠯᠵᠦ ᠣᠯᠠᠨ ᠠᠷᠭ᠎ᠠ ᠠᠪᠴᠠᠯ ᠢᠶᠠᠷ ᠰᠣᠷᠣᠯᠴᠠᠯᠭ᠎ᠠ ᠪᠠᠨ ᠴᠢᠩᠭᠠᠳᠬᠠᠨ ᠣᠨᠣᠯ ᠤᠨ ᠬᠢᠷᠢ ᠳᠦᠪᠰᠢᠨ ᠢᠶᠠᠨ ᠳᠠᠰᠣᠷᠠᠯᠳᠠ ᠦᠬᠡᠢ ᠳᠡᠭᠡᠭᠰᠢᠯᠡᠬᠦᠯᠵᠦ ᠬᠤᠳᠠ ᠶᠢᠨ ᠨᠠᠮ ᠤᠨ ᠬᠤᠷᠢᠶᠠᠨ ᠤ ᠬᠤᠶᠠᠳᠣᠭᠠᠷ ᠳᠣᠭᠤᠷᠢᠨ ᠪᠠᠶᠢᠴᠠᠭᠠᠵᠦ ᠵᠢᠯᠣᠭᠤᠳᠬᠤ ᠳᠣᠭᠤᠶᠢᠯᠠᠩ ᠲᠠᠢ ᠢᠳᠡᠪᠬᠢᠲᠡᠢ ᠪᠠᠷ ᠬᠠᠷᠢᠯᠴᠠᠨ  ᠡᠯ᠎ᠡ ᠡᠬᠦᠷᠭᠡ ᠱᠠᠭᠠᠷᠳᠠᠯᠭ᠎ᠠ ᠶᠢ ᠦᠨᠳᠦᠷ ᠪᠠᠷᠢᠮᠵᠢᠶ᠎ᠡ ᠪᠠᠷ ᠪᠡᠶᠡᠯᠡᠬᠦᠯᠬᠦ ᠬᠡᠷᠡᠭᠲᠡᠢ ᠬᠡᠪᠡ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ