ᠬᠤᠰᠢᠭᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠦᠪᠲᠦ ᠬᠥᠮᠦᠵᠢᠯ ᠤᠨ ᠨᠣᠮ ᠣᠩᠰᠢᠬᠤ ᠠᠩᠭᠢ ᠶᠢᠨ ᠭᠤᠷᠪᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/10/28
     10 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢᠨ ᠭᠤᠷᠪᠠᠳᠤᠭᠠᠷ  ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠦ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠤᠮᠠᠷᠠᠲᠤ ᠬᠢᠯᠢ ᠶᠢᠨ ᠪᠠᠭᠠᠲᠤᠷ ᠵᠢᠱᠢᠶᠡᠴᠢ  ᠶᠢᠨ ᠲᠡᠷᠢᠬᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠤᠨ ᠲᠦᠷᠰᠦ ᠰᠢᠩᠬᠡᠬᠡᠯᠲᠡ ᠶᠢ ᠦᠵᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ ᠵᠢᠴᠢ ᠭᠡᠷ ᠲᠡᠭᠡᠨ ᠪᠠᠶᠢᠭ᠎ᠠ ᠰᠢᠶᠠᠨ ᠤ ᠲᠠᠰ ᠤᠨ ᠪᠥᠬᠦ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠦ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠰᠤ᠋ ᠰᠢᠨ ᠹᠠ ᠬᠤᠷᠠᠯ ᠢ ᠡᠷᠬᠢᠯᠡᠪᠡ᠃
     ᠲᠦᠷᠰᠦ ᠰᠢᠩᠬᠡᠬᠡᠯᠲᠡ ᠶᠢ ᠦᠵᠡᠭᠰᠡᠨ ᠤ ᠳᠠᠷᠠᠭ᠎ᠠ᠂ ᠰᠤ᠋ ᠰᠢᠨ ᠹᠠ ᠬᠤᠳᠠ ᠶᠢᠨ ᠨᠠᠮ ᠤᠨ ᠬᠤᠷᠢᠶᠠᠨ ᠤ ᠭᠤᠤᠯ ᠰᠡᠲᠤᠪᠲᠤ ᠬᠦᠮᠦᠵᠢᠯ ᠤᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠬᠤᠯᠪᠤᠭᠳᠠᠯ ᠪᠦᠬᠦᠢ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠵᠦ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠣᠳᠣᠬᠠᠨ ᠤ ᠠᠵᠢᠯ ᠤᠨ ᠪᠤᠳᠠᠳᠠᠢ ᠲᠠᠢ ᠤᠶᠠᠯᠳᠤᠭᠤᠯᠤᠨ ᠪᠦᠬᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠠᠷᠠᠭ᠎ᠠ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠲᠤᠬᠢᠷᠠᠭᠤᠯᠤᠯᠲᠠ ᠬᠢᠪᠡ᠃
     ᠡᠷᠳᠡᠨᠢᠪᠢᠯᠢᠭ ᠵᠢᠭᠠᠵᠦ ᠭᠠᠷᠭᠠᠬᠤ ᠳᠤ ᠪᠠᠨ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠠᠭᠢᠭᠤᠯᠬᠤ ᠳᠤ ᠰᠢᠶᠠᠨ ᠤ ᠲᠠᠰ ᠤᠨ ᠤᠳᠤᠷᠢᠳᠤᠯᠭ᠎ᠠ ᠪᠣᠯᠤᠨ ᠤᠳᠤᠷᠢᠳᠬᠤ ᠺᠠᠳ᠋ᠷ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠰᠠᠨᠠᠭᠠᠴᠢᠯᠠᠭ᠎ᠠ ᠠᠴᠠ ᠪᠠᠨ ᠤᠷᠤᠯᠴᠠᠨ ᠲᠦᠷᠦᠭᠦᠯᠡᠨ ᠠᠬᠢᠭᠤᠯᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠡᠯ᠎ᠡ ᠲᠥᠷᠤᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠠᠵᠢᠯ ᠤᠨ ᠲᠤᠳᠠᠭᠳᠠᠯ ᠢ ᠴᠠᠭ ᠲᠤᠬᠠᠶ ᠳᠤᠨᠢ ᠨᠥᠭᠦᠪᠤᠷᠢᠯᠠᠨ ᠭᠤᠤᠯ ᠰᠡᠳᠦᠪᠲᠦ  ᠬᠥᠮᠦᠵᠢᠯ ᠤᠨ ᠡᠯ᠎ᠡ ᠲᠥᠷᠤᠯ ᠤᠨ ᠠᠵᠢᠯ ᠢ ᠵᠡᠷᠭᠡᠪᠡᠷ ᠠᠬᠢᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤ ᠨᠠᠮ ᠤᠨ ᠬᠤᠷᠢᠶᠠᠨ ᠤ ᠲᠣᠭᠲᠠᠭᠠᠭᠰᠠᠨ ᠭᠤᠣᠯ ᠰᠡᠳᠦᠪ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠳᠠᠬᠢ ᠠᠵᠢᠯ ᠤᠨ ᠪᠣᠳᠠᠲᠤ ᠪᠠᠶᠢᠳᠠᠯ ᠤᠨ ᠲᠣᠭᠤᠷᠢᠨ ᠳᠤ ᠨᠠᠷᠢᠨ ᠬᠢᠨᠠᠮᠠᠭᠠᠢ ᠮᠠᠲ᠋ᠧᠷᠢᠶᠠᠯ ᠪᠡᠯᠡᠳᠬᠡᠵᠦ ᠲᠥᠪᠯᠡᠷᠡᠭᠦᠯᠦᠨ ᠵᠣᠬᠢᠶᠠᠨ ᠪᠠᠶᠢᠭᠤᠯᠬᠤ ᠠᠵᠢᠯᠯᠠᠭ᠎ᠠ ᠶᠢ ᠴᠢᠨᠠᠷ ᠰᠠᠶᠢᠲᠠᠢ ᠥᠷᠨᠢᠭᠦᠯᠬᠦ ᠭᠡᠷᠡᠭᠳᠠᠢ ᠭᠡᠵᠡᠢ᠃      ᠡᠷᠳᠡᠨᠢᠪᠢᠯᠢᠭ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠵᠡᠷᠭᠡᠪᠡᠷ ᠥᠷᠨᠢᠭᠦᠯᠵᠦ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠪᠠᠶᠢᠴᠠᠭᠠᠨ ᠲᠡᠯᠭᠡᠭᠦ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠬᠤᠰᠢᠭᠤ ᠰᠢᠶᠠᠨ ᠢ ᠡᠭᠦᠳᠦᠨ ᠪᠠᠶᠢᠭᠤᠯᠬᠤ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠵᠤ ᠬᠤᠶᠠᠷ ᠢ ᠤᠰᠤᠯᠳᠠᠭᠤᠯᠤᠯ ᠥᠭᠡᠢ ᠬᠤᠶᠠᠷ ᠢ ᠴᠢᠩᠭ᠎ᠠ ᠠᠳᠬᠤᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ᠲᠡᠷᠢᠭᠦᠨ ᠤ ᠨᠠᠶᠢᠳᠡᠯᠢᠭ ᠢ ᠪᠤᠢ ᠪᠣᠯᠭᠠᠵᠤ ᠤᠬᠠᠭᠤᠯᠭ᠎ᠠ ᠶᠢᠨ ᠰᠠᠯᠠᠭ᠎ᠠ ᠮᠥᠴᠢᠷ ᠤᠳ ᠭᠤᠤᠯ ᠰᠡᠳᠦᠪᠲᠦ ᠬᠥᠮᠦᠵᠢᠯ ᠤᠨ ᠭᠢᠯᠠᠰ ᠴᠡᠭ᠂ ᠣᠨᠴᠠᠯᠢᠭᠲᠤ ᠠᠵᠢᠯ ᠢ ᠰᠠᠶᠢᠲᠤᠷ ᠠᠳᠬᠤᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ ᠥᠷᠭᠡᠨ ᠣᠯᠠᠨ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠭᠤᠤᠯ ᠰᠡᠳᠦᠪᠲᠦ ᠬᠥᠮᠦᠵᠢᠯ ᠤᠨ ᠡᠯ᠎ᠡ ᠲᠥᠷᠤᠯ ᠤᠨ ᠠᠵᠢᠯ ᠳᠤ ᠪᠦᠬᠦ ᠲᠠᠯ᠎ᠠ ᠪᠠᠷ ᠣᠷᠣᠯᠴᠠᠭᠤᠯᠬᠤ ᠬᠡᠷᠡᠭᠲᠡᠶ ᠭᠡᠵᠡᠢ᠃ ᠰᠠᠭᠢᠯᠭ᠎ᠠ ᠪᠠᠳᠤ ᠶᠢ ᠴᠢᠩᠭ᠎ᠠ ᠵᠢᠷᠤᠮᠯᠠᠨ ᠪᠡᠶ᠎ᠡ ᠪᠠᠷ ᠢᠶᠠᠨ   ᠤᠷᠤᠯᠴᠠᠬᠤ ᠭᠡᠷᠡᠭᠳᠠᠢ᠃ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠰᠠᠯᠠᠭᠠᠨ ᠲᠡᠰ ᠤᠨ ᠺᠠᠳ᠋ᠷ ᠤᠨ ᠳᠦᠷᠢᠮ ᠲᠣᠭᠲᠠᠭᠠᠯ ᠢ ᠰᠠᠬᠢᠬᠤ᠂ ᠰᠠᠬᠢᠯᠭ᠎ᠠ ᠪᠠᠲᠤ ᠶᠢ ᠵᠢᠷᠤᠮᠯᠠᠬᠤ ᠠᠵᠢᠯ ᠢ ᠴᠢᠩᠭ᠎ᠠ ᠠᠳᠬᠤᠵᠤ ᠬᠠᠮᠳᠤ ᠶᠢᠨ ᠭᠥᠴᠤᠨ ᠢ ᠪᠤᠢ ᠪᠤᠯᠭᠠᠨ ᠮᠠᠨ ᠤ ᠬᠤᠰᠢᠭᠤᠨ ᠤ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠥᠨᠵᠡᠭᠡᠶᠢᠷᠠᠭᠦᠯᠭᠦ ᠬᠡᠷᠡᠭᠲᠡᠶ ᠭᠡᠵᠡᠢ᠃      ᠰᠦ᠋ ᠰᠢᠨ ᠹᠡ ᠱᠠᠭᠠᠷᠳᠠᠬᠤ ᠳᠤ ᠪᠠᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ ᠬᠤᠪᠢᠰᠬᠠᠯ ᠤᠨ ᠤᠯᠠᠮᠵᠢᠯᠠᠯᠲᠤ ᠬᠥᠮᠦᠵᠢᠯ᠂ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠬᠥᠮᠦᠵᠢᠯ᠂ ᠲᠠᠷᠢᠭᠦᠨ  ᠤ ᠨᠠᠶᠢᠳᠡᠯᠢᠭ ᠤᠨ ᠭᠥᠮᠤᠵᠢᠯ᠂ ᠰᠡᠷᠡᠮᠵᠢᠯᠡᠭᠦᠯᠬᠦ ᠬᠥᠮᠦᠵᠢᠯ ᠪᠠ ᠡᠬᠡ ᠣᠷᠣᠨᠴᠢ ᠦᠵᠡᠯ ᠤᠨ ᠬᠥᠮᠦᠵᠢᠯ ᠵᠡᠷᠭᠡ ᠲᠠᠪᠤᠨ ᠲᠠᠯ᠎ᠠ ᠶᠢᠨ ᠬᠥᠮᠦᠵᠢᠯ ᠢ ᠭᠤᠤᠯᠳᠠᠯᠭ᠎ᠠ ᠲᠠᠢ ᠬᠢᠵᠦ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠬᠢᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠦ ᠪᠠᠶᠢᠴᠠᠭᠠᠨ ᠰᠤᠳᠤᠯᠤᠯᠲᠠ ᠶᠢᠨ ᠭᠤᠤᠯ ᠴᠣᠭᠴᠠ᠂ ᠭᠤᠤᠯᠳᠠᠯᠭ᠎ᠠ ᠶᠢ ᠡᠵᠡᠮᠰᠢᠬᠦ ᠶᠢ ᠠᠩᠬᠠᠷᠴᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠨ ᠠᠬᠢᠭᠤᠯᠬᠤ ᠬᠡᠷᠡᠭᠲᠡᠶ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠳᠬᠤᠨ ᠠᠷᠠᠳ ᠣᠯᠠᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠵᠤᠭᠢᠰᠳᠠᠢ ᠰᠶᠢᠳᠪᠤᠷᠢᠯᠠᠵᠤ ᠪᠣᠳᠠᠲᠠᠶ ᠦᠷ᠎ᠡ ᠪᠦᠲᠦᠮᠵᠢ ᠪᠠᠷ ᠠᠷᠠᠳ ᠣᠯᠠᠨ ᠤ ᠢᠲᠡᠭᠡᠯ ᠢ ᠣᠯᠬᠤ ᠬᠡᠷᠡᠭᠲᠡᠶ᠃ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠨ ᠳᠡᠯᠭᠡᠷᠡᠭᠦᠯᠵᠦ ᠪᠣᠯᠬᠤ ᠰᠠᠶᠢᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠥᠩᠨᠡᠵᠦ ᠲᠡᠭᠡᠳᠤ ᠱᠠᠳᠤᠨ ᠤ ᠵᠠᠭᠤᠴᠢᠯᠠᠭᠤᠷ ᠲᠤ ᠦᠨ᠎ᠡ ᠥᠷᠲᠡᠭ ᠲᠠᠢ ᠰᠣᠨᠢᠨ ᠮᠡᠳᠡᠭᠡᠨ ᠤ ᠡᠬᠡ ᠪᠢᠴᠢᠭ᠂ ᠤᠬᠠᠭᠤᠯᠭ᠎ᠠ ᠶᠢᠨ ᠡᠬᠡ ᠪᠢᠴᠢᠭ᠂ ᠦᠢᠯᠡ ᠶᠠᠪᠤᠳᠠᠯ ᠤᠨ ᠡᠬᠡ ᠪᠢᠴᠢᠭ ᠢ ᠢᠳᠡᠪᠬᠢᠲᠡᠢ ᠬᠦᠷᠭᠡᠨ  ᠭᠤᠤᠯ ᠰᠡᠳᠦᠪᠲᠦ ᠰᠤᠷᠭᠠᠨ ᠬᠥᠮᠦᠵᠢᠯ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠰᠠᠶᠢᠲᠤᠷ ᠪᠤᠢ ᠪᠣᠯᠭᠠᠬᠤ ᠬᠡᠷᠡᠭᠲᠡᠶ ᠭᠡᠵᠡᠢ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ