ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/10/28
     10 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ ᠴᠢᠨᠠᠷ ᠰᠠᠶᠢᠲᠠᠶ ᠬᠥᠭᠵᠢᠯᠲᠡ ᠪᠣᠯᠤᠨ ᠳᠤᠮᠳᠠᠳᠤ ᠤᠯᠤᠰ ᠤᠨ ᠬᠤᠪᠢᠰᠬᠠᠯ ᠤᠨ ᠬᠥᠮᠦᠵᠢᠯ ᠤᠨ ᠬᠤᠶᠠᠷ ᠭᠤᠤᠯ ᠰᠡᠳᠦᠪ ᠢᠶᠠᠷ ᠲᠤᠰᠬᠠᠶ ᠰᠡᠲᠦᠪᠲᠦ ᠰᠤᠳᠤᠯᠤᠨ ᠶᠠᠷᠢᠯᠴᠠᠭ᠎ᠠ ᠦᠷᠨᠢᠬᠦᠯᠵᠤ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠴᠢᠩᠭᠠᠳᠬᠠᠵᠤ ᠭᠤᠤᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠬᠦᠯᠬᠦ ᠶᠢ ᠠᠬᠢᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠡᠷᠬᠢᠯᠡᠵᠤ ᠶᠠᠷᠢᠶ᠎ᠠ ᠲᠠᠯᠪᠢᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠬᠤᠰᠢᠭᠤ ᠰᠢᠶᠠᠨ ᠤ ᠲᠠᠰ ᠤᠨ ᠭᠡᠷ ᠲᠤ ᠪᠠᠨ ᠪᠠᠶᠢᠭ᠎ᠠ ᠪᠥᠬᠦ ᠤᠳᠤᠷᠢᠳᠤᠯᠭ᠎ᠠ᠂ ᠶᠡᠷᠦᠩᠬᠡᠶᠢᠯᠡᠭᠰᠡᠨ ᠠᠵᠤ ᠠᠬᠤᠢ ᠶᠢᠨ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ ᠬᠠᠷᠢᠭᠤᠴᠠᠯᠭᠠᠲᠠᠨ᠂ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠭᠡᠷ᠂ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠪᠣᠳᠠᠲᠤ ᠪᠠᠶᠢᠳᠠᠯ ᠪᠠ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠦᠷᠢᠶ᠎ᠡ ᠬᠡᠪᠴᠢᠶᠡᠨ ᠳᠠᠬᠢ ᠠᠵᠢᠯ ᠵᠢᠴᠢ ᠥᠪᠡᠷ ᠤᠨ ᠣᠶᠢᠯᠠᠭᠠᠯᠲᠠ ᠲᠠᠢ ᠪᠠᠨ ᠤᠶᠠᠯᠳᠤᠭᠤᠯᠤᠨ ᠴᠢᠨᠠᠷ ᠰᠠᠶᠢᠲᠠᠶ ᠬᠥᠭᠵᠢᠯᠲᠡ ᠪᠠ ᠳᠤᠮᠳᠠᠳᠤ ᠤᠯᠤᠰ ᠤᠨ ᠬᠤᠪᠢᠰᠬᠠᠯ ᠤᠨ ᠬᠥᠮᠦᠵᠢᠯ ᠤᠨ ᠲᠤᠰᠬᠠᠶ ᠰᠡᠳᠦᠪ ᠤᠨ ᠲᠣᠭᠤᠷᠢᠨ ᠳᠤ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠬᠤᠪᠢᠷᠠᠭᠤᠯᠤᠨ ᠪᠥᠬᠦ ᠬᠤᠰᠢᠭᠤᠨ ᠤ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠦᠷᠨᠢᠬᠦᠯᠵᠤ ᠵᠢᠱᠢᠭᠰᠡᠨ ᠦᠷ᠎ᠡ ᠪᠦᠲᠦᠮᠵᠢ ᠣᠯᠤᠭᠰᠠᠨ ᠪᠠᠶᠢᠨ᠎ᠠ᠃ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠪᠦᠬᠦ ᠨᠠᠮ ᠢᠶᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠲᠤᠷᠠᠳᠤᠨ ᠭᠠᠷᠭᠠᠭᠰᠠᠨ ᠴᠢᠬᠤᠯᠠ ᠶᠡᠭᠡ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠤᠯᠤᠨ᠎ᠠ᠂ ᠮᠦᠨ ᠴᠤ ᠮᠠᠨ ᠤ ᠨᠠᠮ ᠤᠨ ᠡᠯ᠎ᠡ ᠲᠥᠷᠤᠯ ᠤᠨ ᠠᠶᠤᠯ ᠲᠦᠭᠰᠢᠬᠦᠷᠢ ᠥᠷᠢᠰᠥᠯᠳᠦᠭᠡᠨ ᠢ ᠠᠷᠭᠠᠯᠠᠬᠤ᠂ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ ᠴᠢᠳᠠᠪᠤᠷᠢ ᠪᠠᠨ ᠴᠢᠩᠭᠠᠳᠬᠠᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠣᠰ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ ᠤᠭ ᠰᠠᠨᠠᠭ᠎ᠠ ᠪᠠᠨ ᠪᠠᠷᠢᠮᠲᠠᠯᠠᠬᠤ ᠪᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠶᠢ ᠤᠯᠤᠰ ᠲᠥᠷᠦ ᠶᠢᠨ ᠣᠪᠣᠷ ᠳᠡᠭᠡᠷ᠎ᠡ ᠡᠷᠡᠰ ᠢᠯᠡᠷᠡᠭᠦᠯᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠵᠢᠷᠦᠬᠡᠨ ᠳᠤ ᠬᠠᠳᠠᠩᠰᠢᠭᠤᠯᠵᠤ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠵᠡᠯ ᠰᠠᠨᠠᠭ᠎ᠠ ᠪᠠᠨ ᠴᠡᠪᠡᠷᠰᠢᠭᠦᠯᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠤᠷᠴᠠ ᠵᠡᠪᠰᠡᠭ ᠪᠤᠯᠭᠠᠨ ᠪᠣᠳᠠᠲᠤ ᠦᠷ᠎ᠡ ᠪᠦᠲᠦᠮᠵᠢ ᠪᠠᠷ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ ︽ᠳᠥᠷᠪᠡᠨ ᠢᠲᠡᠭᠡᠯ︾ ᠢ ᠪᠠᠲᠤᠳᠬᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ ᠭᠡᠵᠠᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠨᠠᠮ ᠤᠨ ᠤᠳᠤᠷᠢᠳᠤᠯᠭ᠎ᠠ ᠶᠢᠨ ᠭᠤᠤᠯᠯᠠᠭᠴᠢ ᠥᠢᠯᠡᠳᠤᠯ ᠢ ᠪᠠᠳᠠᠷᠠᠭᠤᠯᠬᠤ ᠬᠡᠷᠡᠭᠲᠡᠶ᠃ ᠨᠠᠮ ᠤᠨ ᠡᠯ᠎ᠡ ᠲᠥᠷᠥᠯ ᠤᠨ ᠠᠵᠢᠯ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠢ ᠳᠠᠶᠢᠴᠢᠯᠠᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠵᠤ ᠨᠠᠮ ᠤᠨ ᠤᠯᠤᠰ ᠲᠥᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ ᠢ ᠴᠢᠩᠭᠠᠳᠬᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠴᠢᠳᠠᠪᠤᠷᠢᠲᠠᠨ ᠢ ᠨᠢᠭᠲᠠᠷᠠᠭᠤᠯᠤᠨ ᠣᠯᠠᠨ ᠲᠦᠮᠡᠨ ᠢ ᠬᠥᠲᠥᠯᠥᠨ ᠲᠠᠭᠠᠭᠤᠯᠬᠤ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠠᠮᠢ ᠠᠬᠤᠢ ᠶᠢᠨ ᠬᠠᠮᠠᠭᠠᠯᠠᠯᠲᠠ᠂ ᠲᠥᠷᠥᠯ ᠵᠥᠢᠯ ᠤᠨ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢᠲᠦ ᠥᠷᠢᠰᠥᠯᠳᠦᠭᠡᠨ ᠢ ᠠᠷᠢᠯᠭᠠᠬᠤ ᠵᠡᠷᠭᠡ ᠠᠰᠠᠭᠤᠳᠠᠯ ᠲᠠᠢ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ ᠬᠦᠷᠦᠯᠴᠡᠬᠦ ᠥᠬᠡᠶ ᠲᠠᠯ᠎ᠠ ᠪᠠ ᠡᠯ᠎ᠡ ᠲᠥᠷᠥᠯ ᠤᠨ ᠠᠰᠠᠭᠤᠳᠠᠯ ᠢ ᠰᠢᠢᠳᠪᠦᠷᠢᠯᠡᠬᠦ ᠭᠡᠷᠡᠭᠳᠠᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠬᠢᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠥᠭᠡᠷᠡᠴᠢᠯᠡᠯᠲᠡ ᠶᠢᠨ ᠰᠡᠳᠬᠢᠬᠦᠶ᠂ ᠰᠢᠨ᠎ᠡ ᠶᠢ ᠡᠭᠦᠳᠬᠦ ᠠᠷᠭ᠎ᠠ ᠶᠢ ᠴᠢᠳᠠᠮᠠᠭᠠᠶ ᠬᠡᠷᠡᠭᠯᠡᠵᠦ ᠬᠥᠭᠵᠢᠯᠲᠡ ᠶᠢᠨ ᠶᠠᠪᠤᠴᠠ ᠳᠠᠬᠢ ᠡᠯ᠎ᠡ ᠲᠥᠷᠥᠯ ᠤᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠨᠠᠭᠰᠢᠳᠠ ᠬᠥᠭᠵᠢᠭᠡᠵᠦ ᠨᠢᠭᠡ ᠪᠦᠯᠦᠭ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠬᠥᠳᠡᠯᠭᠡᠬᠦ ᠬᠦᠴᠦᠨ ᠢ ᠪᠣᠶ ᠪᠤᠯᠭᠠᠬᠤ ᠭᠡᠷᠡᠭᠳᠠᠢ᠃ ᠲᠣᠰ ᠭᠠᠵᠠᠷ ᠣᠷᠣᠨ ᠤ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ ᠰᠢᠯᠢᠳᠡᠭ ᠵᠠᠯᠠᠭᠤ ᠴᠢᠳᠠᠪᠤᠷᠢᠲᠠᠨ ᠢ ᠵᠣᠷᠢᠭᠵᠢᠭᠤᠯᠤᠨ ᠡᠯ᠎ᠡ ᠲᠥᠷᠤᠯ ᠤᠨ ᠠᠵᠢᠯ ᠥᠢᠯᠡᠰ ᠲᠤ ᠤᠷᠤᠯᠴᠠᠭᠤᠯᠬᠤ ᠭᠡᠷᠡᠭᠳᠠᠢ᠃ ᠠᠵᠢᠯ ᠬᠢᠵᠦ ᠥᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠶ᠃ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠᠨ ᠴᠢᠯᠤᠭᠡᠯᠠᠨ ᠲᠡᠮᠡᠴᠡᠯ ᠤᠨ ᠵᠣᠷᠢᠭ ᠰᠠᠨᠠᠭ᠎ᠠ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠ  ︽ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠡᠯ᠎ᠡ ᠵᠦᠢᠯ ᠤᠨ ᠠᠶᠤᠯ ᠲᠦᠭᠰᠢᠭᠦᠷᠢ ᠶᠢ ᠠᠷᠭᠠᠯᠠᠨ ᠥᠷᠢᠰᠥᠯᠳᠦᠭᠡᠨ ᠢ ᠰᠢᠢᠳᠪᠦᠷᠢᠯᠡᠵᠤ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ︾ ᠠᠮᠢᠳᠤᠯᠢᠭ ᠦᠢᠯᠡᠳᠦᠯᠭᠡ ᠳᠤ ᠢᠳᠡᠪᠬᠢᠲᠡᠢ ᠤᠷᠤᠯᠴᠠᠨ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯᠡᠩ ᠢᠶᠠᠨ ᠬᠠᠮᠲᠤᠪᠠᠷ ᠲᠡᠷᠭᠡᠯᠰᠢᠭᠦᠯᠬᠦ︾ ᠳᠤ ᠰᠢᠨ᠎ᠡ ᠬᠤᠪᠢ ᠨᠡᠮᠡᠷᠢ ᠥᠵᠠᠭᠦᠯᠭᠦ ᠭᠡᠷᠡᠭᠳᠠᠢ ᠭᠡᠪᠡ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ