ᠨᠠᠮ ᠤᠨ ᠲᠦᠪ ᠬᠤᠷᠢᠶᠡᠨ ᠤ ᠨᠠᠮ ᠤᠨ ᠲᠡᠤᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠬᠰᠠᠠ ᠰᠢ ᠶᠢᠨ ᠫᠢᠩ ᠨᠦᠬᠦᠷ ᠤᠨ ︽ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠬᠤ | ᠲᠤᠬᠠᠢ ᠦᠬᠦᠯᠡᠬᠦ ᠨᠢ︾ ᠬᠡᠬᠦ ᠨᠤᠮ ᠢ ᠲᠦᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠡ ᠬᠡᠪᠯᠡᠬᠦᠯᠵᠥ᠂ ᠡᠨᠡ | ᠡᠳᠤᠷ ᠠᠴᠠ ᠡᠬᠢᠯᠡᠨ ᠪᠦᠬᠦ ᠤᠯᠤᠰ ᠲᠤ ᠲᠠᠷᠬᠠᠭᠠᠪᠠ᠃ | ᠡᠨᠡ ᠬᠦ ᠲᠤᠰᠬᠠᠢ ᠰᠡᠳᠤᠪᠳᠤ ᠵᠤᠬᠢᠶᠠᠯ ᠤᠨ ᠲᠡᠬᠦᠪᠦᠷᠢ ᠳᠤ᠂ 2012 ᠤᠨ ᠤ 11 ᠰᠠᠷ᠎ᠠ ᠶᠢᠨ 17 ᠤ | ᠡᠳᠤᠷ ᠰᠢ ᠶᠢᠨ ᠫᠢᠩ ᠨᠦᠬᠦᠷ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠡᠨ ᠤ ᠤᠯᠤᠰ | ᠲᠦᠷᠦ ᠶᠢᠨ ᠲᠤᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢ ᠡᠷᠬᠢᠯᠡᠬᠦ ᠦᠶ᠎ᠡ ᠶᠢᠨ | ᠶᠠᠷᠢᠶ᠎ᠠ ᠪᠠᠷ ᠡᠬᠢᠯᠡᠯᠳᠡ ᠶᠢᠨ ᠵᠤᠬᠢᠶᠠᠯ ᠪᠤᠯᠭᠠᠵᠥ᠂ 2019 ᠤᠨ ᠤ 7 ᠰᠠᠷ᠎ᠠ ᠶᠢᠨ 9 ᠤ ᠡᠳᠤᠷ ᠰᠢ ᠶᠢᠨ ᠫᠢᠩ | ᠨᠦᠬᠦᠷ ᠤᠨ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠡᠯ | ᠲᠡᠭᠡᠷᠡᠬᠢ ᠶᠠᠷᠢᠶ᠎ᠠ ᠪᠠᠷ ᠲᠡᠬᠦᠰᠬᠡᠯ ᠤᠨ ᠵᠤᠬᠢᠶᠠᠯ ᠪᠤᠯᠭᠠᠵᠥ᠂ ᠰᠢ ᠶᠢᠨ ᠫᠢᠩ ᠨᠦᠬᠦᠷ ᠤᠨ ᠨᠠᠮ ᠤᠨ ᠠᠯᠢᠪᠠ | ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠬᠤ ᠲᠤᠬᠠᠢ ᠦᠬᠦᠯᠡᠭᠰᠡᠡ 70 ᠴᠢᠬᠤᠯᠠ ᠵᠤᠬᠢᠶᠠᠯ ᠢ ᠤᠷᠤᠭᠤᠯᠪᠠ᠂ | 14 ᠲᠦᠮᠡ ᠰᠢᠬᠠᠮ ᠦᠰᠦᠭ ᠲᠠᠢ᠂ ᠡᠬᠦᠨ ᠳᠤ ᠵᠠᠷᠢᠮ ᠵᠤᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠳᠡᠯᠡᠵᠥ | ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠠ ᠨᠠᠮ ᠤᠨ ᠲᠦᠪ ᠬᠤᠷᠢᠶ᠎ᠡ᠂ ᠨᠠᠮ ᠤᠨ ᠪᠦᠬᠦ ᠲᠡᠯ᠎ᠡ ᠶᠢᠨ ᠤᠳᠤᠷᠢᠳᠤᠯᠭ᠎ᠠ ᠶᠢ ᠪᠠᠷᠢᠮᠳᠠᠯᠠᠵᠤ | ᠴᠢᠩᠭᠠᠳᠬᠠᠬᠤ ᠶᠢ ᠨᠠᠮ ᠪᠤᠯᠤᠨ ᠤᠯᠤᠰ ᠤᠨ ᠡᠯ᠎ᠡ ᠵᠦᠢᠯ ᠤᠨ ᠠᠵᠢᠯ ᠢ ᠰᠠᠶᠢᠳᠤᠷ ᠬᠢᠬᠦ ᠶᠢᠨ ᠦᠨᠳᠦᠰᠦᠨ | ᠪᠠᠳᠤᠯᠠᠭ᠎ᠠ ᠪᠤᠯᠭᠠᠵᠥ᠂ ᠨᠠᠮ ᠤᠨ ᠪᠦᠬᠦ ᠲᠡᠯ᠎ᠡ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠡᠯ᠎ᠡ ᠶᠢ ᠵᠤᠬᠢᠴᠠᠭᠤᠯᠬᠤ | ᠤᠳᠤᠷᠢᠳᠬᠤ ᠭᠤᠤᠯᠯᠠᠬᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠥ᠂ ᠨᠠᠮ ᠪᠤᠯᠤᠨ ᠤᠯᠤᠰ ᠤᠨ ᠠᠵᠢᠯ | ᠦᠢᠯᠡᠰ ᠤᠨ ᠲᠡᠤᠬᠡᠳᠤ ᠴᠢᠨᠠᠷᠳᠠᠢ ᠠᠮᠵᠢᠯᠳᠠ ᠤᠯᠬᠤ᠂ ᠲᠡᠤᠬᠡᠳᠤ ᠴᠢᠨᠠᠷᠳᠠᠢ ᠬᠤᠪᠢᠰᠤᠯᠳᠠ ᠭᠠᠷᠬᠤ ᠶᠢ ᠠᠬᠢᠭᠤᠯᠵᠥ | ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠪᠠ᠃ ᠰᠢ ᠶᠢᠨ ᠫᠢᠩ | ᠨᠦᠬᠦᠷ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠬᠤ ᠶᠢᠨ ᠴᠢᠬᠤᠯᠠ ᠠᠴᠢ ᠬᠤᠯᠪᠤᠭᠳᠠᠯ᠂ | ᠴᠢᠭᠯᠡᠯ ᠵᠠᠷᠴᠢᠮ᠂ ᠪᠠᠶᠢᠭᠤᠯᠤᠮᠵᠢ ᠲᠤᠭᠳᠠᠴᠠ᠂ ᠠᠷᠭ᠎ᠠ ᠪᠠᠷᠢᠯ ᠵᠡᠷᠬᠡ ᠴᠢᠬᠤᠯᠠ ᠶᠡᠭᠡ ᠠᠰᠠᠭᠤᠳᠠᠯ ᠤᠨ | ᠲᠤᠭᠤᠷᠢᠨ ᠳᠤ ᠬᠦᠨᠵᠡᠬᠡᠢ ᠲᠤᠳᠤᠷᠬᠠᠢᠢᠯᠠᠨ ᠦᠬᠦᠯᠡᠵᠥ᠂ ᠮᠠᠨ ᠤ ᠨᠠᠮ ᠤᠨ ᠡᠪ ᠬᠠᠮᠳᠤ ᠨᠠᠮ ᠤᠨ ᠲᠦᠷᠦ ᠪᠠᠷᠢᠬᠤ | ᠵᠢᠮ᠎ᠡ ᠶᠤᠰᠤ᠂ ᠨᠡᠶᠢᠬᠡᠮ ᠵᠢᠷᠤᠮ ᠤᠨ ᠪᠦᠳᠦᠬᠡᠨ ᠪᠠᠶᠢᠭᠤᠯᠤᠯᠳᠠ ᠶᠢᠨ ᠵᠢᠮ᠎ᠡ ᠶᠤᠰᠤ᠂ ᠬᠦᠮᠥᠨ ᠲᠦᠷᠦᠯᠬᠢᠳᠡᠨ ᠤ | ᠨᠡᠶᠢᠬᠡᠮ ᠤᠨ ᠬᠦᠭᠵᠢᠯᠳᠡ ᠶᠢᠨ ᠵᠢᠮ᠎ᠡ ᠶᠤᠰᠤᠨ ᠤ ᠲᠤᠬᠠᠢ ᠲᠠᠨᠢᠯᠳᠡ ᠶᠢ ᠲᠦᠢᠯ ᠤᠨ ᠶᠡᠭᠡ ᠪᠠᠷ ᠬᠦᠨᠵᠡᠬᠡᠶᠢᠷᠡᠬᠦᠯᠵᠥ᠂ | ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠳᠠ ᠶᠢᠨ ᠤᠨᠤᠯ ᠢ ᠪᠠᠶᠠᠯᠢᠭᠵᠢᠭᠤᠯᠤᠨ ᠬᠦᠭᠵᠢᠬᠦᠯᠪᠡ᠃ | ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠬᠤ ᠪᠤᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠴᠢᠬᠤᠯᠠ | ᠪᠦᠷᠢᠯᠳᠦᠬᠦᠨ ᠬᠡᠰᠡᠭ ᠮᠥᠨ᠂ ᠪᠢᠳᠡᠨ ᠤ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠳᠡᠬᠡᠯ | ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ᠂ ᠤᠬᠠᠮᠰᠠᠷ ᠠᠴᠠ ᠪᠠᠨ ᠦᠵᠡᠯ ᠰᠠᠨᠠᠭᠠᠨ ᠤ | ᠲᠠᠯ᠎ᠠ ᠤᠯᠤᠰ ᠲᠦᠷᠦ ᠶᠢᠨ ᠲᠠᠯ᠎ᠠ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶ᠎ᠡ ᠲᠠᠢ ᠲᠡᠬᠡᠳᠤ | ᠬᠡᠮᠵᠢᠶ᠎ᠡ ᠪᠠᠷ ᠨᠢᠬᠡᠳᠤᠯᠳᠡᠢ ᠪᠠᠶᠢᠬᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠᠶᠢᠭᠤᠯᠤᠮᠵᠢ ᠲᠤᠭᠳᠠᠴᠠ ᠶᠢ | ᠪᠦᠷᠢᠨᠰᠢᠬᠦᠯᠬᠦ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠤᠩᠬᠡᠢ ᠬᠦᠭ ᠠᠶᠠᠰ ᠢ | ᠪᠠᠷᠢᠮᠳᠠᠯᠠᠬᠤ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠡᠢ | ᠲᠦᠯᠥᠪᠵᠢᠬᠦᠯᠥᠨ ᠠᠬᠢᠭᠤᠯᠬᠤ᠂ ︽ᠲᠦᠷᠪᠡᠨ ᠪᠦᠬᠦ ᠲᠡᠯ᠎ᠡ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠬᠤ᠂ ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠡᠷᠢᠯᠬᠢᠯᠡᠬᠦ᠂ | ᠲᠦᠷᠦ ᠶᠢᠨ ᠪᠤᠳᠤᠯᠭ᠎ᠠ ᠲᠤᠭᠳᠠᠭᠠᠬᠤ᠂ ᠦᠬᠡᠷᠡᠴᠢᠯᠡᠯᠳᠡ ᠶᠢ ᠠᠬᠢᠭᠤᠯᠬᠤ ᠴᠢᠳᠠᠪᠤᠷᠢ ᠪᠤᠯᠤᠨ ᠲᠤᠭᠳᠠᠯ ᠬᠦᠴᠦᠨ ᠢ | ᠲᠡᠭᠡᠭᠰᠢᠯᠡᠬᠦᠯᠵᠥ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠲᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠴᠢᠬᠤᠯᠠ | ᠶᠡᠭᠡ ᠪᠦᠬᠡᠳ ᠠᠯᠤᠰ ᠬᠡᠳᠤ ᠶᠢᠨ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ |