ᠤᠷᠴᠢᠮ ᠤᠨ ᠵᠢᠯ ᠠᠴᠠ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠠᠷᠠᠳ | ᠣᠯᠠᠨ ᠤ ᠬᠡᠷᠡᠭᠴᠡᠭᠡ ᠱᠠᠭᠠᠷᠳᠠᠯᠭ᠎ᠠ ᠠᠴᠠ ᠭᠠᠷᠳᠠᠵᠤ ᠮᠣᠩᠭᠤᠯ ᠡᠮ ᠡᠮᠨᠡᠯᠭᠡ ᠶᠢᠨ ᠳᠠᠪᠠᠭᠤᠯᠢᠭ ᠣᠨᠴᠠᠯᠢᠭ ᠪᠣᠯᠬᠤ | ᠤᠯᠠᠮᠵᠢᠯᠠᠯᠲᠤ ᠵᠠᠰᠠᠯ ᠢ ᠤᠳᠤ ᠦᠶ᠎ᠡ ᠶᠢᠨ ᠮᠡᠷᠭᠡᠵᠢᠯ ᠲᠠᠢ ᠤᠶᠠᠯᠳᠤᠭᠤᠯᠤᠨ ᠣᠨᠣᠰᠢᠯᠠᠨ ᠡᠮᠨᠡᠬᠦ ᠠᠷᠭ᠎ᠠ ᠶᠢ ᠭᠡᠷᠡᠭᠯᠡᠬᠦ | ᠶᠢᠨ ᠬᠠᠮᠳᠣ ᠮᠣᠩᠭᠤᠯ ᠡᠮ ᠤᠨ ︽ᠨᠢᠬᠡ ᠬᠦᠮᠣᠨ ᠳᠤ ᠨᠢᠬᠡ ᠵᠣᠷ ᠳᠣᠬᠢᠷᠠᠭᠤᠯᠣᠨ ᠨᠠᠶᠢᠷᠠᠭᠤᠯᠬᠤ︾ ᠵᠡᠷᠭᠡ | ᠣᠨᠴᠠᠯᠢᠭᠲᠤ ᠤᠯᠠᠮᠵᠢᠯᠠᠯ ᠢ ᠪᠠᠳᠠᠷᠠᠭᠤᠯᠵᠤ ᠡᠪᠡᠳᠴᠢᠲᠡᠨ ᠳᠤ ᠨᠠᠩ ᠬᠠᠨᠳᠤᠯᠭᠠᠲᠤ ᠴᠢᠨᠠᠷᠲᠠᠶ ᠡᠮ ᠡᠮᠨᠡᠯᠭᠡ ᠶᠢᠨ | ᠦᠶᠯᠡᠴᠢᠯᠡᠭᠡ ᠬᠠᠩᠭᠠᠵᠤ ᠪᠠᠶᠢᠨ᠎ᠠ᠃ | ᠮᠠᠨ ᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠨᠢ ᠤᠯᠠᠮᠵᠢᠯᠠᠯᠲᠤ ᠡᠮᠴᠢᠯᠡᠭᠡᠨ ᠤ ᠮᠡᠷᠭᠡᠵᠢᠯ ᠢᠶᠠᠨ | ᠤᠳᠤ ᠦᠶ᠎ᠡ ᠶᠢᠨ ᠰᠢᠨ᠎ᠡ ᠮᠡᠷᠭᠡᠵᠢᠯ ᠲᠠᠢ ᠤᠶᠠᠯᠳᠤᠭᠤᠯᠤᠭᠰᠠᠨ ᠠᠴᠠ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ | ᠳᠤ ᠣᠣᠯ ᠳᠤ ᠪᠠᠨ ᠡᠳᠦᠷ ᠪᠣᠯᠭᠠᠨ ᠤ ᠡᠪᠡᠳᠴᠢᠲᠡᠨ ᠦᠵᠡᠬᠦ ᠬᠡᠮᠵᠢᠶ᠎ᠠ ᠨᠢ 50 ᠬᠥᠮᠦᠨ ᠬᠦᠷᠬᠦ ᠦᠭᠡᠢ ᠪᠠᠶᠢᠭᠰᠠᠨ | ᠠᠴᠠ ᠪᠠᠨ ᠤᠳᠤ ᠪᠣᠯᠬᠤ ᠳᠤ ᠡᠳᠣᠷ ᠪᠣᠯᠭᠠᠨ 300 ᠣᠷᠴᠢᠮ ᠡᠪᠡᠳᠴᠢᠳᠡᠨ ᠢ ᠪᠠᠶᠢᠴᠠᠭᠠᠨ ᠦᠵᠡᠵᠣ | ᠦᠶᠯᠡᠴᠢᠯᠡᠭᠰᠡᠨ ᠢᠶᠠᠷ ᠪᠠᠷᠠᠬᠤ ᠦᠭᠡᠢ ᠬᠥᠮᠦᠰ ᠲᠤ ᠪᠠᠰᠠ ᠮᠣᠩᠭᠤᠯ ᠣᠯᠠᠮᠵᠢᠯᠠᠯᠳᠣ ᠡᠮ ᠡᠮᠨᠡᠯᠭᠡ ᠶᠢᠨ ᠷᠢᠳᠢ | ᠰᠢᠳᠢ ᠶᠢ ᠮᠡᠳᠡᠬᠦᠯᠣᠨ ᠭᠠᠶᠢᠬᠠᠭᠤᠯᠣᠭᠰᠠᠨ ᠪᠠᠶᠢᠨ᠎ᠠ᠃ | ᠮᠤᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ ᠮᠦᠩᠬᠡᠨᠠᠰᠤᠨ᠄ | ︽ᠮᠠᠨ ᠤ ᠬᠤᠷᠢᠶᠠᠨ ᠤ ᠮᠤᠩᠭᠤᠯ ᠡᠮᠨᠡᠯᠭᠡ ᠶᠢᠨ ᠤᠯᠠᠮᠵᠢᠯᠠᠯᠲᠤ ᠲᠠᠪᠤᠨ ᠵᠠᠰᠠᠯ ᠤᠨ ᠰᠠᠯᠠᠭ᠎ᠠ ᠨᠢ ᠬᠤᠷᠢᠶᠠᠨ ᠤ | ᠭᠤᠤᠯᠳᠠᠯᠭᠠᠳᠤ ᠰᠠᠯᠠᠭ᠎ᠠ ᠪᠠᠶᠢᠭᠰᠠᠨ ᠠᠴᠠ ᠬᠤᠳᠠ ᠶᠢᠨ ᠳᠡᠰ ᠤᠨ ᠭᠤᠤᠯᠳᠠᠯᠭᠠᠳᠤ ᠰᠠᠯᠠᠭ᠎ᠠ ᠪᠤᠯᠵᠤ ᠤᠳᠤ ᠪᠤᠯ | ᠤᠷᠤᠨ ᠤ ᠳᠡᠰ ᠤᠨ ᠭᠤᠤᠯᠳᠠᠯᠭᠠᠲᠤ ᠰᠠᠯᠠᠭ᠎ᠠ ᠪᠤᠯᠵᠤ ᠬᠦᠭᠵᠢᠨ ᠭᠤᠤᠯᠳᠠᠭᠤ ᠮᠤᠩᠭᠤᠯ ᠡᠮᠨᠡᠯᠭᠡ ᠶᠢᠨ ᠬᠠᠨᠠᠬᠤ᠂ | ᠬᠠᠳᠬᠤᠬᠤ᠂ ᠲᠦᠭᠡᠨᠡᠬᠦ᠂ ᠳᠤᠮᠨᠠᠬᠤ᠂ ᠬᠠᠯᠠᠭᠤᠨ ᠬᠦᠢᠲᠡᠨ ᠵᠢᠩ ᠲᠠᠯᠪᠢᠬᠤ᠂ ᠷᠠᠰᠢᠶᠠᠨ ᠵᠠᠰᠠᠯ᠂ ᠴᠡᠭᠡ ᠵᠠᠰᠠᠯ | ᠵᠡᠷᠭᠡ ᠤᠯᠠᠮᠵᠢᠯᠠᠯᠲᠤ ᠵᠠᠰᠠᠯ ᠢ ᠬᠢᠵᠦ ᠪᠠᠶᠢᠨ᠎ᠠ᠃ ᠡᠨᠡ ᠰᠠᠭᠤᠷᠢᠨ ᠳᠡᠭᠡᠷ᠎ᠡ ᠪᠢᠳᠠ ᠡᠪᠡᠳᠴᠢᠲᠡᠨ ᠤ ᠱᠠᠭᠠᠷᠳᠠᠯᠭ᠎ᠠ ᠶᠢ | ᠦᠨᠳᠦᠰᠦᠯᠡᠵᠦ ᠡᠮᠴᠢᠯᠡᠭᠡ ᠬᠢᠬᠦ ᠠᠷᠭ᠎ᠠ ᠪᠤᠯᠤᠨ ᠵᠠᠰᠠᠬᠤ ᠲᠠᠯ᠎ᠠ ᠪᠠᠷ ᠨᠡᠩ ᠰᠠᠶᠢᠨ ᠦᠢᠯᠡᠴᠢᠯᠡᠬᠦ ᠪᠠᠷ ᠴᠢᠷᠮᠠᠶᠢᠵᠤ | ᠪᠠᠶᠢᠨ᠎ᠠ︾ ᠭᠡᠵᠤ ᠶᠠᠷᠢᠵᠤ ᠪᠠᠶᠢᠯ᠎ᠠ᠃ | ᠮᠠᠨ ᠤ ᠬᠤᠰᠢᠭᠤ ᠦᠪᠡᠷᠮᠢᠴᠡ ᠤᠨᠴᠠᠯᠢᠭᠲᠤ ᠤᠯᠠᠮᠵᠢᠯᠠᠯᠲᠤ ᠡᠮᠴᠢᠯᠡᠭᠡ ᠪᠠᠷ ᠢᠶᠠᠨ ᠡᠪᠡᠳᠴᠢᠲᠡᠨ ᠳᠤ | ᠦᠢᠯᠡᠴᠢᠯᠡᠵᠤ ᠡᠪᠡᠳᠴᠢᠲᠡᠨ ᠳᠤ ᠨᠡᠩ ᠲᠦᠬᠦᠮ ᠦᠵᠡᠬᠦᠯᠦᠨ ᠮᠤᠩᠭᠤᠯ ᠡᠮ ᠡᠮᠨᠡᠯᠭᠡ ᠶᠢᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠵᠤ ᠪᠠᠶᠢᠨ᠎ᠠ᠃ |