ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠨ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢᠶᠠᠷ ᠤᠳᠤᠷᠢᠳᠤᠮᠵᠢ ᠪᠤᠯᠭᠠᠵᠤ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠦᠢᠯᠡᠴᠢᠯᠡᠭᠡ ᠪᠤᠯᠤᠨ ᠵᠠᠭᠠᠯᠳᠤᠯᠭ᠎ᠠ ᠶᠢᠨ | ᠬᠠᠯᠠᠮᠰᠢᠯ ᠤᠲᠠᠰᠤ ᠶᠢ ᠨᠢᠬᠡᠳᠬᠡᠵᠦ ᠠᠷᠠᠳ ᠲᠤ ᠳᠥᠭᠦᠮ ᠦᠢᠯᠡᠴᠢᠯᠡᠭᠡ ᠬᠠᠩᠭᠠᠵᠤ ᠪᠠᠶᠢᠨ᠎ᠠ᠃ | ︽7581234︾ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠬᠠᠯᠠᠮᠰᠢᠯ ᠤᠲᠠᠰᠤ ᠨᠢ ᠠᠷᠠᠳ | ᠲᠦᠮᠡᠨ ᠳᠤ ᠦᠢᠯᠡᠴᠢᠯᠡᠬᠦ ᠴᠢᠬᠤᠯᠠ ᠬᠥᠭᠦᠷᠭᠡ ᠪᠠᠶᠢᠵᠤ ᠣᠯᠠᠨ ᠲᠦᠮᠡᠨ ᠤ ᠠᠰᠠᠭᠤᠨ ᠯᠠᠪᠯᠠᠬᠤ᠂ ᠭᠤᠮᠣᠳᠠᠯ | ᠱᠠᠭᠠᠷᠳᠠᠯᠭ᠎ᠠ ᠲᠤᠭᠠᠴᠢᠬᠤ᠂ ᠰᠠᠨᠠᠯ ᠰᠠᠨᠠᠭᠤᠯᠭ᠎ᠠ ᠲᠤᠷᠠᠳᠬᠤ ᠵᠡᠷᠭᠡ ᠬᠡᠷᠡᠭ ᠶᠠᠪᠤᠳᠠᠯ ᠢ ᠬᠦᠯᠢᠶᠡᠨ ᠠᠪᠴᠤ | ᠰᠢᠢᠳᠪᠤᠷᠢᠯᠡᠬᠦ ᠦᠢᠯᠡᠴᠢᠯᠡᠬᠡᠨ ᠤ ᠬᠠᠯᠠᠮᠰᠢᠯ ᠤᠲᠠᠰᠤ ᠪᠤᠯᠠᠬᠤ ᠪᠦᠭᠡᠳ ᠣᠯᠠᠨ ᠲᠦᠮᠡᠨ ᠤ ᠬᠦᠴᠢᠷ ᠵᠣᠪᠠᠯᠠᠩ ᠢ | ᠰᠢᠢᠳᠪᠤᠷᠢᠯᠡᠬᠦ ᠴᠢᠬᠤᠯᠠ ᠠᠷᠭ᠎ᠠ ᠵᠠᠮ ᠪᠠᠶᠢᠵᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠯᠲᠠ ᠶᠢ | ᠴᠢᠩᠭᠠᠳᠬᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠠᠰᠠᠭᠤᠳᠠᠯ ᠢ ᠢᠯᠡᠷᠡᠭᠦᠯᠬᠦ ᠪᠠ | ᠠᠵᠢᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠭᠰᠠᠨ ᠪᠠᠶᠢᠨ᠎ᠠ᠃ | ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠬᠠᠯᠠᠮᠰᠢᠯ ᠤᠲᠠᠰᠤ ᠶᠢ ᠬᠦᠯᠢᠶᠡᠨ ᠠᠪᠴᠤ | ᠰᠢᠢᠳᠪᠤᠷᠢᠯᠡᠬᠦ ᠳᠡᠰ ᠳᠠᠷᠠᠭᠠᠯᠠᠯ ᠪᠣᠯ ᠠᠵᠢᠯᠲᠠᠨ ᠤᠲᠠᠰᠤ ᠶᠢ ᠳᠤᠰᠤᠭᠰᠠᠨ ᠤ ᠳᠠᠷᠠᠭ᠎ᠠ ᠤᠴᠢᠷ ᠶᠠᠪᠤᠳᠠᠯ ᠢ | ᠦᠨᠳᠦᠰᠦᠯᠡᠨ ᠲᠥᠷᠥᠯ ᠬᠤᠪᠢᠶᠠᠵᠤ ᠰᠠᠯᠠᠭ᠎ᠠ ᠮᠥᠴᠢᠷ ᠪᠤᠶᠤ ᠰᠤᠮᠤ ᠪᠠᠯᠭᠠᠰᠤᠨ ᠳᠤ ᠬᠠᠷᠢᠶᠠᠯᠠᠭᠳᠠᠬᠤ ᠤᠴᠢᠷ | ᠶᠠᠪᠤᠳᠠᠯ ᠤᠨ ᠠᠭᠤᠯᠭ᠎ᠠ ᠶᠢ ᠲᠠᠪᠴᠠᠩ ᠤᠨ ᠰᠢᠰᠲ᠋ᠧᠮ ᠢᠶᠠᠷ ᠳᠠᠮᠵᠢᠭᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ | ᠪᠤᠯᠤᠨ ᠰᠤᠮᠤ ᠪᠠᠯᠭᠠᠰᠤᠨ ᠳᠤ ᠬᠠᠷᠢᠭᠤ ᠲᠤᠰᠬᠠᠵᠤ ᠰᠠᠯᠠᠭ᠎ᠠ ᠮᠥᠴᠢᠷ ᠪᠤᠯᠤᠨ ᠰᠤᠮᠤ ᠪᠠᠯᠭᠠᠰᠤᠨ ᠳᠤ ᠮᠡᠳᠡᠭᠳᠡᠨ | ᠭᠠᠷ ᠤᠨ ᠦᠰᠦᠭ ᠵᠢᠷᠣᠭᠤᠯᠣᠭᠰᠠᠨ ᠤ ᠳᠠᠷᠠᠭ᠎ᠠ ᠡᠬᠢᠯᠡᠨ ᠬᠦᠢᠴᠡᠳᠬᠡᠵᠦ ᠰᠢᠢᠳᠪᠤᠷᠢᠯᠡᠭᠰᠡᠨ ᠦᠷ᠎ᠡ ᠳ᠋ᠦᠩ ᠢ | ᠬᠠᠷᠢᠭᠤ ᠮᠡᠳᠡᠭᠦᠯᠤᠨ ᠠᠵᠢᠯᠲᠠᠨ ᠳᠠᠬᠢᠨ ᠰᠢᠢᠳᠪᠤᠷᠢᠯᠡᠭᠰᠡᠨ ᠪᠠᠶᠢᠳᠠᠯ ᠢ ᠠᠰᠠᠭᠤᠨ ᠰᠣᠷᠪᠣᠯᠵᠢᠯᠠᠳᠠᠭ ᠪᠠᠶᠢᠨ᠎ᠠ᠃ | ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠰᠤᠭ ᠤᠨ ᠡᠷᠬᠢᠯᠡᠭᠴᠢ ᠬᠥ᠋ ᠱᠢ ᠼᠠᠢ᠄ ︽ᠥᠨᠥᠳᠦᠷ ᠪᠣᠯᠲᠠᠯ᠎ᠠ ᠬᠤᠰᠢᠭᠤ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠠᠪᠴᠠᠩ ᠨᠡᠶᠢᠲᠡ 2131 ᠬᠤᠪᠢ ᠣᠯᠠᠨ ᠲᠦᠮᠡᠨ ᠤ ᠰᠠᠨᠠᠯ ᠢ ᠬᠦᠯᠢᠶᠡᠨ | ᠠᠪᠴᠤ ᠰᠢᠢᠳᠪᠤᠷᠢᠯᠡᠵᠦ ᠠᠷᠠᠳ ᠣᠯᠠᠨ ᠤ ᠰᠡᠳᠬᠢᠯ ᠬᠠᠨᠤᠮᠵᠢ ᠶᠢᠨ ᠨᠣᠷᠮ᠎ᠠ ᠨᠢ 99.6 % ᠠᠴᠠ ᠳᠡᠭᠡᠭᠰᠢ ᠳᠤ | ᠭᠦᠷᠦᠭᠰᠡᠨ ᠪᠠᠶᠢᠨ᠎ᠠ︾ ᠭᠡᠵᠤ ᠶᠠᠷᠢᠵᠤ ᠪᠠᠶᠢᠯ᠎ᠠ᠃ | ᠲᠠᠷᠠᠭᠠᠴᠢ ᠶᠢᠨ ᠠᠯᠬᠤᠮ ᠳᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠪᠠᠴᠢᠮ | ᠪᠠᠶᠢᠳᠠᠯ ᠢ ᠰᠢᠢᠳᠪᠦᠷᠢᠯᠡᠬᠦ ᠲᠥᠷᠥᠯ ᠤᠨ ᠤᠲᠠᠰᠤ ᠶᠢ ︽7581234︾ ᠠᠷᠠᠳ ᠲᠤ ᠳᠥᠭᠦᠮ ᠦᠵᠡᠭᠦᠯᠬᠦ | ᠦᠢᠯᠡᠴᠢᠯᠡᠬᠡᠨ ᠤ ᠤᠲᠠᠰᠤ ᠲᠠᠢ ᠨᠢᠭᠡᠳᠬᠡᠵᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠲᠠᠢ | ᠠᠭᠤᠰᠤᠯᠴᠠᠭᠤᠯᠤᠨ ᠮᠡᠳᠡᠯᠭᠡ ᠶᠢᠨ ᠬᠥᠮᠥᠷᠭᠡ ᠶᠢ ᠰᠢᠨᠡᠳᠬᠡᠵᠦ ᠣᠯᠠᠨ ᠲᠦᠮᠡᠨ ᠤ ᠬᠠᠯᠠᠮᠰᠢᠯ ᠪᠠ ᠬᠦᠴᠢᠷ | ᠠᠰᠠᠭᠤᠳᠠᠯ ᠳᠤ ᠴᠢᠭᠯᠡᠭᠦᠯᠦᠨ ᠠᠷᠠᠳ ᠲᠤ ᠦᠢᠯᠡᠴᠢᠯᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠬᠤᠲᠠ ᠶᠢᠨ ᠠᠷᠠᠳ ᠲᠤ ᠨᠠᠩ ᠰᠠᠶᠢᠲᠤᠷ ᠦᠢᠯᠡᠴᠢᠯᠡᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ | ᠤᠲᠠᠰᠤ ᠶᠢ ᠠᠷᠠᠳ ᠤᠨ ᠲᠥᠯᠥᠭᠡ ᠦᠢᠯᠡᠴᠢᠯᠡᠬᠦ ᠤᠲᠠᠰᠤ ᠪᠤᠯᠭᠠᠬᠤ ᠪᠤᠯᠤᠨ᠎ᠠ᠃ | |