ᠳᠤᠮᠳᠠᠳᠤ ᠤᠯᠤᠰ ᠤᠨ ᠡᠪ ᠬᠠᠮᠲᠤ ᠨᠠᠮ ᠤᠨ ᠥᠥᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2019-10-29
     ︵2019 ᠣᠨ ᠤ 10 ᠰᠠᠷ᠎ᠠ ᠶᠢᠨ 24 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠥᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠥᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠥᠰᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠥᠬᠦᠳᠡ ᠬᠤᠷᠠᠯ 2019 ᠣᠨ ᠤ 10 ᠰᠠᠷ᠎ᠠ ᠶᠢᠨ 24 ᠤ ᠡᠳᠦᠷ ᠭᠠᠯᠠᠭᠤᠲᠤ ᠪᠠᠯᠭᠠᠰᠤᠨ ᠳᠤ ᠬᠤᠷᠠᠯᠳᠤᠪᠠ᠃
     ᠪᠥᠬᠦᠳᠡ ᠬᠤᠷᠠᠯ ᠳᠤ ᠬᠤᠰᠢᠭᠤ ᠨᠠᠮ ᠤᠨ ᠬᠤᠷᠢᠶᠠᠨ ᠤ ᠭᠡᠰᠢᠭᠦᠨ 27 ᠨᠡᠷ᠎ᠡ᠂ ᠣᠷᠣᠯᠠᠭᠴᠢ ᠭᠡᠰᠢᠭᠦᠨ 7 ᠨᠡᠷ᠎ᠡ  ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠣᠯᠤᠨ ᠬᠤᠰᠢᠭᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠤᠷᠤᠯᠴᠠᠪᠠ᠃
     ᠪᠥᠬᠦᠳᠡ ᠬᠤᠷᠠᠯ ᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠲᠡᠭᠡᠷ᠎ᠡ ᠶᠠᠷᠢᠶ᠎ᠠ ᠲᠠᠯᠪᠢᠪᠠ᠃
     ᠪᠥᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠥᠷᠪᠡᠳᠤᠭᠡᠷ ᠬᠤᠭᠤᠴᠠᠭᠠᠨ ᠤ ᠶᠢᠰᠤᠳᠤᠭᠡᠷ ᠤᠳᠠᠭ᠎ᠠ ᠶᠢᠨ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠤᠷᠢᠵᠢᠭᠤᠯᠵᠤ ︽ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠥᠰᠢᠨ ᠬᠤᠰᠢᠭᠤᠨ ᠤ ᠨᠠᠮ ᠤᠨ ᠬᠤᠷᠢᠶᠠᠨ ᠤ ᠬᠡᠷᠡᠭᠵᠢᠭᠦᠯᠬᠦ ᠲᠥᠰᠦᠯ︾ ᠢ ᠬᠢᠨᠠᠨ ᠪᠠᠳᠤᠯᠠᠭᠰᠠᠨ ᠪᠠᠶᠢᠨ᠎ᠠ᠃      ᠪᠥᠬᠦᠳᠡ ᠬᠤᠷᠠᠯ ᠠᠴᠠ ᠵᠢᠭᠠᠬᠤ ᠳᠤ ᠪᠠᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠪᠠᠶᠠᠷᠲᠤ ᠴᠠᠭ ᠮᠦᠴᠡ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠤ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠳᠤ᠂ ᠪᠦᠬᠦ ᠨᠠᠮ ᠢᠶᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠴᠢᠬᠤᠯᠠ ᠮᠥᠴᠡ ᠳᠤ ᠶᠡᠷᠦᠩᠬᠡᠶ ᠱᠦᠵᠢ ᠰᠢ ᠶᠢᠨ ᠫᠢᠩ  ᠥᠪᠥᠷ ᠮᠣᠩᠭᠤᠯ ᠳᠤ ᠢᠷᠡᠵᠦ ᠰᠢᠨᠵᠢᠯᠡᠨ ᠪᠠᠶᠢᠴᠠᠭᠠᠯᠳᠠ ᠭᠢᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠂ ᠡᠨᠡ ᠨᠢ ᠥᠪᠥᠷ ᠮᠣᠩᠭᠤᠯ ᠤᠨ ᠬᠥᠭᠵᠢᠯᠲᠡ ᠶᠢᠨ ᠲᠠᠤᠭᠡᠨ ᠳᠡᠭᠡᠷ᠎ᠡ ᠠᠤᠭ᠎ᠠ ᠶᠡᠭᠡ ᠠᠴᠢ ᠬᠤᠯᠪᠣᠭᠳᠠᠯ ᠲᠠᠢ ᠶᠤᠮ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠤᠰ ᠬᠡᠲᠤ ᠶᠢᠨ ᠤᠳᠬ᠎ᠠ ᠠᠭᠤᠯᠭ᠎ᠠ᠂ ᠭᠦᠨ ᠭᠦᠨᠵᠡᠭᠡᠶ ᠦᠵᠡᠯ ᠰᠠᠨᠠᠭ᠎ᠠ᠂ ᠡᠯᠪᠡᠭ ᠪᠠᠶᠠᠯᠢᠭ ᠳᠣᠲᠣᠭᠠᠳᠤ ᠠᠭᠤᠯᠬᠤᠨ ᠲᠠᠢ ᠪᠠᠶᠢᠵᠤ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠠᠵᠢᠯᠯᠠᠭᠠᠨ ᠤ ᠬᠥᠲᠥᠯᠪᠦᠷᠢ ᠶᠢ ᠵᠢᠭᠠᠨ ᠮᠠᠨ ᠤ ᠬᠤᠰᠢᠭᠤᠨ ᠤ ᠠᠵᠤ ᠠᠬᠤᠶ ᠨᠡᠶᠢᠬᠡᠮ ᠤᠨ ᠡᠯ᠎ᠡ ᠲᠥᠷᠤᠯ ᠤᠨ ᠠᠵᠢᠯ ᠦᠢᠯᠡᠰ ᠤᠨ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠵᠠᠶ᠃ ᠪᠢᠳᠡ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠠᠮᠢᠳᠤᠯᠢᠭ ᠥᠢᠯᠡᠳᠤᠯᠭᠡ ᠪᠠ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃
     ᠪᠥᠬᠦᠳᠡ ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠶ ᠱᠦᠵᠢ ᠰᠢ ᠶᠢᠨ ᠫᠢᠩ ᠶᠠᠷᠢᠶᠠᠨ ᠳᠤ ᠪᠠᠨ᠂ ᠥᠪᠥᠷ ᠮᠣᠩᠭᠤᠯ ᠤᠨ ᠠᠵᠤ ᠠᠬᠤᠶ ᠨᠡᠶᠢᠬᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠰᠢᠨ᠎ᠡ ᠠᠵᠠ ᠲᠣᠬᠢᠶᠠᠯ ᠢ ᠰᠢᠨᠵᠢᠯᠡᠬᠦ ᠤᠬᠠᠭᠠᠨᠴᠢ ᠪᠠᠷ ᠵᠢᠭᠠᠵᠤ ᠥᠭᠴᠡᠶ᠃ ᠪᠢᠳᠡ ᠡᠷᠬᠡᠪᠰᠢ ︽ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ︾᠂ ︽ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ︾᠂ ︽ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ︾᠂ ︽ᠮᠠᠨ ᠤ ᠤᠯᠤᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠥᠢᠯᠡᠳᠪᠤᠷᠢᠯᠠᠯ ᠤᠨ ᠴᠢᠬᠤᠯᠠ ᠰᠠᠭᠤᠷᠢᠨ ᠭᠠᠵᠠᠷ︾᠂ ︽ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ︾ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠵᠦ ᠮᠠᠨ ᠤ ᠬᠤᠰᠢᠭᠤᠨ ᠤ ᠠᠮᠢ ᠠᠬᠤᠢ᠂ ᠠᠵᠤ ᠦᠢᠯᠡᠰ᠂ ᠤᠷᠤᠨ ᠪᠠᠶᠢᠷᠢ᠂ ᠰᠣᠶᠣᠯ ᠪᠠ ᠰᠣᠶᠣᠯ ᠢᠷᠭᠡᠨᠰᠢᠯ ᠤᠨ ᠳᠠᠪᠠᠭᠤᠯᠢᠭ ᠢ ᠪᠠᠳᠠᠷᠠᠭᠤᠯᠤᠨ ᠬᠥᠭᠵᠢᠯᠲᠡ ᠶᠢᠨ ᠶᠡᠭᠡ ᠲᠠᠯ᠎ᠠ  ᠠᠴᠠ ᠠᠵᠢᠯ ᠢᠶᠠᠨ ᠠᠬᠢᠭᠤᠯᠵᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠡᠢ᠃      ᠪᠥᠭᠦᠳᠠ ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ  ᠲᠥᠷᠤᠯ ᠤᠨ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ ᠨᠠᠶᠢᠲᠠᠪᠤᠷᠢᠵᠢᠭᠤᠯᠬᠤ ᠬᠡᠷᠡᠭᠲᠡᠶ᠃ ᠲᠥᠷᠥᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠥᠷᠭᠡᠳᠬᠡᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠮᠡᠭᠳᠡᠬᠦᠯᠤᠨ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠨᠠᠶᠢᠷᠠᠭᠤᠯᠤᠨ ᠲᠤᠭᠳᠠᠭᠠᠬᠤ  ᠲᠠᠢ ᠤᠶᠠᠯᠳᠤᠭᠤᠯᠵᠤ ᠦᠨᠳᠦᠷ ᠵᠡᠷᠭᠡ ᠲᠡᠰ ᠪᠦᠬᠦᠢ ᠲᠦᠷᠦᠯ ᠵᠦᠢᠯ ᠢ ᠲᠦᠯᠦᠪᠯᠡᠨ ᠭᠠᠷᠭᠠᠬᠤ ᠶᠢ ᠴᠢᠩᠭᠠᠳᠬᠠᠵᠤ ᠪᠡᠯᠡ ᠣᠷᠣᠭᠤᠯᠤᠯᠲᠠ ᠶᠢᠨ ᠪᠠᠭᠲᠠᠭᠠᠮᠵᠢ ᠪᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠨᠥᠭᠡᠴᠡᠯᠡᠵᠦ ︽ᠳᠥᠷᠪᠡᠨ ᠠᠷᠪᠢᠨ ᠳᠥᠷᠪᠡᠨ ᠴᠥᠭᠡᠨ︾ ᠪᠠᠶᠢᠳᠠᠯ ᠢ ᠬᠤᠪᠢᠷᠠᠭᠤᠯᠬᠤ ᠭᠡᠷᠡᠭᠳᠠᠢ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠵᠣᠬᠢᠴᠠᠩᠭᠤᠢ ᠠᠭᠤᠰᠤᠯᠴᠠᠭᠤᠯᠤᠨ ᠬᠦᠭᠵᠢᠬᠦᠯᠵᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠠᠭᠤᠷᠢᠨ ᠭᠠᠵᠠᠷ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠤ ᠳᠠᠪᠠᠭᠤᠯᠢᠭ ᠣᠷᠣᠨ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠵᠤ ᠪᠦᠲᠦᠴᠡ ᠶᠢ ᠲᠤᠬᠢᠷᠠᠭᠤᠯᠤᠨ ᠶᠠᠰᠤ ᠴᠢᠨᠠᠷ ᠢ ᠲᠡᠭᠡᠭᠰᠢᠯᠠᠭᠦᠯᠭᠦ ᠭᠡᠷᠡᠭᠳᠠᠢ᠃  ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠥᠢᠯᠡᠰ ᠢ ᠬᠥᠭᠵᠢᠭᠦᠯᠵᠦ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠤᠶᠤᠨᠲᠤ ᠲᠣᠨᠤᠭ ᠲᠥᠬᠦᠭᠡᠷᠦᠮᠵᠢ᠂ ᠮᠣᠩᠭᠤᠯ ᠬᠢᠲᠠᠳ ᠡᠮ ᠡᠮᠨᠡᠯᠭᠡ᠂ ᠡᠯᠧᠺᠲᠷᠣᠨ ᠮᠡᠳᠡᠭᠡ ᠵᠠᠩᠭᠢ ᠵᠡᠷᠭᠡ ᠠᠵᠤ ᠦᠢᠯᠡᠰ ᠤᠨ ᠬᠡᠪᠴᠢᠶᠡᠵᠢᠭᠰᠡᠨ ᠬᠥᠭᠵᠢᠯᠲᠡ ᠶᠢ ᠠᠭᠢᠭᠤᠯᠬᠤ ᠭᠡᠷᠡᠭᠳᠠᠢ᠃  ᠠᠮᠢ ᠠᠬᠤᠢ ᠶᠢ ᠠᠳᠬᠤᠨ ᠦᠷ᠎ᠡ ᠠᠰᠢᠭ ᠢ ᠦᠷᠭᠦᠯᠵᠢᠯᠡᠨ ᠨᠡᠮᠡᠭᠳᠡᠭᠦᠯᠵᠤ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠤ ︽ᠮᠠᠯᠵᠢᠬᠤ ᠳ᠋ᠠᠵᠠᠢ︾ ᠦᠦᠰᠢᠨᠵᠤᠤ ᠶᠢᠨ ᠵᠣᠷᠢᠭ ᠰᠠᠨᠠᠭ᠎ᠠ ᠪᠠᠷ ᠲᠥᠯᠦᠭᠡᠯᠡᠭᠦᠯᠦᠭᠰᠡᠨ ᠦᠦᠰᠢᠨ ᠠᠷᠠᠳ ᠤᠨ ᠡᠯᠡᠰᠦ ᠶᠢ ᠵᠠᠰᠠᠬᠤ ᠵᠣᠷᠢᠭ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠵᠤ ᠮᠤᠤᠠᠤᠰᠤ ᠶᠢᠨ ᠡᠯᠡᠰᠦ ᠶᠢ ᠵᠠᠰᠠᠬᠤ ᠲᠤᠷᠰᠢᠯᠭ᠎ᠠ ᠶᠢ ᠬᠤᠷᠢᠶᠠᠩᠭᠤᠶᠢᠯᠠᠨ ᠳᠡᠯᠭᠡᠷᠡᠭᠦᠯᠵᠤ ᠰᠢᠷᠬᠤᠰᠤᠨ ᠭᠤᠤᠯ ᠶᠢᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠳᠠᠭᠤᠷᠢᠶᠠᠯ ᠦᠵᠡᠬᠦᠯᠬᠦ ᠣᠷᠣᠨ ᠢ ᠪᠠᠶᠢᠭᠤᠯᠬᠤ ᠬᠡᠷᠡᠭᠲᠡᠢ᠃ ᠪᠤᠬᠢᠷᠳᠤᠯ  ᠢ ᠰᠡᠷᠭᠡᠶᠢᠯᠡᠨ ᠵᠠᠰᠠᠬᠤ ᠰᠢᠪᠳᠤᠯᠤᠯᠲᠠ ᠶᠢᠨ ᠠᠵᠢᠯ ᠢ ᠰᠠᠶᠢᠲᠤᠷ ᠬᠢᠵᠤ ᠠᠭᠤᠷᠬᠠᠢ ᠶᠢᠨ ᠬᠤᠳᠳᠤᠭ ᠶᠢᠨ ᠤᠰᠤ᠂ ᠨᠡᠭᠦᠷᠡᠰᠦᠨ ᠴᠢᠯᠠᠭᠤ ᠵᠡᠷᠭᠡ ᠶᠢ ᠡᠬᠢ ᠪᠠᠶᠠᠯᠢᠭᠵᠢᠭᠤᠯᠤᠨ ᠠᠰᠢᠭᠯᠠᠬᠤ ᠡᠷᠴᠢᠮ ᠢᠶᠠᠨ ᠴᠢᠩᠭᠠᠳᠬᠠᠵᠤ  ᠥᠩᠭᠡᠨ ᠲᠠᠯ᠎ᠠ ᠪᠣᠯᠣᠨ ᠦᠨᠳᠦᠰᠦ ᠰᠤᠷᠪᠤᠯᠵᠢ ᠶᠢ ᠵᠠᠷᠭᠡᠪᠡᠷ ᠵᠠᠰᠠᠨ ᠣᠷᠴᠢᠨ ᠲᠣᠭᠤᠷᠢᠨ ᠤ ᠳᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠤ ᠠᠮᠢ ᠠᠬᠤᠢ ᠶᠢ ᠠᠰᠢᠭᠯᠠᠬᠤ ᠬᠡᠯᠪᠡᠷᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠰᠠᠭᠤᠷᠢ  ᠶᠢ ᠠᠳᠬᠤᠵᠤ ᠳᠤᠲᠠᠭᠳᠠᠯ ᠢ ᠦᠷᠭᠦᠯᠵᠢᠯᠡᠨ ᠨᠥᠬᠦᠪᠦᠷᠢᠯᠡᠵᠤ ᠰᠠᠭᠤᠷᠢ ᠲᠥᠬᠦᠭᠡᠷᠦᠮᠵᠢ᠂ ᠮᠠᠯᠵᠢᠬᠤ ᠲᠠᠷᠢᠶᠠᠯᠠᠬᠤ ᠣᠷᠣᠨ᠂ ᠬᠤᠳᠠᠯᠳᠤᠭᠠᠨ ᠤ ᠣᠷᠴᠢᠨ ᠨᠦᠬᠦᠴᠡᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠶᠢᠨ ᠲᠤᠭᠤᠷᠢᠨ ᠳᠤ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠵᠤ ᠣᠷᠣᠨ ᠪᠦᠰᠡ ᠶᠢᠨ ᠴᠢᠨᠠᠷᠲᠠᠢ ᠭᠠᠳᠠᠭᠠᠲᠦ ᠨᠡᠭᠡᠭᠡᠯᠲᠡ ᠶᠢᠨ ᠡᠮᠦᠨ᠎ᠡ ᠹᠷᠤᠨᠲ ᠢ ᠪᠠᠶᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠦᠬᠦ ᠬᠦᠴᠦᠨ  ᠢᠶᠠᠷ ᠪᠠᠲᠤᠯᠠᠨ ᠠᠷᠠᠳ ᠲᠦᠮᠡᠨ ᠢᠶᠠᠷ ᠭᠤᠣᠯ ᠪᠤᠯᠭᠠᠭᠰᠠᠨ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ ᠬᠦᠨᠳᠦ ᠶᠡᠭᠡ ᠠᠶᠦᠯ ᠳᠦᠭᠰᠢᠭᠦᠷᠢ ᠶᠢ ᠰᠡᠷᠭᠡᠶᠢᠯᠡᠨ ᠠᠷᠢᠯᠭᠠᠵᠤ ᠦᠷᠢ ᠦᠭᠴᠡᠭᠡ ᠶᠢ ᠢᠯᠭᠠᠷᠠᠭᠤᠯᠬᠤ ᠬᠦᠴᠦᠯᠡᠴᠡ ᠪᠠᠨ ᠴᠢᠩᠭᠠᠳᠬᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠵᠤ ︽ᠬᠠᠷ᠎ᠠ ᠪᠥᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ᠂ ᠠᠶᠦᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠵᠦᠷᠢᠴᠡᠯ ᠵᠢᠭᠤᠷᠠᠭᠠᠨ᠂ ᠰᠦᠯᠵᠢᠶᠡᠨ ᠤ ᠶᠠᠷᠢᠶ᠎ᠠ ᠬᠡᠯᠡᠯᠴᠡᠭᠡ᠂ ᠨᠡᠶᠢᠬᠡᠮ ᠤᠨ ᠠᠮᠤᠷ ᠲᠤᠭᠲᠠᠭᠤᠨ ᠵᠡᠷᠭᠡ ᠠᠵᠢᠯ ᠢ ᠰᠠᠶᠢᠲᠤᠷ ᠠᠳᠬᠤᠵᠤ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠰᠠᠶᠢᠲᠤᠷ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠬᠢᠵᠤ  ᠪᠦᠬᠦ ᠤᠯᠤᠰ ᠤᠨ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠰᠢᠨ᠎ᠡ ᠴᠠᠭ ᠦᠶ᠎ᠡ ᠳᠠᠬᠢ ᠪᠦᠬᠦ ᠤᠯᠤᠰ ᠤᠨ ᠪᠤᠯᠪᠠᠰᠤᠨ ᠢ ᠦᠢᠯᠡᠳᠦᠯᠭᠡᠵᠢᠬᠦᠯᠬᠦ ᠲᠥᠪ ᠤᠨ ᠲᠤᠷᠰᠢᠯᠲᠠ ᠶᠢᠨ ᠴᠡᠭ ᠢ ᠢᠳᠡᠪᠬᠢᠲᠠᠢ ᠪᠠᠶᠢᠭᠤᠯᠤᠨ ᠨᠡᠶᠢᠬᠡᠮ ᠤᠨ ᠶᠡᠭᠡ ᠪᠠᠶᠢᠳᠠᠯ ᠪᠣᠯᠣᠨ ᠡᠶ᠎ᠡ ᠵᠤᠬᠢᠴᠠᠯ ᠢ ᠬᠠᠮᠠᠭᠠᠯᠠᠨ ᠪᠦᠬᠦ ᠬᠤᠰᠢᠭᠤᠨ ᠤ ᠠᠷᠠᠳ ᠲᠦᠮᠡᠨ ᠳᠤ ᠦᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠮᠵᠢ ᠶᠢ ᠡᠳ᠋ᠯᠡᠬᠦᠯᠬᠦ ᠬᠡᠷᠡᠭᠲᠡᠢ ᠬᠡᠵᠡᠢ᠃   ᠬᠤᠷᠠᠯ ᠠᠴᠠ ᠴᠢᠬᠤᠯᠠᠴᠢᠯᠠᠬᠤ ᠳᠤ ᠪᠠᠨ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠡᠯ᠎ᠡ ᠲᠠᠯ᠎ᠠ ᠶᠢᠨ ᠠᠵᠢᠯ ᠢ ᠬᠢᠬᠦ ᠶᠢᠨ ᠦᠨᠳᠦᠰᠦᠨ ᠪᠠᠲᠤᠯᠠᠭ᠎ᠠ ᠪᠤᠯᠬᠤ ᠶᠣᠮ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠵᠤ ︽ᠤᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢ ᠯᠠᠪᠲᠠᠭᠤᠨ ᠥᠷᠨᠢᠭᠦᠯᠵᠤ ᠡᠯ᠎ᠡ ᠵᠦᠢᠯ ᠤᠨ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠤ ᠨᠠᠮ ᠤᠨ ᠪᠠᠶᠢᠭᠤᠯᠤᠯᠲᠠ  ᠶᠢᠨ ᠬᠢᠷᠢ ᠳᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠤ ᠪᠦᠬᠦ ᠬᠤᠰᠢᠭᠤᠨ ᠤ ᠡᠯ᠎ᠡ ᠲᠠᠯ᠎ᠠ ᠶᠢᠨ ᠠᠵᠢᠯ ᠦᠢᠯᠡᠰ  ᠤᠨ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠤᠳᠤᠷᠢᠳᠬᠤ ᠺᠠᠳ᠋ᠷ ᠲᠤᠯᠤᠭᠠᠶᠢᠯᠠᠨ ᠵᠢᠱᠢᠶ᠎ᠡ ᠦᠵᠡᠭᠦᠯᠬᠦ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠨᠠᠮ ᠤᠨ ᠳᠥᠷᠢᠮ ᠳᠤᠭᠳᠠᠭᠠᠯ᠂ ᠠᠷᠠᠳ ᠲᠥᠮᠡᠨ ᠤ ᠬᠦᠰᠡᠯ ᠡᠷᠡᠮᠡᠯᠵᠡᠯ ᠂ ᠰᠢᠨ᠎ᠡ ᠪᠠᠶᠢᠳᠠᠯ ᠰᠢᠨ᠎ᠡ ᠡᠭᠦᠷᠭᠡ᠂ ᠲᠡᠷᠢᠭᠦᠨ ᠤ ᠭᠠᠵᠠᠷ ᠣᠷᠣᠨ ᠪᠣᠯᠣᠨ ᠨᠡᠶᠢᠲᠡᠯᠢᠭ ᠵᠢᠱᠢᠶ᠎ᠡ ᠯᠤᠭ᠎ᠠ ᠬᠠᠷᠢᠴᠠᠭᠤᠯᠤᠨ ᠵᠤᠬᠢᠰᠲᠠᠢ ᠪᠠᠷ ᠴᠡᠭᠴᠡᠯᠡᠨ ᠵᠠᠰᠠᠵᠤ ᠪᠦᠬᠦ ᠬᠦᠴᠦᠨ ᠢᠶᠠᠷ ᠢᠶᠠᠨ᠂ ᠤᠬᠠᠮᠰᠠᠷ ᠠᠴᠠ ᠪᠠᠨ ᠬᠥᠳᠡᠯᠦᠯᠴᠡᠬᠦ ᠬᠡᠷᠡᠭᠲᠡᠢ᠃ ᠭᠤᠤᠯ ᠰᠡᠲᠦᠪᠲᠦ ᠬᠦᠮᠦᠵᠢᠯ ᠤᠨ ᠴᠢᠨᠠᠷ ᠴᠢᠨᠰᠠᠭ᠎ᠠ ᠶᠢ ᠦᠨᠡᠨᠬᠦ ᠪᠠᠲᠤᠯᠠᠵᠤ ᠡᠳᠦᠷ ᠲᠤᠲᠤᠮ ᠤᠨ ᠬᠢᠨᠠᠨ ᠵᠢᠯᠣᠭᠤᠳᠣᠯᠭ᠎ᠠ ᠶᠢ ᠴᠢᠩᠭᠠᠳᠬᠠᠨ ᠭᠤᠤᠯ ᠰᠡᠲᠦᠪᠲᠦ ᠬᠦᠮᠦᠵᠢᠯ ᠤᠨ ᠡᠯ᠎ᠡ ᠭᠤᠭᠴᠤᠭᠠᠨ ᠤ ᠴᠢᠨᠠᠷ ᠴᠢᠨᠰᠠᠭ᠎ᠠ ᠶᠢ ᠦᠷᠬᠦᠯᠵᠢᠯᠡᠨ ᠦᠨᠡᠯᠡᠨ ᠰᠢᠯᠭᠠᠵᠤ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ᠂ ᠣᠯᠠᠨ ᠲᠥᠮᠡᠨ ᠤ ᠤᠯᠤᠯᠲᠠ ᠬᠦᠷᠲᠡᠮᠵᠢ ᠪᠠᠷ ᠭᠤᠤᠯ ᠰᠡᠲᠦᠪᠲᠦ ᠬᠦᠮᠦᠵᠢᠯ ᠤᠨ ᠥᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ᠃ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ ᠭᠤᠤᠯ ᠰᠡᠲᠦᠪᠲᠦ ᠬᠦᠮᠦᠵᠢᠯ ᠢᠶᠠᠷ ᠳᠠᠶᠢᠴᠢᠯᠠᠭᠤᠯᠵᠤ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ ᠨᠠᠮ ᠤᠨ ᠦᠵᠡᠯ ᠰᠠᠨᠠᠭ᠎ᠠ᠂ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠰᠤᠷᠲᠠᠯ ᠢ ᠴᠡᠪᠡᠷᠰᠢᠭᠦᠯᠵᠤ ᠥᠷᠭᠡᠨ ᠤᠯᠠᠨ ᠨᠠᠮ ᠤᠨ ᠭᠡᠰᠢᠭᠦᠨ ᠤ ᠦᠪᠡᠷ ᠤᠨ ᠪᠡᠶ᠎ᠡ ᠶᠢᠨ ᠦᠭᠡᠷᠡᠴᠢᠯᠡᠯᠲᠡ ᠰᠢᠨᠡᠴᠢᠯᠡᠯᠲᠡ᠂ ᠲᠡᠭᠦᠯᠳᠡᠷᠵᠢᠯᠲᠡ ᠶᠢᠨ ᠴᠢᠳᠠᠪᠬᠢ ᠶᠢ ᠳᠡᠭᠡᠭᠰᠢᠯᠡᠬᠦᠯᠬᠦ ᠬᠡᠷᠡᠭᠲᠡᠢ᠃ ᠢᠯᠵᠢᠷᠡᠯ ᠢ ᠡᠰᠡᠷᠬᠦᠴᠡᠬᠦ ᠶᠢ ᠭᠤᠶᠢᠪᠢᠰᠢ ᠦᠭᠡᠢ ᠪᠠᠷᠢᠮᠳᠠᠯᠠᠵᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠤ  ᠨᠠᠮ ᠤᠨ ᠭᠡᠰᠢᠭᠦᠳ ᠤᠨ ᠢᠳᠡᠪᠬᠢᠵᠢᠯ ᠢ ᠬᠦᠢᠴᠡᠳ ᠳᠠᠶᠢᠴᠢᠯᠠᠵᠤ ᠰᠢᠨ᠎ᠡ ᠦᠷ᠎ᠡ ᠪᠦᠲᠦᠮᠵᠢ ᠭᠠᠷᠭᠠᠬᠤ ᠤᠷᠴᠢᠨ ᠨᠦᠬᠦᠴᠡᠯ ᠢ ᠡᠭᠦᠳᠬᠦ ᠬᠡᠷᠡᠭᠲᠡᠢ ᠬᠡᠪᠡ᠃  ᠬᠤᠷᠠᠯ ᠠᠴᠠ ᠤᠷᠢᠶᠠᠯᠠᠬᠤ ᠳᠤ ᠪᠠᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ  ᠤ ᠲᠣᠭᠤᠷᠢᠨ ᠳᠤ ᠪᠥᠯᠬᠦᠮᠳᠡᠨ ᠨᠢᠭᠲᠠᠷᠠᠵᠤ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠣᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠭᠤᠰᠢᠯᠠᠭᠤᠯᠵᠤ ᠬᠠᠷᠢᠯᠴᠠᠨ ᠬᠠᠪᠰᠤᠷᠤᠯᠴᠠᠵᠤ ᠪᠥᠯᠬᠦᠮᠳᠡᠨ ᠲᠡᠮᠡᠴᠡᠵᠤ ᠬᠦᠴᠢᠷᠲᠡᠯ ᠢ ᠢᠯᠠᠨ ᠲᠠᠪᠠᠵᠤ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢ ᠪᠠᠶᠢᠭᠤᠯᠤᠨ ᠠᠭᠤᠤ ᠶᠡᠭᠡ ᠳᠤᠮᠳᠠᠳᠦ ᠶᠢᠨ ᠬᠦᠰᠡᠯ ᠢ ᠲᠡᠷᠭᠡᠯᠰᠢᠭᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号