ᠮᠠᠨ ᠤ ᠬᠤᠰᠢᠭᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠳᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-29
     10 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠳᠠ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ ᠬᠤᠷᠠᠯ ᠡᠷᠭᠢᠯᠠᠵᠤ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠼᠣᠣ ᠶᠢᠨ ᠱᠠᠨ᠂ ᠨᠠᠷᠢᠠᠭᠤᠤᠯ ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠬᠠᠮᠢᠶᠠᠷᠤᠯᠲᠠ  ᠶᠢᠨ ᠵᠦᠪᠯᠡᠯ ᠤᠨ ᠡᠷᠬᠢᠯᠡᠭᠴᠢ ᠶᠠᠩ ᠵᠦᠩ ᠬᠤᠩ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤᠨ ᠳᠤ ᠰᠠᠭᠤᠷᠢᠰᠢᠭ᠎ᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠳᠤ ᠤᠷᠤᠯᠴᠠᠭᠰᠠᠳ ᠪᠥᠭᠦ ᠬᠤᠰᠢᠭᠤᠨ ᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠨ ᠳᠤ ᠶᠠᠷᠢᠯᠴᠠᠭ᠎ᠠ ᠥᠷᠨᠢᠭᠦᠯᠵᠤ ᠬᠤᠷᠠᠯ ᠠᠴᠠ ᠡᠯ᠎ᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢᠨ ᠲᠠᠨᠢᠯᠴᠠᠭᠤᠯᠭ᠎ᠠ ᠪᠠ ᠪᠦᠬᠦ ᠬᠤᠰᠢᠭᠤᠨ ᠤ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃      ᠵᠤᠤ ᠹᠧᠶ ᠯᠦ ᠵᠢᠭᠠᠬᠤ ᠳᠤ ᠪᠠᠨ᠂ ᠲᠤᠰ ᠤᠳᠠᠭᠠᠨ ᠤ ᠬᠤᠷᠠᠯ ᠪᠣᠯ ︽ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠨᠢᠭᠡᠨ ᠰᠡᠳᠦᠪ ᠪᠣᠯᠤᠨ᠎ᠠ᠂ ᠣᠯᠠᠨ ᠢᠶᠠᠷ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠰᠢ ᠣᠯᠠᠨ ᠴᠢᠨᠠᠷᠯᠢᠭ ᠰᠠᠨᠠᠯ ᠰᠠᠨᠠᠭᠤᠯᠭ᠎ᠠ ᠪᠠ ᠦᠨ᠎ᠡ ᠥᠷᠲᠡᠭ ᠲᠠᠢ ᠲᠥᠷᠥᠯ ᠵᠥᠢᠯ ᠤᠨ ᠮᠡᠳᠡᠭᠡ ᠵᠠᠩᠭᠢ ᠶᠢ ᠣᠯᠵᠤ ᠠᠵᠢᠯ ᠤᠨ ᠲᠤᠬᠠᠢ ᠰᠠᠨᠠᠯ ᠢᠶᠠᠨ ᠰᠤᠯᠢᠯᠴᠠᠭᠰᠠᠨ ᠤ ᠬᠠᠮᠲᠤ ᠣᠷᠣᠨ ᠨᠤᠲᠤᠭ ᠠᠵᠤ ᠠᠬᠤᠶᠢᠯᠠᠯ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠵᠤᠵᠠᠭᠠᠳᠬᠠᠨ ᠵᠢᠱᠢᠭᠰᠡᠨ ᠬᠠᠷᠠᠯᠲᠠ ᠳᠠᠭᠠᠨ ᠬᠦᠷᠦᠭᠰᠡᠨ ᠪᠠᠶᠢᠨ᠎ᠠ ᠭᠡᠵᠡᠢ᠃      ᠵᠤᠤ ᠹᠧᠶ ᠯᠦ ᠴᠢᠬᠤᠯᠠᠴᠢᠯᠠᠬᠤ ᠳᠤ ᠪᠠᠨ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠬᠤ ᠪᠥᠭᠡᠳ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠣᠳᠠᠲᠤ ᠬᠡᠷᠡᠭᠴᠡᠭᠡ ᠪᠣᠯᠤᠨ᠎ᠠ᠃ ᠪᠥᠬᠦ ᠬᠤᠰᠢᠭᠤ ᠪᠠᠷ ᠢᠶᠠᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠡᠨᠧᠷᠭᠢ ᠶᠢᠨ ᠬᠤᠪᠢᠰᠬᠠᠯ ᠤᠨ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠡᠯ᠎ᠡ ᠠᠵᠤ ᠠᠬᠤᠶᠢᠯᠠᠯᠲᠠᠳ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠢᠩᠭᠡᠭᠡᠨ ᠠᠪᠴᠤ ᠠᠵᠢᠯ ᠤᠨ ᠳᠤᠮᠳᠠᠬᠢ ᠭᠦᠨᠵᠡᠭᠡᠶ ᠪᠤᠰᠤ᠂ ᠨᠠᠷᠢᠯᠢᠭ ᠪᠤᠰᠤ᠂ ᠪᠣᠳᠠᠲᠠᠶ ᠪᠤᠰᠤ ᠠᠰᠠᠭᠤᠳᠠᠯ ᠢ ᠰᠶᠢᠳᠪᠤᠷᠢᠯᠠᠨ   ᠥᠥᠰᠢᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠬᠡᠷᠡᠭᠲᠡᠶ᠃ ᠲᠥᠷᠥᠯ ᠵᠥᠢᠯ ᠢ ᠲᠥᠯᠥᠪᠵᠢᠭᠦᠯᠤᠨ ᠠᠵᠤ ᠦᠢᠯᠡᠰ ᠤᠨ ᠭᠡᠯᠭᠢᠶᠠᠵᠢᠯ ᠢ ᠤᠷᠲᠤᠳᠬᠠᠵᠤ ᠡᠨᠧᠷᠭᠢ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠡᠮᠵᠢᠶ᠎ᠡ ᠶᠢ ᠲᠡᠭᠡᠭᠰᠢᠯᠠᠭᠦᠯᠤᠨ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ ᠠᠷᠢᠭᠤᠨ ᠴᠡᠪᠡᠷ ᠲᠤᠤᠷ᠎ᠠ ᠨᠡᠭᠦᠷᠡᠰᠦᠲᠥ᠋ᠷᠥᠭᠴᠢᠲᠦ᠂ ᠠᠮᠤᠷ ᠲᠦᠪᠰᠢᠨ᠂ ᠥᠨᠳᠥᠷ ᠪᠦᠲᠦᠮᠵᠢᠲᠡᠶ ᠡᠨᠧᠷᠭᠢ ᠶᠢᠨ ᠣᠯᠠᠨ ᠡᠰᠢᠲᠦ ᠬᠠᠩᠭᠠᠯᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠭᠢᠵᠢᠭᠦᠯᠭᠦ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠲᠠᠢ ᠵᠣᠬᠢᠴᠠᠭᠰᠠᠨ ᠠᠵᠤ ᠦᠢᠯᠡᠰ ᠤᠨ ᠲᠥᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ  ᠰᠢᠨ᠎ᠡ ᠶᠢ ᠡᠭᠦᠳᠬᠦ᠂ ᠪᠠᠷᠠᠭᠠᠨ ᠬᠦᠢᠯᠭᠡᠭᠡ᠂ ᠮᠥᠩᠭᠦᠨ ᠬᠦᠢᠯᠭᠡᠭᠡ᠂ ᠠᠮᠤᠷ ᠲᠦᠪᠰᠢᠨ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠢᠭᠡᠳᠦᠯᠲᠡᠶ ᠲᠥᠯᠥᠪᠵᠢᠭᠦᠯᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠠᠶᠢᠵᠢᠷᠠᠭᠤᠯᠵᠤ ᠬᠥᠭᠵᠢᠯᠲᠡ ᠶᠢᠨ ᠳᠤᠮᠳᠠᠬᠢ ᠬᠢᠵᠠᠭᠠᠷᠯᠠᠬᠤ ᠬᠦᠴᠦᠨ ᠵᠥᠢᠯ ᠢ ᠠᠷᠢᠯᠭᠠᠵᠤ ᠡᠨᠧᠷᠭᠢ ᠶᠢᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ᠂ ᠠᠮᠤᠷ ᠲᠦᠪᠰᠢᠨ ᠬᠥᠭᠵᠢᠯᠲᠡ᠂ ᠰᠢᠨ᠎ᠡ ᠶᠢ ᠡᠭᠦᠳᠬᠦ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠡᠢ᠃      ᠵᠤᠤ ᠹᠧᠶ ᠯᠦ ᠴᠢᠬᠤᠯᠠᠴᠢᠯᠠᠬᠤ ᠳᠤ ᠪᠠᠨ᠂ ᠡᠯ᠎ᠡ ᠠᠵᠤ ᠠᠬᠤᠶᠢᠯᠠᠯ᠂ ᠴᠢᠳᠠᠪᠤᠷᠢᠲᠠᠨ ᠤ ᠲᠤᠯᠭᠠᠭᠤᠷᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ  ᠭᠥᠢᠴᠡᠳ ᠪᠠᠳᠠᠷᠠᠭᠤᠯᠵᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠦᠷᠬᠦᠯᠵᠢᠯᠡᠬᠦᠶᠢᠴᠡ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠶ᠃ ᠠᠶᠤᠯᠭᠦᠶ ᠥᠢᠯᠡᠳᠪᠤᠷᠢᠯᠠᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠨ ᠭᠢᠵᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠠᠰᠠᠭᠤᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠨᠡᠶᠢᠬᠡᠮ ᠤᠨ ᠦᠢᠯᠡᠰ ᠤᠨ ᠬᠥᠭᠵᠢᠯᠲᠡ ᠶᠢ ᠳᠠᠮᠵᠢᠵᠤ ᠠᠵᠤ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭ᠎ᠠ ᠶᠢ ᠭᠥᠢᠴᠡᠳᠭᠡᠨ ︽ᠵᠠᠭᠤᠨ ᠠᠵᠤ ᠠᠬᠤᠶᠢᠯᠠᠯ ᠵᠠᠭᠤᠨ ᠭᠠᠴᠠᠭ᠎ᠠ ᠲᠣᠰᠬᠤᠨ ᠢ ᠬᠠᠪᠰᠤᠷᠬᠤ︾ ᠠᠵᠢᠯᠯᠠᠭ᠎ᠠ ᠪᠠᠷ ᠳᠠᠮᠵᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠬᠡᠮ ᠤᠨ ᠦᠷ᠎ᠡ ᠠᠰᠢᠭ ᠤᠨ ᠬᠤᠤᠰ ᠥᠷ᠎ᠠ ᠠᠰᠢᠭ ᠣᠯᠬᠤ ᠶᠢ ᠪᠠᠶᠠᠯᠠᠭᠦᠯᠤᠨ ᠥᠥᠰᠢᠨ ᠨᠤᠲᠤᠭ ᠢᠶᠠᠨ ᠨᠠᠩ ᠦᠵᠡᠰᠬᠦᠯᠡᠩᠲᠦ ᠰᠠᠶᠢᠬᠠᠨ  ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号