ᠰᠡᠴᠡᠨᠪᠢᠯᠢᠭ ᠮᠠᠨ ᠬᠤᠰᠢᠭᠤᠨ ᠳᠤ ᠢᠷᠡᠵᠤ ᠭᠤᠤᠯᠳᠠᠯᠭ᠎ᠠ ᠲᠠᠢ ᠲᠦᠷᠦᠯ ᠵᠦᠢᠯ ᠪᠠ ᠲᠦᠷᠢᠮ ᠠᠴᠠ ᠵᠦᠷᠢᠴᠠᠵᠤ ᠪᠠᠶᠢᠭᠤᠯᠤᠬᠰᠠᠨ ᠬᠤᠪᠢ ᠠᠰᠠᠷᠲᠤ ᠰᠠᠭᠤᠴᠠ ᠶᠢ ᠪᠠᠶᠢᠴᠠᠭᠠᠨ ᠴᠡᠭᠴᠡᠯᠡᠭᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2019/10/29
     ᠤᠳᠤᠬᠠᠨ ᠳᠤ ᠶᠠᠭ ᠦᠷᠨᠢᠭᠦᠯᠵᠤ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠦᠪᠳᠤ ᠭᠦᠮᠦᠵᠢᠯ ᠲᠠᠢ ᠤᠶᠠᠯᠳᠤᠭᠤᠯᠤᠨ᠂ ᠤᠢᠢᠷ᠎ᠠ ᠳᠤ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠲᠠᠷᠤᠭ᠎ᠠ ᠰᠡᠴᠡᠨᠪᠢᠯᠢᠭ ᠮᠠᠨ ᠤ ᠬᠤᠰᠢᠭᠤᠨ ᠳᠤ ᠢᠷᠡᠵᠤ ᠭᠤᠤᠯᠳᠠᠯᠭ᠎ᠠ ᠲᠠᠢ ᠲᠦᠷᠦᠯ ᠵᠦᠢᠯ ᠪᠠ ᠲᠦᠷᠢᠮ ᠠᠴᠠ ᠵᠦᠷᠢᠴᠠᠵᠤ ᠪᠠᠶᠢᠭᠤᠯᠤᠬᠰᠠᠨ ᠬᠤᠪᠢ ᠠᠰᠠᠷᠲᠤ ᠰᠠᠭᠤᠴᠠ ᠶᠢ ᠪᠠᠶᠢᠴᠠᠭᠠᠨ ᠴᠡᠭᠴᠡᠯᠡᠭᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ᠃
     ᠰᠡᠴᠡᠨᠪᠢᠯᠢᠭ ᠨᠠᠷ ᠤᠷᠢᠳ ᠬᠤᠵᠢᠳ ᠵᠦᠸᠧ ᠵᠸᠡᠭ ᠨᠡᠭᠦᠷᠡᠰᠦ ᠭᠢᠮᠢ ᠶᠢᠨ ᠠᠵᠤ ᠦᠢᠯᠡᠳᠪᠤᠷᠢ ᠶᠢᠨ ᠲᠦᠷᠦᠯ ᠵᠦᠢᠯ᠂ ᠨᠠᠷᠢᠨᠭᠤᠤᠯ ᠤᠨ ᠬᠤᠶᠠᠳᠤᠭᠠᠷ ᠨᠡᠭᠦᠷᠡᠰᠦᠨ ᠠᠭᠤᠷᠬᠠᠢ ᠳᠤ ᠭᠦᠷᠴᠦ ᠲᠦᠷᠦᠯ ᠵᠦᠢᠯ ᠢ ᠠᠭᠢᠭᠤᠯᠵᠤ ᠪᠠᠶᠢᠭ᠎ᠠ ᠪᠠᠶᠢᠳᠠᠯ ᠪᠠ ᠠᠵᠤ ᠠᠬᠤᠢᠢᠯᠠᠯ ᠤᠨ ᠡᠷᠭᠢᠯᠳᠠ ᠶᠢᠨ ᠪᠠᠶᠢᠳᠠᠯ ᠢ ᠭᠦᠨᠵᠡᠭᠡᠢ ᠤᠢᠢᠯᠠᠭᠠᠬᠤ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠤᠨ ᠮᠠᠨ ᠤ ᠬᠤᠰᠢᠭᠤᠨ ᠤ ᠨᠠᠮ ᠤᠨ ᠬᠤᠷᠢᠶ ᠎ᠠ᠂ ᠵᠠᠰᠠᠭ ᠤᠨ ᠤᠷᠳᠤᠨ ᠪᠠ ᠠᠵᠤ ᠠᠬᠤᠢᠢᠯᠠᠯ ᠤᠨ ᠬᠠᠷᠢᠭᠤ ᠮᠡᠳᠡᠭᠦᠯᠦᠯᠳᠠ ᠶᠢ ᠰᠤᠨᠤᠰᠪᠠ᠃
     ᠰᠡᠴᠡᠨᠪᠢᠯᠢᠭ ᠵᠢᠭᠠᠵᠤ ᠭᠠᠷᠭᠠᠭᠰᠠᠨ ᠨᠢ᠂ ᠰᠢ ᠶᠢᠨ ᠫᠢᠡᠭ ᠶᠡᠷᠦᠩᠭᠡᠢ ᠱᠦᠵᠢ ᠶᠢᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠳᠠᠢ ᠭᠦᠭᠵᠢᠯᠳᠠ ᠶᠢᠨ ᠰᠠᠭᠤᠳᠠᠯ ᠤᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠨᠢ ᠪᠢᠳᠠᠨ ᠤ ᠠᠮᠢ ᠠᠬᠤᠢ ᠪᠠᠨ ᠬᠠᠮᠠᠭᠠᠯᠠᠬᠤ ᠪᠠ ᠴᠢᠨᠠᠷ ᠰᠠᠶᠢᠳᠠᠢ ᠭᠦᠭᠵᠢᠯᠳᠠ ᠶᠢ ᠠᠭᠢᠭᠤᠯᠬᠤ ᠳᠤ ᠵᠢᠷᠤᠮᠯᠠᠯ ᠬᠠᠨᠭ᠍ᠭᠠᠪᠠ᠃ ᠡᠯ᠎ᠠ ᠬᠤᠰᠢᠭᠤ ᠲᠤᠭᠤᠷᠢᠭ᠂ ᠡᠯ᠎ᠠ ᠰᠠᠯᠠᠭ᠎ᠠ ᠮᠦᠴᠢᠷ᠂ ᠡᠯ᠎ᠠ ᠠᠵᠤ ᠠᠬᠤᠢᠢᠯᠠᠯ ᠨᠠᠷᠢᠨ ᠭᠢᠨᠠᠮᠠᠭᠠᠢ ᠰᠤᠷᠤᠯᠴᠠᠨ ᠤᠢᠢᠯᠠᠭᠠᠵᠤ ᠡᠭᠦᠷᠭᠡ ᠬᠠᠷᠢᠭᠤᠴᠠᠯᠭ᠎ᠠ ᠪᠠᠨ ᠡᠷᠴᠢᠮᠵᠢᠭᠦᠯᠦᠨ ᠤᠯᠤᠰ ᠤᠨ ᠭᠦᠭᠵᠢᠯᠳᠠ ᠶᠢᠨ ᠪᠠᠶᠢᠯᠳᠤᠬᠤ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ ᠠᠮᠢ ᠠᠬᠤᠢ ᠶᠢ ᠤᠷᠢᠳ ᠢᠶᠠᠷ ᠪᠤᠳᠤᠯᠭᠢᠯᠠᠨ ᠪᠤᠭᠢᠷᠳᠤᠯ ᠦᠭᠡᠢ ᠭᠦᠭᠵᠢᠯᠳᠠ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠭᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠭᠦ ᠭᠡᠷᠡᠭᠳᠡᠢ᠃ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠭᠦᠴᠦᠯᠠᠴᠠ ᠪᠠᠨ ᠨᠡᠮᠡᠭᠳᠡᠭᠦᠯᠵᠤ ᠲᠠᠷᠢᠶᠠᠯᠠᠩ ᠮᠠᠯ ᠠᠵᠤ ᠠᠬᠤᠢ ᠶᠢᠨ ᠭᠦᠭᠵᠢᠯᠳᠠ ᠶᠢᠨ ᠭᠡᠯᠪᠡᠷᠢ ᠶᠢ ᠰᠢᠯᠢᠳᠡᠭᠵᠢᠭᠦᠯᠦᠨ ᠠᠮᠢᠳᠤ ᠪᠤᠳᠠᠰ ᠤᠨ ᠤᠯᠠᠨ ᠭᠡᠯᠪᠠᠷᠢ ᠪᠠᠷ ᠪᠡᠯᠭᠡ ᠲᠡᠮᠳᠡᠭ ᠪᠤᠯᠭᠠᠬᠰᠠᠨ ᠠᠮᠢ ᠠᠬᠤᠢ ᠶᠢ ᠬᠠᠮᠠᠭᠠᠯᠠᠬᠤ ᠤᠳᠠᠭᠠᠨ ᠲᠠᠭᠠᠭᠠᠮᠠᠭᠠᠢ ᠲᠤᠬᠳᠠᠴᠠ ᠶᠢ ᠪᠠᠶᠢᠭᠤᠯᠬᠤ ᠭᠡᠷᠡᠭᠳᠡᠢ᠃ ᠶᠡᠷᠦᠩᠭᠡᠶᠢᠯᠡᠨ ᠵᠠᠰᠠᠬᠤ ᠶᠢ ᠪᠠᠷᠢᠮᠳᠠᠯᠠᠨ ᠬᠠᠤᠯᠢ ᠶᠤᠰᠤᠭᠠᠷ ᠭᠢᠨᠠᠯᠳᠠ ᠬᠠᠮᠢᠶᠠᠷᠤᠯᠳᠠ ᠭᠢᠵᠤ ᠠᠭᠤᠷᠬᠠᠢ ᠶᠢᠨ ᠬᠤᠳᠳᠤᠭ ᠤᠨ ᠴᠡᠪᠡᠷᠰᠢᠭᠦᠯᠦᠭᠰᠡᠨ ᠤᠰᠤ ᠶᠢ ᠶᠡᠷᠦᠩᠭᠡᠶᠢᠯᠡᠨ ᠠᠰᠢᠬᠯᠠᠬᠤ ᠪᠠ ᠤᠰᠤᠨ ᠤ ᠡᠭᠢ ᠰᠤᠷᠪᠤᠯᠵᠢ ᠶᠢ ᠬᠠᠮᠠᠭᠠᠯᠠᠬᠤ ᠠᠵᠢᠯ ᠢ ᠦᠨᠠᠨ ᠭᠦ ᠰᠠᠶᠢᠳᠤᠷ ᠠᠳᠬᠤᠵᠤ ᠤᠰᠤᠨ ᠤ ᠡᠭᠢ ᠪᠠᠶᠠᠯᠢᠭ ᠢ ᠬᠠᠮᠠᠭᠠᠯᠠᠬᠤ ᠠᠰᠢᠬᠯᠠᠬᠤ ᠭᠢᠷᠢ ᠲᠦᠪᠰᠢᠨ ᠢ ᠲᠡᠭᠡᠭᠰᠢᠯᠡᠭᠦᠯᠭᠦ ᠭᠡᠷᠡᠭᠳᠡᠢ᠃ ᠭᠦᠷᠢᠶᠠᠯᠠᠩ ᠲᠤᠭᠤᠷᠢᠭ ᠤᠨ ᠠᠵᠤ ᠦᠢᠯᠡᠰ ᠤᠨ ᠭᠦᠭᠵᠢᠯᠳᠠ ᠶᠢᠨ ᠪᠠᠶᠢᠷᠢ ᠲᠤᠬᠳᠠᠭᠠᠯᠳᠠ ᠶᠢ ᠴᠢᠨᠠᠬᠰᠢᠳᠠ ᠲᠤᠳᠤᠷᠬᠠᠢᠢᠯᠠᠨ ᠰᠠᠭᠤᠷᠢ ᠲᠦᠭᠦᠭᠡᠷᠤᠮᠵᠢ ᠶᠢ ᠲᠡᠭᠦᠯᠳᠡᠷᠵᠢᠭᠦᠯᠵᠤ ᠭᠦᠷᠢᠶᠠᠯᠠᠩ ᠲᠤᠭᠤᠷᠢᠭ ᠤᠨ ᠭᠦᠭᠵᠢᠯᠳᠠ ᠶᠢᠨ ᠭᠢᠷᠢ ᠲᠦᠪᠰᠢᠨ ᠢ ᠲᠡᠭᠡᠭᠰᠢᠯᠡᠭᠦᠯᠭᠦ ᠭᠡᠷᠡᠭᠳᠡᠢ᠃ ᠲᠦᠷᠦᠯ ᠵᠦᠢᠯ ᠤᠨ ᠭᠦᠭᠵᠢᠯᠳᠠ ᠶᠢ ᠭᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠠᠰᠠᠭᠤᠳᠠᠯ ᠢ ᠪᠦᠭᠦ ᠭᠦᠴᠦᠨ ᠢᠶᠠᠷ ᠰᠢᠢᠳᠪᠤᠷᠢᠯᠠᠨ ᠠᠶᠤᠯᠭᠦᠢ ᠦᠢᠯᠡᠳᠪᠤᠷᠢᠯᠠᠯ ᠤᠨ ᠠᠵᠢᠯ ᠤᠨ ᠭᠦᠴᠦᠯᠠᠴᠠ ᠶᠢ ᠨᠡᠮᠡᠭᠳᠡᠭᠦᠯᠵᠤ  ᠬᠠᠮᠢᠶᠠᠷᠤᠯᠳᠠ ᠶᠢᠨ ᠭᠢᠷᠢ ᠲᠦᠪᠰᠢᠨ ᠢ ᠲᠡᠭᠡᠭᠰᠢᠯᠡᠭᠦᠯᠦᠨ ᠠᠵᠤ ᠠᠬᠤᠢᠢᠯᠠᠯ ᠤᠨ ᠲᠤᠬᠳᠠᠭᠤᠨ ᠡᠷᠡᠭᠦᠯ ᠭᠦᠭᠵᠢᠯᠳᠠ ᠶᠢ ᠠᠭᠢᠭᠤᠯᠬᠤ ᠭᠡᠷᠡᠭᠳᠡᠢ᠃ ᠤᠳᠤᠬᠠᠨ ᠳᠤ ᠶᠠᠭ ᠦᠷᠨᠢᠭᠦᠯᠵᠤ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠦᠪᠳᠤ ᠭᠦᠮᠦᠵᠢᠯ ᠲᠠᠢ ᠤᠶᠠᠯᠳᠤᠭᠤᠯᠤᠨ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ ᠲᠡᠤᠭᠡ ᠶᠢᠨ ᠦᠯᠡᠳᠡᠭᠳᠡᠯ ᠠᠰᠠᠭᠤᠳᠠᠯ ᠢ ᠵᠤᠷᠢᠬᠳᠠᠢ ᠰᠢᠢᠳᠪᠤᠷᠢᠯᠠᠨ ᠲᠠᠷᠠᠭᠠᠴᠢ ᠶᠢᠨ ᠭᠦᠭᠵᠢᠯᠳᠠ ᠶᠢᠨ ᠲᠠᠷᠤᠭᠠᠰᠤ ᠶᠢ ᠭᠦᠡᠭᠭᠡᠷᠡᠬᠦᠯᠵᠤ ᠰᠠᠭᠤᠷᠢ ᠲᠠᠯᠪᠢᠬᠤ ᠭᠡᠷᠡᠭᠳᠡᠢ ᠭᠡᠪᠡ᠃
     ᠰᠠᠭᠤᠳᠠᠯ ᠤᠨ ᠬᠤᠷᠠᠯ ᠲᠡᠭᠡᠷ᠎ᠠ᠂ ᠰᠡᠴᠡᠨᠪᠢᠯᠢᠭ ᠬᠤᠰᠢᠭᠤ ᠲᠤᠭᠤᠷᠢᠭ᠂ ᠰᠠᠯᠠᠭ᠎ᠠ ᠮᠦᠴᠢᠷ ᠪᠠ ᠠᠵᠤ ᠠᠬᠤᠢᠢᠯᠠᠯ ᠤᠨ ᠲᠤᠷᠠᠳᠤᠬᠰᠠᠨ ᠠᠰᠠᠭᠤᠯᠳᠠ ᠶᠢ ᠨᠠᠷᠢᠨ ᠭᠢᠨᠠᠮᠠᠭᠠᠢ ᠵᠠᠳᠠᠯᠬᠤ ᠪᠠ ᠰᠤᠳᠤᠯᠵᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠵᠤᠷᠪᠤᠰ ᠲᠠᠷᠠᠭᠠᠯᠠᠨ ᠨᠠᠶᠢᠳᠠᠪᠤᠷᠢᠵᠢᠭᠤᠯᠵᠤ  ᠰᠢᠢᠳᠪᠤᠷᠢᠯᠡᠭᠦ ᠠᠷᠭ᠎ᠠ ᠪᠠᠷᠢᠯ ᠪᠠ ᠴᠠᠭ ᠢ ᠲᠤᠳᠤᠷᠬᠠᠢᠢᠯᠠᠪᠠ᠃      ᠰᠠᠭᠤᠳᠠᠯ ᠤᠨ ᠬᠤᠷᠠᠯ ᠤᠨ ᠲᠠᠷᠠᠭ᠎ᠠ ᠰᠡᠴᠡᠨᠪᠢᠯᠢᠭ ᠲᠦᠷᠢᠮ ᠠᠴᠠ ᠵᠦᠷᠢᠴᠠᠨ ᠪᠠᠶᠢᠭᠤᠯᠤᠬᠰᠠᠨ ᠤᠷᠳᠤᠨ ᠭᠡᠷ ᠢ ᠪᠠᠶᠢᠴᠠᠭᠠᠨ ᠴᠡᠭᠴᠡᠯᠡᠭᠦ ᠠᠵᠢᠯ ᠢ ᠪᠤᠳᠠᠳᠤ ᠭᠠᠵᠠᠷ ᠲᠤᠨᠢ ᠪᠠᠶᠢᠴᠠᠭᠠᠨ ᠰᠤᠳᠤᠯᠵᠤ ᠡᠯ ᠎ᠠ ᠬᠤᠰᠢᠭᠤ ᠲᠤᠭᠤᠷᠢᠭ ᠪᠠ ᠡᠯ᠎ᠠ ᠬᠤᠯᠪᠤᠬᠳᠠᠯ ᠪᠦᠭᠦᠢ ᠰᠠᠯᠠᠭ᠎ᠠ ᠮᠦᠴᠢᠷ ᠪᠦᠭᠦ ᠲᠠᠯ᠎ᠠ ᠪᠠᠷ ᠲᠠᠭᠢᠨᠳᠠ ᠪᠠᠶᠢᠴᠠᠭᠠᠨ ᠲᠠᠭᠢᠨᠳᠠ ᠪᠠᠶᠢᠳᠠᠯ ᠢ ᠤᠢᠢᠯᠠᠭᠠᠵᠤ ᠪᠠᠶᠢᠴᠠᠭᠠᠨ ᠴᠡᠭᠴᠡᠯᠡᠭᠦ ᠠᠵᠢᠯ ᠢ ᠲᠤᠭᠤᠰᠢᠳᠠᠢ᠂ ᠪᠦᠭᠦ ᠲᠠᠯ᠎ᠠ ᠪᠠᠷ ᠦᠷᠨᠢᠭᠦᠯᠭᠦ ᠭᠡᠷᠡᠭᠳᠡᠢ ᠭᠡᠵᠤ ᠱᠠᠭᠠᠷᠳᠠᠪᠠ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ