ᠱᠠᠷᠯᠢᠭ ᠭᠠᠴᠠᠭ᠎ᠠ ︽ᠤᠭ ᠰᠠᠨᠠᠭ᠎ᠠ ᠪᠠᠨ ᠦᠯᠤ ᠮᠠᠷᠳᠠᠵᠣ ᠡᠬᠦᠷᠭᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠤᠵᠢᠯ ᠤᠨ ᠠᠵᠢᠯᠯᠠᠭ᠎ᠠ ᠶᠢ ᠪᠤᠳᠠᠳᠠᠶᠢᠵᠢᠭᠤᠯᠤᠨ ᠨᠠᠶᠢᠳᠠᠪᠦᠷᠢᠵᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019/10/29
     ︽ᠤᠭ ᠰᠠᠨᠠᠭ᠎ᠠ ᠪᠠᠨ ᠦᠯᠤ ᠮᠠᠷᠳᠠᠵᠣ ᠡᠬᠦᠷᠭᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠤᠵᠢᠯ ᠤᠨ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠰᠢ ᠰᠦᠯᠳᠡ ᠰᠤᠮᠤᠨ ᠤ ᠱᠠᠷᠯᠢᠭ ᠭᠠᠴᠠᠭ᠎ᠠ ᠶᠠᠳᠠᠭᠤ ᠬᠦᠴᠢᠷᠳᠡᠯᠳᠡᠢ ᠡᠷᠦᠬᠡ ᠶᠢᠨ ᠪᠤᠳᠠᠳᠤ ᠬᠦᠴᠢᠷᠳᠡᠯ ᠢ ᠰᠢᠢᠳᠪᠦᠷᠢᠯᠡᠬᠦ ᠠᠴᠠ ᠭᠠᠷᠳᠠᠨ ᠬᠦᠮᠤᠵᠢᠯ ᠤᠨ ᠠᠵᠢᠯᠯᠠᠭ᠎ᠠ ᠶᠢ ᠪᠤᠳᠠᠳᠠᠶᠢᠵᠢᠭᠤᠯᠤᠨ ᠨᠠᠶᠢᠳᠠᠪᠦᠷᠢᠵᠢᠭᠤᠯᠵᠦ ᠪᠠᠶᠢᠨ᠎ᠠ  ᠃      ᠨᠠᠮᠤᠷ ᠤᠨ ᠬᠤᠷᠢᠶᠠᠯᠳᠠ ᠶᠢᠨ ᠶᠠᠭᠠᠷᠠᠯᠳᠠᠢ ᠴᠠᠭ ᠢᠶᠠᠷ ᠱᠠᠷᠯᠢᠭ ᠭᠠᠴᠠᠭᠠᠨ ᠤ ᠮᠠᠯᠴᠢᠨ ᠰᠤᠶᠤᠯᠮᠠᠨᠳᠤᠬᠤ ᠶᠢᠨ 30 ᠭᠠᠷᠤᠢ ᠮᠤ᠋ ᠡᠷᠳᠡᠨᠢ ᠰᠢᠰᠢ ᠶᠢᠨ ᠲᠠᠷᠢᠶᠠᠨ ᠭᠠᠵᠠᠷ ᠲᠤ ᠬᠤᠷᠢᠶᠠᠯᠳᠠ ᠶᠢᠨ ᠮᠠᠰᠢᠨ ᠬᠦᠷᠴᠢᠬᠢᠨᠡᠵᠦ ᠦᠩᠬᠡᠷᠡᠭᠰᠡᠨ ᠵᠢᠯ ᠳᠤ ᠬᠦᠮᠤᠨ ᠤ ᠬᠦᠴᠦ ᠪᠠᠷ ᠠᠷᠪᠠᠨ ᠬᠡᠳᠤᠨ ᠬᠤᠨᠤᠭ ᠢᠶᠠᠷ ᠬᠤᠷᠢᠶᠠᠵᠦ ᠳᠠᠭᠤᠰᠬᠠᠳᠠᠭ ᠠᠵᠢᠯ ᠢ ᠬᠠᠭᠠᠰ ᠡᠳᠤᠷ ᠪᠤᠯᠤᠯ ᠦᠭᠡᠢ ᠬᠤᠷᠢᠶᠠᠵᠦ ᠲᠠᠭᠤᠰᠬᠠᠵᠠᠢ᠃ ᠡᠨᠡ ᠨᠢ ᠠᠵᠦ ᠠᠮᠢᠳᠤᠷᠠᠯ ᠬᠦᠴᠢᠷᠳᠡᠯᠳᠡᠢ ᠮᠠᠯᠴᠢᠨ ᠰᠤᠶᠤᠯᠮᠠᠨᠳᠤᠬᠤ  ᠳᠤ ᠠᠪᠴᠦ ᠬᠡᠯᠡᠪᠡᠯ ᠪᠠᠭ᠎ᠠ ᠪᠤᠰᠤ ᠬᠠᠪᠰᠤᠷᠤᠯᠭ᠎ᠠ ᠪᠤᠯᠵᠦ ᠲᠡᠷᠡ ᠨᠠᠮ ᠵᠠᠰᠠᠭ ᠤᠨ ᠬᠠᠯᠠᠭᠤᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃      ᠱᠠᠷᠯᠢᠭ ᠭᠠᠴᠠᠭ᠎ᠠ ᠠᠰᠠᠭᠤᠳᠠᠯ ᠤᠨ ᠣᠳᠤᠷᠢᠳᠤᠮᠵᠢ ᠶᠢ ᠪᠠᠷᠢᠮᠳᠠᠯᠠᠨ ᠵᠠᠰᠠᠨ ᠴᠡᠭᠴᠡᠯᠡᠯᠳᠡ ᠪᠠᠨ ᠴᠢᠩᠭᠠᠳᠬᠠᠵᠦ ᠶᠠᠳᠠᠭᠤ ᠬᠦᠴᠢᠷᠳᠡᠯᠳᠡᠢ ᠡᠷᠦᠬᠡ ᠶᠢᠨ ᠪᠤᠳᠠᠳᠤ ᠬᠦᠴᠢᠷᠳᠡᠯ ᠢ ᠰᠢᠢᠳᠪᠦᠷᠢᠯᠡᠬᠦ ᠶᠢᠨ ᠡᠬᠦᠳᠡᠨ ᠠᠴᠠ ᠬᠦᠮᠤᠨ ᠤ ᠬᠦᠴᠦᠨ ᠪᠠ ᠲᠠᠷᠢᠶᠠᠯᠠᠩ ᠤᠨ ᠮᠠᠰᠢᠨ ᠲᠤᠳᠠᠮᠠᠭ ᠪᠠᠶᠢᠳᠠᠯ ᠢ ᠦᠨᠳᠤᠰᠤᠯᠡᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠤᠨ ᠨᠠᠮ ᠤᠨ ᠬᠡᠰᠢᠬᠦᠨ ᠤ ᠭᠤᠣᠯᠳᠠᠯᠭᠠᠳᠤ ᠡᠷᠦᠬᠡ ᠤᠳ ᠢ ᠢᠳᠡᠪᠬᠢᠳᠡᠢ ᠵᠤᠬᠢᠶᠠᠨ ᠪᠠᠶᠢᠭᠤᠯᠤᠨ ᠪᠦᠬᠦ ᠭᠠᠴᠠᠭᠠᠨ ᠤ ᠠᠷᠪᠠᠨ ᠶᠠᠳᠠᠭᠤ ᠬᠦᠴᠢᠷᠳᠡᠯᠳᠡᠢ ᠡᠷᠦᠬᠡ ᠶᠢᠨ 500 ᠭᠠᠷᠤᠢ ᠮᠤ᠋ ᠲᠠᠷᠢᠶ᠎ᠠ ᠶᠢ ᠦᠨ᠎ᠡ ᠲᠦᠯᠦᠪᠦᠷᠢ ᠦᠭᠡᠢ ᠬᠤᠷᠢᠶᠠᠵᠦ ᠦᠭᠭᠦᠭᠰᠡᠨ ᠪᠠᠶᠢᠨ᠎ᠠ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ