ᠮᠠᠨ ᠤ ᠬᠤᠰᠢᠭᠤ ᠦᠢᠯᠡᠴᠢᠯᠡᠬᠡᠨ ᠤ ᠠᠷᠭ᠎ᠠ ᠭᠡᠯᠪᠠᠷᠢ ᠶᠢᠨ ᠰᠢᠨ᠎ᠡ ᠶᠢ ᠡᠭᠦᠳᠴᠦ ᠠᠷᠠᠳ ᠲᠤ ᠳᠥᠭᠦᠮ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2019/10/29
     ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ︽ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢᠶᠠᠷ ᠤᠳᠤᠷᠢᠳᠤᠮᠵᠢ ᠪᠤᠯᠭᠠᠵᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠦᠢᠯᠡᠴᠢᠯᠡᠭᠡ ᠪᠤᠯᠤᠨ ᠵᠠᠭᠠᠯᠳᠤᠯᠭ᠎ᠠ ᠶᠢᠨ ᠬᠠᠯᠠᠮᠰᠢᠯ ᠤᠲᠠᠰᠤ ᠶᠢ ᠨᠢᠬᠡᠳᠬᠡᠵᠦ ᠠᠷᠠᠳ ᠲᠤ ᠳᠥᠭᠦᠮ ᠦᠢᠯᠡᠴᠢᠯᠡᠭᠡ ᠬᠠᠩᠭᠠᠵᠤ ᠪᠠᠶᠢᠨ᠎ᠠ᠃      ︽7581234︾ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠬᠠᠯᠠᠮᠰᠢᠯ ᠤᠲᠠᠰᠤ ᠨᠢ ᠠᠷᠠᠳ ᠲᠦᠮᠡᠨ ᠳᠤ ᠦᠢᠯᠡᠴᠢᠯᠡᠬᠦ ᠴᠢᠬᠤᠯᠠ ᠬᠥᠭᠦᠷᠭᠡ ᠪᠠᠶᠢᠵᠤ ᠣᠯᠠᠨ ᠲᠦᠮᠡᠨ ᠤ ᠠᠰᠠᠭᠤᠨ ᠯᠠᠪᠯᠠᠬᠤ᠂ ᠭᠤᠮᠣᠳᠠᠯ ᠱᠠᠭᠠᠷᠳᠠᠯᠭ᠎ᠠ ᠲᠤᠭᠠᠴᠢᠬᠤ᠂ ᠰᠠᠨᠠᠯ ᠰᠠᠨᠠᠭᠤᠯᠭ᠎ᠠ ᠲᠤᠷᠠᠳᠬᠤ ᠵᠡᠷᠭᠡ ᠬᠡᠷᠡᠭ ᠶᠠᠪᠤᠳᠠᠯ ᠢ ᠬᠦᠯᠢᠶᠡᠨ ᠠᠪᠴᠤ ᠰᠢᠢᠳᠪᠤᠷᠢᠯᠡᠬᠦ ᠦᠢᠯᠡᠴᠢᠯᠡᠬᠡᠨ ᠤ ᠬᠠᠯᠠᠮᠰᠢᠯ ᠤᠲᠠᠰᠤ ᠪᠤᠯᠠᠬᠤ ᠪᠦᠭᠡᠳ ᠣᠯᠠᠨ ᠲᠦᠮᠡᠨ ᠤ ᠬᠦᠴᠢᠷ ᠵᠣᠪᠠᠯᠠᠩ ᠢ ᠰᠢᠢᠳᠪᠤᠷᠢᠯᠡᠬᠦ ᠴᠢᠬᠤᠯᠠ ᠠᠷᠭ᠎ᠠ ᠵᠠᠮ ᠪᠠᠶᠢᠵᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠯᠲᠠ ᠶᠢ ᠴᠢᠩᠭᠠᠳᠬᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠠᠰᠠᠭᠤᠳᠠᠯ ᠢ ᠢᠯᠡᠷᠡᠭᠦᠯᠬᠦ ᠪᠠ ᠠᠵᠢᠯ ᠢᠶᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠭᠰᠠᠨ ᠪᠠᠶᠢᠨ᠎ᠠ᠃          ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠬᠠᠯᠠᠮᠰᠢᠯ ᠤᠲᠠᠰᠤ ᠶᠢ ᠬᠦᠯᠢᠶᠡᠨ ᠠᠪᠴᠤ ᠰᠢᠢᠳᠪᠤᠷᠢᠯᠡᠬᠦ ᠳᠡᠰ ᠳᠠᠷᠠᠭᠠᠯᠠᠯ ᠪᠣᠯ ᠠᠵᠢᠯᠲᠠᠨ ᠤᠲᠠᠰᠤ ᠶᠢ ᠳᠤᠰᠤᠭᠰᠠᠨ ᠤ ᠳᠠᠷᠠᠭ᠎ᠠ ᠤᠴᠢᠷ ᠶᠠᠪᠤᠳᠠᠯ ᠢ ᠦᠨᠳᠦᠰᠦᠯᠡᠨ ᠲᠥᠷᠥᠯ ᠬᠤᠪᠢᠶᠠᠵᠤ ᠰᠠᠯᠠᠭ᠎ᠠ ᠮᠥᠴᠢᠷ ᠪᠤᠶᠤ ᠰᠤᠮᠤ ᠪᠠᠯᠭᠠᠰᠤᠨ ᠳᠤ ᠬᠠᠷᠢᠶᠠᠯᠠᠭᠳᠠᠬᠤ ᠤᠴᠢᠷ ᠶᠠᠪᠤᠳᠠᠯ ᠤᠨ ᠠᠭᠤᠯᠭ᠎ᠠ ᠶᠢ ᠲᠠᠪᠴᠠᠩ ᠤᠨ ᠰᠢᠰᠲ᠋ᠧᠮ ᠢᠶᠠᠷ ᠳᠠᠮᠵᠢᠭᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠤᠯᠤᠨ ᠰᠤᠮᠤ ᠪᠠᠯᠭᠠᠰᠤᠨ ᠳᠤ ᠬᠠᠷᠢᠭᠤ ᠲᠤᠰᠬᠠᠵᠤ ᠰᠠᠯᠠᠭ᠎ᠠ ᠮᠥᠴᠢᠷ ᠪᠤᠯᠤᠨ ᠰᠤᠮᠤ ᠪᠠᠯᠭᠠᠰᠤᠨ ᠳᠤ ᠮᠡᠳᠡᠭᠳᠡᠨ ᠭᠠᠷ ᠤᠨ ᠦᠰᠦᠭ ᠵᠢᠷᠣᠭᠤᠯᠣᠭᠰᠠᠨ ᠤ ᠳᠠᠷᠠᠭ᠎ᠠ ᠡᠬᠢᠯᠡᠨ ᠬᠦᠢᠴᠡᠳᠬᠡᠵᠦ ᠰᠢᠢᠳᠪᠤᠷᠢᠯᠡᠭᠰᠡᠨ ᠦᠷ᠎ᠡ ᠳ᠋ᠦᠩ ᠢ ᠬᠠᠷᠢᠭᠤ ᠮᠡᠳᠡᠭᠦᠯᠤᠨ ᠠᠵᠢᠯᠲᠠᠨ ᠳᠠᠬᠢᠨ ᠰᠢᠢᠳᠪᠤᠷᠢᠯᠡᠭᠰᠡᠨ ᠪᠠᠶᠢᠳᠠᠯ ᠢ ᠠᠰᠠᠭᠤᠨ ᠰᠣᠷᠪᠣᠯᠵᠢᠯᠠᠳᠠᠭ ᠪᠠᠶᠢᠨ᠎ᠠ᠃        ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰᠤᠭ ᠤᠨ ᠡᠷᠬᠢᠯᠡᠭᠴᠢ ᠬᠥ᠋ ᠱᠢ ᠼᠠᠢ᠄ ︽ᠥᠨᠥᠳᠦᠷ ᠪᠣᠯᠲᠠᠯ᠎ᠠ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠨᠡᠶᠢᠲᠡ 2131 ᠬᠤᠪᠢ ᠣᠯᠠᠨ ᠲᠦᠮᠡᠨ ᠤ ᠰᠠᠨᠠᠯ ᠢ ᠬᠦᠯᠢᠶᠡᠨ ᠠᠪᠴᠤ ᠰᠢᠢᠳᠪᠤᠷᠢᠯᠡᠵᠦ ᠠᠷᠠᠳ ᠣᠯᠠᠨ ᠤ ᠰᠡᠳᠬᠢᠯ ᠬᠠᠨᠤᠮᠵᠢ ᠶᠢᠨ ᠨᠣᠷᠮ᠎ᠠ ᠨᠢ 99.6 %  ᠠᠴᠠ ᠳᠡᠭᠡᠭᠰᠢ ᠳᠤ ᠭᠦᠷᠦᠭᠰᠡᠨ ᠪᠠᠶᠢᠨ᠎ᠠ︾ ᠭᠡᠵᠤ ᠶᠠᠷᠢᠵᠤ ᠪᠠᠶᠢᠯ᠎ᠠ᠃      ᠲᠠᠷᠠᠭᠠᠴᠢ ᠶᠢᠨ ᠠᠯᠬᠤᠮ ᠳᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠪᠠᠴᠢᠮ ᠪᠠᠶᠢᠳᠠᠯ ᠢ ᠰᠢᠢᠳᠪᠦᠷᠢᠯᠡᠬᠦ ᠲᠥᠷᠥᠯ ᠤᠨ ᠤᠲᠠᠰᠤ ᠶᠢ ︽7581234︾ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠤᠲᠠᠰᠤ ᠲᠠᠢ ᠨᠢᠭᠡᠳᠬᠡᠵᠦ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠲᠠᠢ ᠠᠭᠤᠰᠤᠯᠴᠠᠭᠤᠯᠤᠨ ᠮᠡᠳᠡᠯᠭᠡ ᠶᠢᠨ ᠬᠥᠮᠥᠷᠭᠡ ᠶᠢ ᠰᠢᠨᠡᠳᠬᠡᠵᠦ ᠣᠯᠠᠨ ᠲᠦᠮᠡᠨ ᠤ ᠬᠠᠯᠠᠮᠰᠢᠯ ᠪᠠ ᠬᠦᠴᠢᠷ ᠠᠰᠠᠭᠤᠳᠠᠯ ᠳᠤ ᠴᠢᠭᠯᠡᠭᠦᠯᠦᠨ ᠠᠷᠠᠳ ᠲᠤ ᠦᠢᠯᠡᠴᠢᠯᠡᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠬᠤᠲᠠ ᠶᠢᠨ ᠠᠷᠠᠳ ᠲᠤ ᠨᠠᠩ ᠰᠠᠶᠢᠲᠤᠷ ᠦᠢᠯᠡᠴᠢᠯᠡᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠬᠡᠨ ᠤ ᠤᠲᠠᠰᠤ ᠶᠢ ᠠᠷᠠᠳ ᠤᠨ ᠲᠥᠯᠥᠭᠡ ᠦᠢᠯᠡᠴᠢᠯᠡᠬᠦ ᠤᠲᠠᠰᠤ ᠪᠤᠯᠭᠠᠬᠤ ᠪᠤᠯᠤᠨ᠎ᠠ᠃
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ