10 ᠰᠠᠷ᠎ᠠ ᠶᠢᠨ 25 ᠤ ᠡᠳᠦᠷ᠂ ᠪᠥᠭᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠤᠮ ᠤᠩᠰᠢᠬᠤ ᠠᠩᠭᠢ ᠶᠢᠨ | ᠲᠥᠷᠪᠡᠳᠤᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ | ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ | ᠬᠤᠪᠢᠶᠠᠷᠢ ᠬᠤᠷᠠᠯ ᠤᠨ ᠲᠠᠯᠠᠪᠠᠢ ᠲᠤᠭᠢᠷᠠᠭᠤᠯᠵᠤ ᠸᠢᠳᠢᠤ᠋ ᠬᠡᠯᠪᠡᠷᠢ ᠪᠠᠷ ᠬᠤᠷᠠᠯ ᠢ ᠭᠥᠯᠢᠶᠠᠨ ᠦᠵᠡᠵᠤ ᠰᠤᠷᠤᠯᠴᠠᠪᠠ | ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ | ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠠᠯᠲᠠᠨᠲᠤᠶᠠᠭ᠎ᠠ ᠵᠢᠴᠢ ᠮᠠᠨ ᠤ ᠬᠤᠰᠢᠭᠤᠨ ᠤ ᠰᠢᠶᠠᠨ ᠤ ᠲᠠᠰ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ᠂ ᠡᠯ᠎ᠡ | ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | | | | | | | ᠬᠤᠷᠠᠯ ᠲᠡᠭᠡᠷ᠎ᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠣᠹᠧᠰᠰᠣᠷ ᠡᠸᠦ ᠶᠠᠩ ᠯᠢ | ᠨᠠ ᠶᠢ ᠤᠨᠴᠠᠭᠠᠶᠢᠯᠠᠨ ᠤᠷᠢᠵᠤ ︽ᠨᠠᠮ ᠤᠨ ᠳᠦᠷᠢᠮ ᠲᠠᠢ ᠬᠠᠷᠢᠴᠠᠭᠤᠯᠵᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠶ᠎ᠠ︾ ᠭᠡᠬᠦ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠭᠤᠯᠪᠠ᠃ ᠨᠠᠮ ᠤᠨ | ᠬᠢᠴᠢᠶᠡᠯ ᠤᠨ ᠠᠭᠤᠯᠭ᠎ᠠ ᠨᠢ ᠨᠠᠮ ᠤᠨ ᠳᠣᠲᠣᠭᠠᠳᠤ ᠶᠢᠨ ᠪᠦᠷᠢᠨ ᠲᠡᠭᠦᠯᠳᠡᠷ ᠬᠠᠤᠯᠢ ᠲᠣᠭᠲᠠᠭᠠᠯ ᠤᠨ | ᠲᠤᠭᠳᠠᠯᠴᠠᠭ᠎ᠠ᠂ ᠨᠠᠮ ᠤᠨ ᠳᠦᠷᠢᠮ ᠲᠠᠢ ᠣᠨᠣᠪᠴᠢᠲᠠᠶ ᠬᠠᠷᠢᠴᠠᠭᠤᠯᠤᠨ ᠵᠥᠷᠢᠶ᠎ᠡ ᠪᠠᠨ ᠡᠷᠢᠵᠦ ᠠᠰᠠᠭᠤᠳᠠᠯ ᠢ | ᠪᠠᠶᠢᠴᠠᠭᠠᠨ ᠳᠡᠯᠭᠡᠬᠦ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠬᠢᠷᠢ ᠲᠡᠩᠴᠡᠭᠰᠡᠨ ᠡᠪ ᠬᠠᠮᠲᠤ ᠨᠠᠮ ᠤᠨ | ᠭᠡᠰᠢᠭᠦᠨ ᠪᠣᠯᠬᠤ ᠭᠤᠷᠪᠠᠨ ᠲᠠᠯ᠎ᠠ ᠶᠢᠨ ᠲᠤᠭᠤᠷᠢᠨ ᠳᠤ ᠵᠢᠱᠢᠶ᠎ᠡ ᠲᠠᠲᠠᠬᠤ᠂ ᠠᠰᠠᠭᠤᠳᠠᠯ ᠡᠷᠢᠬᠦ᠂ | ᠲᠥᠷᠥᠭᠳᠡᠯ ᠢᠶᠠᠨ ᠶᠠᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠵᠣᠷᠢᠭ ᠰᠠᠨᠠᠭᠠᠨ ᠤ | ᠠᠭᠤᠯᠤᠭᠳᠠᠬᠤᠨ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ | ᠦᠷᠭᠦᠯᠵᠢ ᠨᠠᠮ ᠤᠨ ᠳᠦᠷᠢᠮ᠂ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠤᠨ ᠥᠪᠡᠷ ᠤᠨ ᠬᠦᠰᠡᠯᠡᠩ ᠢᠲᠡᠭᠡᠯ | ᠪᠢᠰᠢᠷᠡᠯ ᠪᠣᠯᠤᠨ ᠦᠵᠡᠯ ᠰᠠᠨᠠᠭ᠎ᠠ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠠᠶᠢᠴᠠᠭᠠᠨ ᠦᠵᠡᠵᠦ ᠦᠵᠡᠯ | ᠰᠠᠨᠠᠭᠠᠨ ᠤ ᠲᠠᠯ᠎ᠠ ᠪᠠᠷ ᠬᠢ ᠬᠤᠭ ᠲᠤᠭᠤᠰᠤ ᠶᠢ ᠲᠠᠰᠤᠷᠠᠯᠲᠠ ᠦᠭᠡᠢ ᠠᠷᠢᠯᠭᠠᠵᠤ ᠤᠯᠤᠰ ᠲᠥᠷᠥ ᠶᠢᠨ | ᠵᠤᠭᠰᠤᠴᠠ ᠪᠠᠨ ᠢᠮᠡᠭ᠌ᠲᠠ ᠪᠠᠷᠢᠮᠲᠠᠯᠠᠬᠤ ᠶᠢ ᠵᠤᠷᠢᠭᠵᠢᠭᠤᠯᠤᠨ ᠵᠢᠯᠤᠭᠤᠳᠤᠭᠰᠠᠨ ᠪᠠᠶᠢᠨ᠎ᠠ᠃ | ᠡᠸᠤ ᠶᠠᠩ ᠫᠷᠣᠹᠧᠰᠰᠣᠷ ᠵᠢᠭᠠᠵᠤ ᠭᠠᠷᠭᠠᠭᠰᠠᠨ ᠨᠢ᠂ ᠵᠥᠷᠢᠶ᠎ᠡ ᠪᠠᠨ ᠡᠷᠢᠬᠦ ᠪᠣᠯ ᠳᠠᠷᠤᠶ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠬᠠᠷᠢᠴᠠᠭᠤᠯᠵᠤ᠂ ᠨᠠᠮ ᠤᠨ ᠳᠦᠷᠢᠮ ᠲᠠᠢ | ᠬᠠᠷᠭᠤᠭᠤᠯᠵᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠲᠠᠢ ᠬᠠᠷᠭᠤᠭᠤᠯᠵᠤ᠂ ᠳᠡᠷᠭᠡᠳᠡᠬᠢ ᠬᠡᠪ | ᠳᠠᠭᠤᠷᠢᠶᠠᠯ ᠲᠠᠢ ᠬᠠᠷᠭᠤᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠬᠤ ᠶᠠᠪᠤᠳᠠᠯ | ᠪᠣᠯᠤᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠠᠯ᠎ᠠ ᠪᠠᠷ ᠶᠠᠮᠠᠷ ᠶᠠᠮᠠᠷ ᠵᠥᠷᠢᠶ᠎ᠡ ᠣᠷᠣᠰᠢᠵᠤ ᠪᠢᠰᠢᠷᠡᠨ ᠵᠢᠷᠦᠬᠡᠰᠢᠶᠡᠬᠦ ᠶᠢ | ᠮᠡᠳᠡᠬᠦ᠂ ᠰᠡᠷᠡᠮᠵᠢᠯᠡᠨ ᠴᠡᠭᠡᠷᠯᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠲᠠᠯ᠎ᠠ ᠪᠠᠷ ᠶᠠᠮᠠᠷ ᠵᠥᠷᠢᠶ᠎ᠡ ᠣᠷᠣᠰᠢᠵᠤ | ᠪᠠᠶᠢᠬᠤ ᠶᠢ ᠡᠷᠢᠵᠦ ᠣᠯᠬᠤ ᠬᠡᠷᠡᠭᠲᠡᠶ᠃ ᠣᠯᠠᠨ ᠲᠦᠮᠡᠨᠴᠢ ᠦᠵᠡᠯᠲᠡ᠂ ᠣᠯᠠᠨ ᠲᠦᠮᠡᠨ ᠤ ᠵᠣᠭᠰᠣᠯᠲᠠ᠂ ᠣᠯᠠᠨ | ᠲᠦᠮᠡᠨ ᠤ ᠬᠠᠶᠢᠷ᠎ᠠ ᠰᠡᠳᠬᠢᠯᠭᠡ᠂ ᠣᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠵᠥᠷᠢᠶ᠎ᠡ ᠣᠷᠣᠰᠢᠵᠤ | ᠪᠠᠶᠢᠬᠤ ᠶᠢ ᠡᠷᠢᠵᠦ ᠦᠵᠡᠯ ᠰᠠᠨᠠᠭᠠᠨ ᠤ ᠤᠬᠠᠮᠰᠠᠷ᠂ ᠴᠢᠳᠠᠪᠤᠷᠢ ᠶᠢᠨ ᠬᠡᠪ ᠴᠢᠨᠠᠷ᠂ ᠶᠣᠰᠣ ᠮᠣᠷᠠᠯ ᠤᠨ ᠪᠣᠯᠪᠠᠰᠤᠷᠠᠯ | ᠂ ᠣᠪᠣᠷ ᠰᠤᠷᠲᠠᠯ ᠤᠨ ᠳᠦᠷᠢ ᠲᠥᠷᠬᠦ ᠶᠢᠨ ᠲᠠᠯ᠎ᠠ ᠪᠠᠷ ᠶᠠᠮᠠᠷ ᠵᠥᠷᠢᠶ᠎ᠡ ᠣᠷᠣᠰᠢᠵᠤ ᠪᠠᠶᠢᠬᠤ ᠶᠢ ᠡᠷᠢᠵᠦ | ᠬᠠᠷᠠᠯᠲᠠ ᠲᠠᠢ ᠪᠠᠷ ᠰᠤᠮᠤ ᠬᠠᠷᠪᠤᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠠᠢ᠃ | ᠲᠣᠰ ᠤᠳᠠᠭᠠᠨ ᠤ ᠨᠠᠮ ᠤᠨ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠨᠠᠷᠢᠨ ᠪᠣᠳᠠᠲᠠᠶ᠂ | ᠭᠤᠤᠯ ᠰᠡᠳᠦᠪ ᠨᠢ ᠢᠯᠡ ᠲᠣᠳᠣ᠂ ᠤᠨᠤᠯ ᠤᠨ ᠦᠨᠳᠦᠷᠴᠡ ᠲᠠᠢ ᠪᠥᠭᠡᠳ ᠪᠠᠰᠠ ᠦᠢᠯᠡᠳᠦᠯᠭᠡ ᠶᠢᠨ ᠭᠡᠷᠡᠴᠢ | ᠪᠠᠷᠢᠮᠲᠠ ᠲᠠᠢ᠂ ᠭᠦᠨᠵᠡᠭᠡᠶ ᠰᠡᠳᠬᠢᠭᠦᠰᠢᠲᠡᠶ ᠰᠤᠷᠤᠯᠴᠠᠭᠰᠠᠨ ᠲᠥᠷᠥᠭᠳᠡᠯ ᠲᠠᠢ ᠮᠥᠷᠲᠡᠭᠡᠨ ᠲᠤᠬᠠᠢ ᠶᠢᠨ | ᠭᠠᠵᠠᠷ ᠲᠤᠨᠢ ᠬᠦᠷᠴᠦ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠨ᠎ᠠ᠃ ᠬᠤᠷᠠᠯ ᠳᠤ ᠣᠷᠣᠯᠴᠠᠭᠰᠠᠨ ᠨᠠᠮ ᠤᠨ | ᠭᠡᠰᠢᠭᠦᠨ ᠺᠠᠳ᠋ᠷᠴᠤᠳ ᠲᠤᠰ ᠤᠳᠠᠭᠠᠨ ᠤ ᠨᠠᠮ ᠤᠨ ᠬᠢᠴᠢᠶᠡᠯ ᠢᠶᠠᠷ ᠲᠣᠬᠢᠶᠠᠯ ᠪᠣᠯᠭᠠᠵᠤ ᠤᠭ ᠰᠠᠨᠠᠭ᠎ᠠ ᠪᠠᠨ ᠦᠯᠦ | ᠮᠠᠷᠲᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠮᠵᠢ ᠶᠢ ᠬᠦᠴᠢᠷ ᠪᠡᠷᠬᠡᠰᠢᠶᠡᠯ ᠠᠴᠠ ᠠᠶᠤᠬᠤ ᠦᠭᠡᠢ ᠰᠥᠰᠥ ᠵᠣᠷᠢᠭ᠂ ᠲᠡᠷᠢᠭᠦᠨ ᠤ | ᠡᠩᠨᠡᠭᠡᠨ ᠳᠤ ᠣᠷᠣᠬᠤ ᠦᠢᠯᠡᠳᠦᠯᠭᠡ ᠪᠣᠯᠭᠠᠨ ᠬᠤᠪᠢᠷᠠᠭᠤᠯᠵᠤ ᠮᠠᠨ ᠤ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ ᠢᠯᠡᠳᠬᠡᠵᠡᠭᠡᠪᠡ᠃ | | | |