| | | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ ᠠᠴᠠ ᠬᠤᠪᠢᠰᠬᠠᠯᠲᠤ | ᠰᠣᠶᠣᠯ ᠪᠣᠯᠤᠨ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ ᠬᠤᠪᠢᠰᠬᠠᠯ ᠤᠨ ᠡᠬᠢ ᠪᠠᠶᠠᠯᠢᠭ ᠢ | ᠰᠠᠶᠢᠲᠤᠷ ᠠᠰᠢᠭᠯᠠᠵᠤ ᠬᠤᠪᠢᠰᠬᠠᠯᠲᠤ ᠤᠯᠠᠮᠵᠢᠯᠠᠯ ᠢ ᠰᠠᠶᠢᠲᠤᠷ ᠪᠠᠳᠠᠷᠠᠭᠤᠯᠤᠨ ᠤᠯᠠᠮᠵᠢᠯᠠᠬᠤ ᠬᠡᠷᠡᠭᠲᠡᠶ ᠭᠡᠵᠦ | ᠣᠯᠠᠨᠲᠠ ᠴᠢᠬᠤᠯᠠᠴᠢᠯᠠᠪᠠ᠃ ᠪᠦ᠋ ᠰᠢᠶᠣᠤ ᠯᠢᠨ ᠲᠡᠷᠢᠭᠦᠯᠡᠭᠴᠢ 8 ᠰᠠᠷ᠎ᠠ ᠶᠢᠨ 12 ᠤᠨ ᠡᠳᠦᠷ ᠦᠤᠰᠢᠨ | ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ ᠬᠢᠭᠰᠡᠨ ︽ᠬᠤᠪᠢᠰᠬᠠᠯ ᠤᠨ ᠲᠡᠤᠬᠡ ᠶᠢ ᠭᠦᠨᠵᠡᠭᠡᠶ | ᠠᠭᠤᠳᠠᠯᠠᠬᠤ ᠪᠠ ᠡᠮᠬᠢᠯᠡᠵᠦ ᠲᠡᠦᠬᠡᠲᠦ ᠡᠳ᠋ ᠪᠣᠳᠠᠰ᠂ ᠮᠠᠲ᠋ᠧᠷᠢᠶᠠᠯ ᠢ ᠲᠠᠰᠤᠷᠠᠯᠲᠠ ᠥᠬᠡᠶ ᠪᠦᠷᠢᠨᠰᠢᠬᠦᠯᠦᠨ ᠡᠯᠪᠡᠭ | ᠪᠠᠶᠠᠯᠢᠭ ᠬᠤᠪᠢᠰᠬᠠᠯ ᠤᠨ ᠰᠣᠶᠣᠯ ᠤᠨ ᠡᠬᠢ ᠰᠤᠷᠪᠤᠯᠵᠢ ᠪᠠ ᠪᠣᠬᠢᠷᠲᠤᠯ ᠥᠬᠡᠶ ᠠᠮᠢ ᠠᠬᠤᠢ ᠶᠢᠨ ᠡᠬᠢ ᠪᠠᠶᠠᠯᠢᠭ ᠢ | ᠠᠰᠢᠭᠯᠠᠵᠤ ᠣᠨᠴᠠᠯᠢᠭᠲᠤ ᠵᠤᠭᠠᠴᠠᠯ ᠤᠨ ᠲᠥᠷᠥᠯ ᠲᠡᠮᠳᠡᠭ ᠢ ᠡᠭᠦᠳᠦᠨ ᠣᠯᠠᠨ ᠲᠦᠮᠡᠨ ᠤ ᠦᠢᠯᠡᠰ ᠪᠣᠰᠬᠠᠵᠤ | ᠠᠵᠢᠯ ᠣᠯᠬᠤ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠳᠠᠶᠢᠴᠢᠯᠠᠬᠤ ᠬᠡᠷᠡᠭᠲᠠᠢ︾ ᠬᠡᠬᠦ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ ᠦᠤᠰᠢᠨ | ᠬᠤᠰᠢᠭᠤᠨ ᠤ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠤᠨ ᠲᠡᠤᠬᠡᠨ ᠠᠭᠤᠯᠤᠭᠳᠠᠬᠤᠨ ᠪᠠ ᠴᠠᠭ ᠦᠶ᠎ᠡ ᠶᠢᠨ | ᠦᠨ᠎ᠡ ᠥᠷᠲᠡᠭ ᠢ ᠬᠦᠢᠴᠡᠳ ᠠᠭᠤᠳᠠᠯᠠᠵᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠤᠨ ᠬᠤᠪᠢᠰᠬᠠᠯᠲᠤ | ᠵᠤᠭᠠᠴᠠᠯ ᠤᠨ ᠰᠣᠶᠣᠯ ᠵᠢᠭᠤᠯᠴᠢᠯᠠᠯ ᠵᠦᠭ ᠠᠭᠤᠰᠤᠯᠴᠠᠭᠤᠯᠤᠨ ᠬᠦᠭᠵᠢᠬᠦᠯᠵᠤ ᠬᠦᠰᠡᠯᠡᠩ ᠢᠲᠡᠭᠡᠯ ᠤᠨ ᠬᠥᠮᠦᠵᠢᠯ | ᠪᠠ ᠡᠬᠡ ᠣᠷᠣᠨᠴᠢ ᠦᠵᠡᠯ ᠤᠨ ᠦᠵᠡᠯ ᠰᠠᠨᠠᠭᠠᠨ ᠤ ᠬᠥᠮᠦᠵᠢᠯ ᠢ ᠥᠷᠭᠡᠨ ᠢᠶᠠᠷ ᠥᠷᠨᠢᠭᠦᠯᠵᠦ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠶᠢᠨ ᠲᠦᠯᠦᠭᠡ 10 ᠰᠠᠷ᠎ᠠ ᠶᠢᠨ 26 ᠤ | ᠡᠳᠦᠷ ᠠᠴᠠ 27 ᠤ ᠡᠳᠦᠷ ᠪᠣᠯᠲᠠᠯ᠎ᠠ᠂ ᠮᠠᠨ ᠤ ᠬᠤᠰᠢᠭᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠵᠤ ᠬᠤᠰᠢᠭᠤᠨ ᠳᠠᠬᠢ ᠬᠤᠪᠢᠰᠬᠠᠯᠲᠤ ᠰᠣᠶᠣᠯ ᠤᠨ ᠡᠬᠢ ᠪᠠᠶᠠᠯᠢᠭ ᠲᠤ ᠲᠤᠰᠬᠠᠶ ᠰᠡᠳᠦᠪᠲᠦ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠦᠤᠰᠢᠨ ᠤ ᠬᠤᠪᠢᠰᠬᠠᠯᠲᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠬᠥᠭᠵᠢᠭᠦᠯᠬᠦ | ᠰᠤᠳᠤᠯᠭᠠᠨ ᠤ ᠰᠠᠭᠤᠳᠠᠯ ᠤᠨ ᠬᠤᠷᠠᠯ ᠢ ᠬᠤᠷᠠᠯᠳᠤᠭᠤᠯᠪᠠ᠃ ᠲᠤᠰ ᠬᠤᠷᠠᠯ ᠢᠶᠠᠷ ᠴᠢᠬᠤᠯᠠ ᠪᠤᠯᠬᠤ ᠬᠠᠮᠲᠤ ᠶᠢᠨ | ᠲᠠᠨᠢᠯᠲᠠ ᠶᠢ ᠪᠦᠷᠢᠯᠳᠦᠬᠦᠯᠦᠨ ᠦᠤᠰᠢᠨ ᠤ ︽ᠨᠤᠮᠢᠨ ᠲᠠᠩᠰᠤᠭ ᠬᠦᠭᠵᠢᠨ ᠮᠠᠨᠳᠤᠯᠲᠠ︾ ᠶᠢᠨ ᠣᠶᠤᠨ | ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠤᠭᠡ ᠶᠢᠨ ᠰᠤᠳᠤᠯᠭᠠᠨ ᠤ ᠲᠠᠰᠤᠭ ᠤᠨ ᠳᠡᠳ᠋ | ᠡᠷᠬᠢᠯᠡᠭᠴᠢ ᠵᠢᠶᠠᠩ ᠠᠶ ᠵᠢᠶᠦ᠋ᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠣᠹᠧᠰᠰᠣᠷ ᠬᠤᠤ ᠸᠧᠶ ᠮᠢᠨ᠂ | ᠯᠢ ᠢᠤᠢ ᠸᠧᠶ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ ᠰᠠᠯᠪᠤᠷᠢ ᠶᠢᠨ ᠡᠷᠬᠢᠯᠡᠭᠴᠢ | ᠬᠠᠨ ᠳ᠋ᠦᠩ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠢ ᠵᠢᠭᠠᠨ ᠰᠤᠳᠤᠯᠬᠤ | ᠬᠡᠯᠲᠡᠰ ᠤᠨ ᠡᠷᠬᠢᠯᠡᠭᠴᠢ ᠥᠯᠵᠡᠶ᠂ ᠫᠷᠣᠹᠧᠰᠰᠣᠷ ᠶᠠᠩ ᠰᠢᠩ ᠮᠧᠩ᠂ ᠶᠠᠨ ᠠᠨ ᠶᠡᠭᠡ ᠰᠤᠷᠭᠠᠭᠤᠯᠢ ᠶᠢᠨ | ᠫᠷᠣᠹᠧᠰᠰᠣᠷ ᠷᠧᠨ ᠰᠢᠤᠸᠠᠢ ᠯᠢᠩ᠂ ᠲᠡᠳ᠋ ᠫᠷᠣᠹᠧᠰᠰᠣᠷ ᠶᠠᠩ ᠯᠢ ᠸᠧᠨ᠂ ᠶᠠᠨ ᠠᠨ ᠤ ᠬᠤᠪᠢᠰᠬᠠᠯ ᠤᠨ | ᠳᠤᠷᠠᠰᠬᠠᠯ ᠤᠨ ᠣᠷᠳᠣᠨ ᠤ ᠰᠤᠳᠤᠯᠤᠭᠴᠢ ᠵᠠᠩ ᠬᠤᠸᠠᠨ᠂ ᠰᠢᠨᠵᠢᠶᠠᠩ ᠤᠨ ᠵᠢᠭᠤᠯᠴᠢᠯᠠᠯ ᠤᠨ ᠠᠵᠤ ᠠᠬᠤᠢ ᠶᠢᠨ | ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠢᠨᠵᠢᠶᠠᠩ ᠤᠨ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠨᠡᠶᠢᠭᠡᠮᠯᠢᠭ | ᠤᠨ ᠳᠠᠷᠤᠭ᠎ᠠ ᠴᠧᠨ ᠵᠢᠶᠠᠨ ᠸᠧᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ | ᠡᠷᠳᠡᠮᠲᠡᠨ ᠶᠠᠩ ᠲᠤᠷᠵᠢ᠂ ᠣᠷᠳᠣᠰ ᠬᠤᠲᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠲᠠᠰᠤᠭ ᠤᠨ ᠳᠡᠳ᠋ | ᠡᠷᠬᠢᠯᠡᠭᠴᠢ ᠬᠤᠲᠠ ᠶᠢᠨ ᠨᠠᠮ ᠤᠨ ᠬᠤᠷᠢᠶ᠎ᠠ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠲᠤᠭᠤᠷᠢᠨ | ᠵᠢᠯᠣᠭᠤᠳᠬᠤ ᠳᠤᠭᠤᠶᠢᠯᠠᠩ ᠤᠨ ᠳᠡᠳ᠋ ᠳᠤᠭᠤᠶᠢᠯᠠᠩ ᠤᠨ ᠳᠠᠷᠤᠭ᠎ᠠ ᠶᠠᠩ ᠶᠦᠨ᠂ ᠲᠡᠮᠡᠭᠡᠲᠦ ᠬᠤᠲᠠ ᠶᠢᠨ ᠨᠠᠮ ᠤᠨ | ᠲᠡᠦᠬᠡ ᠶᠢᠨ ᠰᠤᠳᠤᠯᠭᠠᠨ ᠤ ᠲᠠᠰᠤᠭ ᠤᠨ ᠳᠡᠳ᠋ ᠡᠷᠬᠢᠯᠡᠭᠴᠢ ᠷᠧᠨ ᠽᠧᠩ ᠷᠦᠩ ᠵᠢᠴᠢ ᠬᠦᠨᠦᠭ ᠲᠤᠭᠤᠷᠢᠭ᠂ | ᠵᠠᠮᠪᠠ ᠶᠢᠨ ᠲᠠᠯ᠎ᠠ ᠰᠢᠶᠠᠨ᠂ ᠶᠡᠭᠡ ᠪᠠᠶᠢᠰᠢᠩ ᠰᠢᠶᠠᠨ᠂ ᠣᠷᠳᠣᠰ ᠬᠤᠲᠠ ᠪᠣᠯᠤᠨ ᠤᠶᠢᠷ᠎ᠠ ᠵᠡᠷᠭᠡᠯᠡᠳᠡᠭᠡ ᠬᠤᠰᠢᠭᠤ | ᠲᠤᠭᠤᠷᠢᠭ ᠵᠡᠷᠭᠡ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠤᠯᠤᠨ ᠮᠠᠨ ᠤ ᠬᠤᠰᠢᠭᠤᠨ ᠤ ᠳᠥᠷᠪᠡᠨ | ᠶᠡᠭᠡ ᠤᠳᠤᠷᠢᠳᠬᠤ ᠪᠠᠭ ᠤᠨ ᠭᠤᠤᠯ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ | ᠭᠡᠰᠢᠭᠦᠨ᠂ ᠰᠢᠶᠠᠨ ᠤ ᠲᠡᠰ ᠤᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ | ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | | | | | | 10 ᠰᠠᠷ᠎ᠠ ᠶᠢᠨ 26 ᠤ ᠡᠳᠦᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠮᠠᠨ ᠤ ᠬᠤᠰᠢᠭᠤᠨ ᠤ | ᠨᠠᠷᠢᠠᠭᠤᠤᠯ ᠤᠨ ᠨᠠᠮ ᠤᠨ ᠳᠤᠭᠤᠶᠢᠯᠠᠩ ᠤᠨ ᠬᠠᠭᠤᠴᠢᠨ ᠪᠠᠭᠤᠷᠢ᠂ ᠬᠤᠰᠢᠭᠤ ᠨᠠᠮ ᠤᠨ ᠬᠤᠷᠢᠶᠠᠨ ᠤ ᠠᠯᠪᠠᠯᠠᠵᠤ | ᠪᠠᠶᠢᠭᠰᠠᠨ ᠬᠠᠭᠤᠴᠢᠨ ᠪᠠᠭᠤᠷᠢ᠂ ᠡᠷᠦᠬᠡ ᠶᠢᠨ ᠴᠡᠷᠢᠭ ᠤᠨ ᠪᠠᠶᠢᠴᠠᠭᠠᠬᠤ ᠥᠷᠲᠡᠭᠡᠨ ᠤ ᠬᠠᠭᠤᠴᠢᠨ ᠪᠠᠭᠤᠷᠢ᠂ | ᠶᠡᠭᠡ ᠰᠢᠪᠠᠷ ᠰᠦᠮ᠎ᠡ ᠶᠢᠨ ᠨᠢᠭᠤᠴᠠ ᠵᠠᠮ ᠬᠠᠷᠢᠯᠴᠠᠭᠠᠨ ᠤ ᠦᠷᠲᠡᠭᠡᠨ ᠤ ᠬᠠᠭᠤᠴᠢᠨ ᠪᠠᠭᠤᠷᠢ᠂ ᠦᠷᠡᠭᠳᠡᠭᠰᠡᠨ | ᠪᠠᠭᠠᠲᠤᠷ ᠲᠤᠪᠴᠢᠨᠳᠤᠷᠵᠢ ᠶᠢᠨ ᠬᠠᠭᠤᠴᠢᠨ ᠰᠠᠭᠤᠴᠠ᠂ ᠨᠠᠢᠮᠠᠨ ᠵᠠᠮ ᠤᠨ ᠴᠡᠷᠢᠭ ᠤᠨ ᠲᠠᠷᠢᠭᠰᠠᠨ ᠬᠠᠶᠢᠯᠠᠰᠤᠨ | ᠮᠤᠳᠤ ᠵᠡᠷᠭᠡ ᠬᠤᠪᠢᠰᠬᠠᠯᠲᠤ ᠰᠣᠶᠣᠯ ᠤᠨ ᠭᠠᠵᠠᠷ ᠲᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠮᠠᠨ ᠤ | ᠬᠤᠰᠢᠭᠤᠨ ᠤ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠬᠡᠷᠬᠢᠨ ᠬᠠᠮᠠᠭᠠᠯᠠᠨ ᠠᠭᠤᠲᠠᠯᠠᠬᠤ ᠪᠠ ᠤᠯᠠᠮᠵᠢᠯᠠᠨ | ᠪᠠᠳᠠᠷᠠᠭᠤᠯᠬᠤ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠲᠤᠰᠬᠠᠶ ᠮᠡᠷᠭᠡᠵᠢᠯᠲᠡᠨ ᠡᠷᠳᠡᠮᠲᠡᠳ ᠤᠨ ᠦᠵᠡᠬᠦ ᠪᠠᠷ | ᠦᠦᠰᠢᠨ ᠬᠤᠰᠢᠭᠤ ᠦᠨᠢᠷ ᠵᠤᠵᠠᠭᠠᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠠᠢ᠂ ᠬᠦᠨ ᠬᠦᠨᠵᠡᠭᠡᠢ | ᠰᠣᠶᠣᠯ ᠤᠨ ᠠᠭᠤᠯᠬᠤᠨ ᠲᠠᠢ᠂ ᠦᠩᠭᠡ ᠭᠡᠷᠡᠯᠲᠦ ᠬᠤᠪᠢᠰᠬᠠᠯᠲᠤ ᠤᠯᠠᠮᠵᠢᠯᠠᠯ ᠲᠠᠢ᠂ ᠳᠡᠯᠡᠬᠡᠢ ᠳᠤ ᠠᠯᠳᠠᠷᠰᠢᠭᠰᠠᠨ | ︽ᠪᠣᠷᠣᠲᠣᠬᠤᠶ ᠬᠥᠮᠦᠨ︾ ᠤ ᠲᠥᠷᠥᠭᠰᠡᠨ ᠨᠤᠲᠤᠭ ᠪᠤᠯᠤᠨ ᠳᠤᠭᠤᠶᠢᠯᠠᠩ ᠤᠨ ᠬᠥᠳᠡᠯᠭᠡᠭᠡᠨ ᠤ ᠭᠤᠯᠣᠮᠲᠠ ᠪᠣᠯᠬᠤ | ᠪᠥᠭᠡᠳ ᠪᠦᠬᠦ ᠣᠷᠣᠨ ᠤ ᠬᠠᠮᠤᠭ ᠤᠨ ᠡᠷᠲᠡᠨ ᠤ ᠬᠤᠪᠢᠰᠬᠠᠯ ᠤᠨ ᠰᠠᠭᠤᠷᠢᠨ ᠭᠠᠵᠠᠷ ᠪᠠ ᠴᠢᠯᠥᠭᠡᠯᠡᠭᠳᠡᠭᠰᠡᠨ | ᠣᠷᠣᠨ ᠤ ᠨᠢᠭᠡ ᠪᠤᠯᠤᠨ᠎ᠠ᠃ ᠮᠠᠨ ᠤ ᠬᠤᠰᠢᠭᠤᠨ ᠤ ᠬᠤᠪᠢᠰᠬᠠᠯ ᠤᠨ ᠰᠣᠶᠣᠯ ᠨᠢ ᠲᠥᠪᠯᠡᠷᠡᠩᠭᠦᠶ ᠴᠢᠨᠠᠷᠲᠠᠶ ᠪᠠ | ᠨᠡᠶᠢᠲᠡᠯᠢᠭ ᠴᠢᠨᠠᠷᠲᠠᠶ ᠪᠠᠶᠢᠵᠤ ᠮᠠᠨ ᠤ ᠤᠯᠤᠰ ᠪᠠ ᠳᠡᠯᠡᠬᠡᠶ ᠶᠢᠨ ᠬᠡᠪᠴᠢᠶᠠᠨ ᠳᠤ ᠵᠣᠬᠢᠬᠤ ᠲᠡᠦᠬᠡ ᠰᠣᠶᠣᠯ ᠤᠨ | ᠦᠨ᠎ᠡ ᠥᠷᠲᠡᠭ ᠲᠠᠢ ᠶᠤᠮ᠃ ᠡᠨᠡ ᠨᠢ ᠮᠠᠨ ᠤ ᠬᠤᠰᠢᠭᠤᠨ ᠤ ᠲᠡᠦᠬᠡ ᠰᠣᠶᠣᠯ ᠤᠨ ᠡᠷᠬᠢᠮ ᠨᠠᠨᠳᠢᠨ ᠥᠪ | ᠬᠥᠷᠥᠩᠭᠡ ᠪᠣᠯᠬᠤ ᠪᠠᠷ ᠪᠠᠷᠠᠬᠤ ᠦᠭᠡᠢ ᠰᠣᠶᠣᠯ ᠤᠨ ᠥᠪ ᠬᠥᠷᠥᠩᠭᠡ ᠪᠣᠯᠤᠨ᠎ᠠ᠃ ᠲᠤᠬᠠᠶ ᠶᠢᠨ ᠭᠠᠵᠠᠷ ᠤᠨ | ᠵᠠᠰᠠᠭ ᠤᠨ ᠣᠷᠳᠣᠨ ᠪᠠ ᠰᠣᠶᠣᠯ ᠤᠨ ᠠᠵᠢᠯᠲᠠᠨ ᠬᠠᠷᠢᠭᠤᠴᠠᠯᠭᠠᠲᠤ ᠰᠡᠳᠬᠢᠯᠭᠡ ᠪᠠᠷ ᠡᠳᠡᠭᠡᠷ ᠲᠡᠦᠬᠡ ᠰᠣᠶᠣᠯ ᠢ | ᠰᠠᠶᠢᠲᠤᠷ ᠬᠠᠮᠠᠭᠠᠯᠠᠵᠤ ᠠᠭᠤᠳᠠᠯᠠᠨ ᠪᠠᠳᠠᠷᠠᠭᠤᠯᠵᠤ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠᠯ ᠵᠣᠬᠢᠨ᠎ᠠ | ᠭᠡᠵᠠᠢ᠃ | | | | | | | 10 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠦᠦᠰᠢᠨ ᠤ | ᠬᠤᠪᠢᠰᠬᠠᠯᠲᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠬᠥᠭᠵᠢᠭᠦᠯᠬᠦ ᠰᠤᠳᠤᠯᠭᠠᠨ ᠤ ᠰᠠᠭᠤᠳᠠᠯ ᠤᠨ ᠬᠤᠷᠠᠯ ᠢ | ᠡᠷᠬᠢᠯᠡᠨ ᠬᠤᠷᠠᠯᠳᠤᠭᠤᠯᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠵᠠᠰᠠᠭ ᠤᠨ ᠣᠷᠳᠣᠨ ᠤ ᠳᠠᠷᠤᠭ᠎ᠠ ᠵᠤᠤ ᠹᠧᠶ ᠯᠦ ᠪᠠᠶᠠᠷ ᠤᠨ ᠦᠭᠡ ᠶᠠᠷᠢᠵᠤ ᠬᠤᠰᠢᠭᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠭᠤᠤᠯ ᠵᠤᠷᠢᠯᠲᠠᠲᠤ ᠶᠠᠷᠢᠶ᠎ᠠ | ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠡᠦᠬᠡ ᠶᠢᠨ ᠰᠤᠳᠤᠯᠭᠠᠨ ᠤ ᠲᠠᠰᠤᠭ ᠤᠨ | ᠳᠡᠳ᠋ ᠡᠷᠬᠢᠯᠡᠭᠴᠢ ᠵᠢᠶᠠᠩ ᠠᠶ ᠵᠢᠶᠦ᠋ᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ | ᠤᠨᠤᠯ ᠢ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠥᠯᠵᠡᠶ ᠶᠠᠷᠢᠶ᠎ᠠ ᠲᠠᠯᠪᠢᠵᠠᠶ᠃ | | | | | | ᠡᠷᠳᠡᠨᠢᠪᠢᠯᠢᠭ ᠬᠦᠰᠡᠬᠦ ᠳᠤ ᠪᠠᠨ᠂ ᠡᠯ᠎ᠡ ᠲᠤᠰᠬᠠᠶ ᠮᠡᠷᠭᠡᠵᠢᠯᠲᠡᠨ ᠡᠷᠳᠡᠮᠲᠡᠳ ᠲᠣᠰ ᠤᠳᠠᠭᠠᠨ ᠤ ᠶᠠᠷᠢᠯᠴᠠᠬᠤ | ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠰᠤᠳᠤᠯᠭᠠᠨ ᠬᠢᠵᠦ ᠬᠤᠪᠢᠰᠬᠠᠯ ᠤᠨ ᠡᠬᠢ ᠪᠠᠶᠠᠯᠢᠭ ᠢ ᠠᠰᠢᠭᠯᠠᠨ | ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ ᠦᠦᠰᠢᠨ ᠤ ᠥᠪᠡᠷᠮᠢᠴᠡ ᠣᠨᠴᠠᠯᠢᠭ ᠲᠠᠢ ᠬᠤᠪᠢᠰᠬᠠᠯ ᠤᠨ ᠰᠣᠶᠣᠯ | ᠤᠨ ᠲᠥᠷᠥᠯ ᠲᠡᠮᠳᠡᠭ ᠢ ᠬᠠᠮᠲᠤᠪᠠᠷ ᠴᠤᠭᠴᠠᠯᠠᠬᠤ ᠳᠤ ᠬᠠᠪᠰᠤᠷᠤᠯᠭ᠎ᠠ ᠥᠵᠠᠭᠦᠯᠭᠦ ᠶᠢᠨ ᠬᠠᠮᠲᠤ ᠡᠯ᠎ᠡ | ᠤᠳᠤᠷᠢᠳᠤᠯᠭ᠎ᠠ᠂ ᠡᠯ᠎ᠡ ᠲᠤᠰᠬᠠᠶ ᠮᠡᠷᠭᠡᠵᠢᠯᠲᠡᠨ ᠡᠷᠳᠡᠮᠲᠡᠳ ᠦᠤᠰᠢᠨ ᠬᠤᠰᠢᠭᠤ ᠶᠢ ᠦᠩᠭᠡᠷᠡᠭᠰᠡᠨ ᠲᠠᠢ ᠪᠠᠨ | ᠠᠳᠠᠯᠢ ᠬᠠᠯᠠᠮᠵᠢᠯᠠᠨ ᠠᠩᠬᠠᠷᠴᠤ ᠦᠤᠰᠢᠨ ᠬᠤᠰᠢᠭᠤᠨ ᠤ ᠬᠥᠭᠵᠢᠯᠲᠡ ᠳᠤ ᠢᠯᠡᠭᠦᠬᠡᠨ ᠠᠷᠭ᠎ᠠ ᠪᠤᠳᠤᠯᠭ᠎ᠠ | ᠭᠠᠷᠭᠠᠨ ᠦᠤᠰᠢᠨ ᠬᠤᠰᠢᠭᠤ ᠶᠢ ᠬᠠᠪᠰᠤᠷᠤᠨ ᠴᠢᠨᠠᠷ ᠰᠠᠶᠢᠲᠠᠶ ᠬᠥᠭᠵᠢᠯᠲᠡ ᠶᠢᠨ ᠵᠠᠮ ᠳᠡᠭᠡᠷ᠎ᠡ ᠯᠠᠪᠳᠠᠭᠤᠨ ᠢᠶᠠᠷ | ᠬᠤᠯᠠ ᠠᠶᠠᠯᠠᠵᠤ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤ ᠪᠠᠷ ᠡᠭᠦᠳᠦᠶ᠎ᠡ ᠭᠡᠵᠠᠢ᠃ | | | | | | | ᠵᠤᠤ ᠹᠧᠶ ᠯᠦ ᠶᠠᠷᠢᠶᠠᠨ ᠳᠤ ᠪᠠᠨ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠢ ᠲᠦᠯᠦᠬᠡᠯᠡᠨ ᠲᠤᠰᠬᠠᠶ ᠮᠡᠷᠭᠡᠵᠢᠯᠲᠡᠨ | ᠡᠷᠳᠡᠮᠲᠡᠳ ᠪᠣᠯᠤᠨ ᠡᠯ᠎ᠡ ᠤᠳᠤᠷᠢᠳᠤᠯᠭ᠎ᠠ ᠨᠠᠷ ᠲᠤ ᠲᠠᠯᠠᠷᠬᠠᠯ ᠳᠡᠪᠰᠢᠭᠦᠯᠵᠡᠶ᠃ ᠲᠡᠷᠡ ᠵᠢᠭᠠᠬᠤ ᠳᠤ ᠪᠠᠨ᠂ | ᠦᠦᠰᠢᠨ ᠪᠤᠯ ᠪᠦᠬᠦ ᠣᠷᠣᠨ ᠤ ᠬᠠᠮᠤᠭ ᠤᠨ ᠡᠷᠲᠡᠨ ᠤ ᠬᠤᠪᠢᠰᠬᠠᠯ ᠤᠨ ᠰᠠᠭᠤᠷᠢᠨ ᠭᠠᠵᠠᠷ ᠪᠣᠯᠤᠨ | ᠴᠢᠯᠥᠭᠡᠯᠡᠭᠳᠡᠭᠰᠡᠨ ᠣᠷᠣᠨ ᠤ ᠨᠢᠭᠡ ᠪᠣᠯᠤᠨ᠎ᠠ᠂ ᠨᠠᠮ ᠤᠨ ᠥᠪᠥᠷ ᠮᠣᠩᠭᠤᠯ ᠤᠨ ᠪᠠᠷᠠᠭᠤᠨ ᠣᠷᠣᠨ ᠳᠤ ᠬᠠᠮᠤᠭ ᠤᠨ | ᠡᠷᠲᠡ ᠦᠨᠳᠦᠰᠦᠲᠡᠨ ᠤ ᠠᠵᠢᠯ ᠥᠷᠨᠢᠭᠦᠯᠦᠭᠰᠡᠨ ᠭᠠᠵᠠᠷ ᠣᠷᠣᠨ ᠤ ᠨᠢᠭᠡ ᠪᠣᠯᠤᠨ᠎ᠠ᠂ ᠣᠷᠳᠣᠰ ᠤᠨ ᠨᠢᠭᠡᠳᠦᠭᠡᠷ | ᠪᠦᠯᠦᠭ ᠤᠨ ᠨᠠᠮ ᠤᠨ ᠭᠡᠰᠢᠭᠦᠨ᠂ ᠠᠩᠬᠠᠳᠠᠭᠴᠢ ᠨᠠᠮ ᠤᠨ ᠪᠠᠭ᠎ᠠ ᠳᠤᠭᠤᠶᠢᠯᠠᠩ᠂ ᠠᠩᠬᠠᠳᠠᠭᠴᠢ ᠨᠠᠮ ᠤᠨ ᠡᠭᠦᠷ᠂ | ᠠᠩᠬᠠᠳᠠᠭᠴᠢ ᠰᠢᠶᠠᠨ ᠤ ᠱᠠᠲᠤᠨ ᠤ ᠨᠠᠮ ᠤᠨ ᠬᠤᠷᠢᠶ᠎ᠠ᠂ ᠠᠩᠬᠠᠳᠠᠭᠴᠢ ᠰᠤᠮᠤ ᠰᠢᠶᠠᠩ ᠤᠨ ᠨᠠᠮ ᠤᠨ ᠬᠤᠷᠢᠶ᠎ᠠ | ᠪᠣᠯᠤᠨ ᠰᠤᠮᠤ ᠰᠢᠶᠠᠩ ᠤᠨ ᠲᠦᠯᠦᠭᠡᠯᠡᠭᠴᠢᠳ ᠤᠨ ᠶᠡᠭᠡ ᠬᠤᠷᠠᠯ ᠪᠤᠢ ᠪᠤᠯᠤᠭᠰᠠᠨ ᠭᠠᠵᠠᠷ ᠪᠣᠯᠤᠨ᠎ᠠ᠃ ᠶᠠᠮᠠᠷ ᠴᠠᠭ | ᠦᠶ᠎ᠡ ᠳᠤ ᠴᠦ ᠭᠡᠰᠡᠨ ᠬᠤᠪᠢᠰᠬᠠᠯ ᠤᠨ ᠤᠯᠠᠮᠵᠢᠯᠠᠯ᠂ ᠬᠤᠪᠢᠰᠬᠠᠯ ᠤᠨ ᠵᠣᠷᠢᠭ ᠰᠠᠨᠠᠭ᠎ᠠ ᠨᠢ ᠤᠷᠤᠭᠰᠢᠯᠠᠯᠲᠠ | ᠲᠡᠮᠡᠴᠡᠯ ᠤᠨ ᠳᠤᠮᠳᠠᠬᠢ ᠭᠡᠷᠡᠯᠲᠦ ᠴᠠᠮᠬᠠᠭ᠂ ᠠᠶᠠᠯᠠᠯ ᠤᠨ ᠲᠡᠮᠳᠡᠭ ᠪᠣᠯᠵᠤ ᠲᠠᠯ᠎ᠠ ᠨᠤᠲᠤᠭ ᠤᠨ ᠬᠥᠪᠡᠭᠦᠳ | ᠥᠬᠢᠳ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠠᠶᠠᠨ ᠵᠠᠮ ᠳᠤᠮᠳᠠ | ᠰᠠᠯᠬᠢ ᠳᠠᠪᠠᠯᠭᠠᠨ ᠢ ᠰᠥᠷᠦᠨ ᠡᠷᠡᠯᠬᠡᠭᠯᠡᠨ ᠤᠷᠤᠭᠰᠢᠯᠠᠬᠤ ᠶᠢ ᠢᠮᠠᠭᠲᠠ ᠬᠦᠲᠦᠯᠦᠨ ᠵᠢᠯᠤᠭᠤᠳᠴᠤ ᠪᠠᠶᠢᠨ᠎ᠠ᠃ | ᠪᠢᠳᠡ ᠲᠣᠰ ᠤᠳᠠᠭᠠᠨ ᠤ ᠰᠠᠭᠤᠳᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ ᠬᠤᠪᠢᠰᠬᠠᠯᠲᠤ ᠰᠣᠶᠣᠯ ᠤᠨ ᠡᠬᠢ | ᠪᠠᠶᠠᠯᠢᠭ ᠢ ᠬᠠᠮᠠᠭᠠᠯᠠᠬᠤ ᠰᠤᠳᠤᠯᠤᠯᠲᠠ ᠪᠠᠨ ᠴᠢᠨᠠᠭᠰᠢᠳᠠ ᠴᠢᠩᠭᠠᠳᠬᠠᠨ ᠦᠦᠰᠢᠨ ᠤ ᠬᠤᠪᠢᠰᠬᠠᠯ ᠤᠨ ᠦᠯᠢᠭᠡᠷ ᠢ | ᠰᠠᠶᠢᠲᠤᠷ ᠶᠠᠷᠢᠵᠤ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠵᠤ | ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠦᠦᠰᠢᠨ ᠤ ᠨᠤᠮᠢᠨ ᠲᠠᠩᠰᠤᠭ ᠬᠦᠭᠵᠢᠨ ᠮᠠᠨᠳᠤᠯᠲᠠ ᠶᠢᠨ ᠰᠢᠨ᠎ᠡ ᠬᠠᠭᠤᠳᠠᠰᠤ ᠶᠢ ᠨᠡᠭᠡᠭᠡᠨ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠬᠦᠰᠡᠯ | ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠥᠩᠭᠡ ᠭᠡᠷᠡᠯ ᠨᠡᠮᠡᠷᠢᠯᠡᠬᠦ ᠶᠤᠮ ᠭᠡᠵᠠᠢ᠃ | | | | | | | ᠹᠧᠩ ᡁᠢ ᠮᠢᠩ ᠵᠢᠭᠠᠬᠤ ᠳᠤ ᠪᠠᠨ᠂ ᠦᠦᠰᠢᠨ ᠬᠤᠰᠢᠭᠤᠨ ᠤ ᠲᠡᠦᠬᠡ ᠰᠣᠶᠣᠯ ᠥᠨᠢ ᠤᠳᠠᠭᠠᠨ ᠤᠯᠠᠮᠵᠢᠯᠠᠯ | ᠲᠠᠢ᠂ ᠰᠣᠶᠣᠯ ᠤᠨ ᠠᠭᠤᠯᠬᠤᠨ ᠭᠦᠨ ᠵᠤᠵᠠᠭᠠᠨ᠂ ᠳᠡᠯᠡᠬᠡᠢ ᠳᠤ ᠠᠯᠳᠠᠷᠰᠢᠭᠰᠠᠨ ︽ᠪᠣᠷᠣᠲᠣᠬᠤᠶ ᠬᠥᠮᠦᠨ︾ ᠤ | ᠨᠤᠲᠤᠭ ᠪᠠᠶᠢᠵᠤ ︽ᠮᠠᠯᠵᠢᠬᠤ ᠳ᠋ᠠᠵᠠᠶ︾ ᠶᠢᠨ ᠠᠯᠳᠠᠷ ᠨᠡᠷ᠎ᠡ ᠨᠢ ᠪᠦᠬᠦ ᠤᠯᠤᠰ ᠲᠤ ᠠᠯᠳᠠᠷᠰᠢᠨ ᠪᠦᠬᠦ ᠣᠷᠣᠨ ᠤ | ᠬᠠᠮᠤᠭ ᠤᠨ ᠡᠷᠲᠡᠨ ᠤ ᠬᠤᠪᠢᠰᠬᠠᠯ ᠤᠨ ᠰᠠᠭᠤᠷᠢᠨ ᠭᠠᠵᠠᠷ ᠪᠠ ᠴᠢᠯᠥᠭᠡᠯᠡᠭᠳᠡᠭᠰᠡᠨ ᠣᠷᠣᠨ ᠤ ᠨᠢᠭᠡ ᠪᠣᠯᠤᠨ᠎ᠠ᠃ | 1925 ᠣᠨ ᠠᠴᠠ 1949 ᠤᠨ ᠪᠣᠯᠲᠠᠯᠠᠬᠢ 20 ᠭᠠᠷᠤᠶ ᠵᠢᠯ ᠤᠨ ᠳᠣᠲᠣᠷ᠎ᠠ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠳᠣᠤᠷ᠎ᠠ᠂ ᠦᠤᠰᠢᠨ ᠤ ᠡᠯ᠎ᠡ ᠦᠨᠳᠦᠰᠦᠲᠡᠨ ᠤ ᠠᠷᠠᠳ ᠲᠦᠮᠡᠨ ᠲᠡᠰᠪᠦᠷᠢ | ᠬᠠᠲᠠᠭᠤᠵᠢᠯᠲᠠᠶ ᠲᠡᠮᠡᠴᠡᠵᠦ ᠠᠶᠤᠯ ᠲᠦᠭᠰᠢᠭᠦᠷᠢ ᠠᠴᠠ ᠠᠶᠤᠬᠤ ᠦᠭᠡᠢ ᠲᠡᠮᠡᠴᠡᠯ ᠬᠢᠵᠦ ᠬᠠᠭᠤᠴᠢᠨ ᠪᠠᠶᠢᠭᠤᠯᠤᠯ ᠢ | ᠲᠦᠯᠬᠢᠨ ᠤᠨᠠᠭᠠᠵᠤ ᠰᠢᠨ᠎ᠡ ᠠᠷᠠᠳᠴᠢᠯᠠᠭᠰᠠᠨ ᠬᠤᠪᠢᠰᠬᠠᠯ ᠤᠨ ᠪᠦᠬᠦ ᠲᠠᠯ᠎ᠠ ᠶᠢᠨ ᠢᠯᠠᠯᠲᠠ ᠶᠢ ᠣᠯᠤᠭᠰᠠᠨ ᠪᠠᠶᠢᠨ᠎ᠠ | ᠃ ᠦᠨᠳᠦᠰᠦᠲᠡᠨ ᠤ ᠴᠢᠯᠥᠭᠡᠯᠡᠯᠲᠡ ᠶᠢᠨ ᠦᠢᠯᠡᠰ ᠤᠨ ᠠᠶᠠᠨ ᠵᠠᠮ ᠳᠤ ᠦᠤᠰᠢᠨ ᠤ ᠡᠯ᠎ᠡ ᠦᠨᠳᠦᠰᠦᠲᠡᠨ ᠤ ᠠᠷᠠᠳ | ᠲᠦᠮᠡᠨ ᠪᠦᠯᠬᠦᠮᠳᠡᠨ ᠨᠢᠭᠡᠳᠴᠦ ᠨᠠᠮ ᠢᠶᠠᠨ ᠡᠷᠡᠰ ᠲᠠᠭᠠᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ | ᠰᠦᠪᠡᠭᠴᠢᠯᠡᠨ ᠦᠢᠯᠡᠳᠦᠯᠭᠡᠵᠢᠬᠦᠯᠬᠦ ᠶᠢᠨ ᠬᠠᠮᠲᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ | ᠲᠣᠭᠲᠠᠭᠠᠬᠤ ᠳᠤ ᠤᠳᠤᠷᠢᠳᠤᠮᠵᠢ ᠶᠢᠨ ᠴᠢᠨᠠᠷᠲᠠᠶ ᠬᠤᠪᠢ ᠨᠡᠮᠡᠷᠢ ᠦᠵᠡᠭᠦᠯᠵᠦ ᠪᠢᠳᠡᠨ ᠳᠤ ᠡᠯᠪᠡᠭ ᠪᠠᠶᠠᠯᠢᠭ ᠡᠷᠬᠢᠮ | ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠦᠯᠡᠳᠡᠭᠡᠭᠰᠡᠨ ᠪᠠᠶᠢᠨ᠎ᠠ᠃ ᠤᠳᠤ ᠦᠶ᠎ᠡ ᠳᠤ ᠬᠤᠪᠢᠰᠬᠠᠯᠲᠤ | ᠰᠣᠶᠣᠯ ᠢ ᠵᠠᠯᠭᠠᠮᠵᠢᠯᠠᠬᠤ ᠪᠣᠯ ᠨᠢᠭᠡ ᠭᠠᠪᠢᠶ᠎ᠠ ᠪᠠᠶᠢᠵᠤ ᠥᠨᠢ ᠡᠭᠦᠷᠢᠳᠡ ᠠᠰᠢᠭ ᠬᠦᠷᠲᠡᠬᠦ ᠠᠭᠤᠤ ᠶᠡᠭᠡ ᠦᠢᠯᠡᠰ | ᠮᠥᠨ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠭᠦᠨᠵᠡᠭᠡᠶ ᠠᠬᠢᠭᠤᠯᠬᠤ ᠵᠠᠩᠭᠢᠯᠠᠭ᠎ᠠ ᠶᠢᠨ ᠦᠶ᠎ᠡ ᠳᠤ ︽ᠬᠤᠪᠢᠰᠬᠠᠯ ᠤᠨ ᠭᠧᠨ ᠢ | ᠤᠯᠠᠮᠵᠢᠯᠠᠨ ᠵᠠᠯᠭᠠᠮᠵᠢᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠨᠤᠮᠢᠨ ᠲᠠᠩᠰᠤᠭ | ᠬᠦᠭᠵᠢᠨ ᠮᠠᠨᠳᠤᠯᠲᠠ ᠶᠢ ᠠᠬᠢᠭᠤᠯᠬᠤ︾ ᠪᠠᠷ ᠭᠤᠤᠯ ᠰᠡᠳᠦᠪ ᠪᠤᠯᠭᠠᠨ ᠲᠣᠰ ᠤᠳᠠᠭ᠎ᠠ ᠶᠢᠨ ᠰᠠᠭᠤᠳᠠᠯ ᠤᠨ | ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠤᠯ ᠵᠣᠷᠢᠯᠭ᠎ᠠ ᠨᠢ ᠪᠦ᠋ ᠰᠢᠶᠣᠤ ᠯᠢᠨ ᠲᠡᠷᠢᠭᠦᠯᠡᠭᠴᠢ ᠶᠢᠨ ᠪᠠᠶᠢᠴᠠᠭᠠᠨ | ᠰᠤᠳᠤᠯᠤᠯᠲᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ | ᠮᠠᠨ ᠤ ᠬᠤᠰᠢᠭᠤᠨ ᠤ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠤᠨ ᠲᠡᠤᠬᠡ ᠶᠢᠨ ᠠᠭᠤᠯᠤᠭᠳᠠᠬᠤᠨ ᠪᠠ ᠴᠠᠭ | ᠦᠶ᠎ᠡ ᠶᠢᠨ ᠥᠷᠲᠡᠭ ᠢ ᠭᠦᠢᠴᠡᠳ ᠠᠭᠤᠳᠠᠯᠠᠵᠤ ᠬᠤᠪᠢᠰᠬᠠᠯ ᠤᠨ ᠭᠸᠠ᠂ ᠬᠤᠪᠢᠰᠬᠠᠯ ᠤᠨ ᠤᠯᠠᠮᠵᠢᠯᠠᠯ᠂ | ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠤᠯᠠᠮᠵᠢᠯᠠᠨ ᠰᠠᠶᠢᠲᠤᠷ ᠪᠠᠳᠠᠷᠠᠭᠤᠯᠵᠤ ᠰᠠᠶᠢᠲᠤᠷ ᠠᠰᠢᠭᠯᠠᠬᠤ ᠶᠢᠨ | ᠲᠥᠯᠥᠭᠡ ᠶᠤᠮ᠃ ᠹᠧᠩ ᡁᠢ ᠮᠢᠩ ᠢᠯᠡᠷᠬᠡᠶᠢᠯᠡᠬᠦ ᠳᠤ ᠪᠠᠨ᠂ ᠰᠠᠭᠤᠷᠢ ᠪᠠᠨ ᠪᠠᠬᠢᠵᠢᠭᠦᠯᠵᠦ ᠬᠤᠪᠢᠰᠬᠠᠯ ᠤᠨ | ᠰᠣᠶᠣᠯ ᠤᠨ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠂ ᠲᠣᠭᠲᠠᠴᠠ ᠶᠢ ᠲᠡᠭᠦᠯᠳᠡᠷᠵᠢᠭᠦᠯᠵᠦ | ᠬᠤᠪᠢᠰᠬᠠᠯ ᠤᠨ ᠭᠧᠨ ᠢ ᠤᠯᠠᠮᠵᠢᠯᠠᠬᠤ ᠬᠡᠷᠡᠭᠲᠡᠶ ᠂ ᠠᠰᠢᠭᠯᠠᠬᠤ ᠶᠢ ᠴᠢᠬᠤᠯᠠᠴᠢᠯᠠᠵᠤ ᠬᠤᠪᠢᠰᠬᠠᠯ ᠤᠨ ᠰᠣᠶᠣᠯ ᠤᠨ | ᠴᠠᠭ ᠦᠶ᠎ᠡ ᠶᠢᠨ ᠥᠷᠲᠡᠭ ᠢ ᠪᠠᠳᠠᠷᠠᠭᠤᠯᠬᠤ ᠬᠡᠷᠡᠭᠲᠡᠶ᠂ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ ᠰᠣᠶᠣᠯ ᠤᠨ | ᠢᠲᠡᠭᠡᠯ ᠢᠶᠠᠨ ᠳᠡᠭᠡᠭᠰᠢᠯᠡᠭᠦᠯᠬᠦ ᠬᠡᠷᠡᠭᠲᠡᠶ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ | ᠬᠤᠪᠢᠰᠬᠠᠯ ᠤᠨ ᠤᠯᠠᠮᠵᠢᠯᠠᠯ ᠢ ᠰᠠᠶᠢᠲᠤᠷ ᠪᠠᠳᠠᠷᠠᠭᠤᠯᠤᠨ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠵᠤ ᠤᠭ | ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠬᠤᠪᠢᠰᠬᠠᠯ ᠤᠨ ᠬᠦᠴᠦᠨ ᠢ | ᠰᠢᠩᠭᠡᠭᠡᠨ ᠠᠪᠴᠤ ᠦᠦᠰᠢᠨ ᠤ ᠨᠤᠮᠢᠨ ᠲᠠᠩᠰᠤᠭ ᠬᠦᠭᠵᠢᠨ ᠮᠠᠨᠳᠤᠯᠲᠠ ᠶᠢ ᠠᠬᠢᠭᠤᠯᠤᠨ ᠦᠵᠡᠰᠬᠦᠯᠡᠩᠲᠦ | ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ | ᠲᠡᠷᠭᠡᠯᠰᠢᠭᠦᠯᠬᠦ ᠳᠤ ᠥᠩᠭᠡ ᠭᠡᠷᠡᠯ ᠨᠡᠮᠡᠷᠢᠯᠡᠬᠦ ᠬᠡᠷᠡᠭᠲᠡᠢ ᠭᠡᠪᠡ᠃ | ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠲᠤᠰᠬᠠᠶ ᠰᠡᠳᠦᠪᠲᠦ ᠡᠷᠳᠡᠮ ᠰᠢᠨᠵᠢᠯᠡᠭᠡᠨ ᠤ ᠰᠤᠳᠤᠯᠤᠨ | ᠶᠠᠷᠢᠯᠴᠠᠭ᠎ᠠ ᠥᠷᠨᠢᠭᠦᠯᠵᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠢ ᠵᠢᠭᠠᠨ | ᠰᠤᠳᠤᠯᠬᠤ ᠬᠡᠯᠲᠡᠰ ᠤᠨ ᠡᠷᠬᠢᠯᠡᠭᠴᠢ ᠥᠯᠵᠡᠶ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠢᠭᠤᠯᠴᠢᠯᠠᠯ ᠤᠨ | ᠰᠠᠯᠪᠤᠷᠢ ᠶᠢᠨ ᠡᠷᠬᠢᠯᠡᠭᠴᠢ ᠬᠠᠨ ᠳ᠋ᠦᠩ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃ ᠬᠤᠷᠠᠯ ᠳᠤ | ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠳ ᠦᠦᠰᠢᠨ ᠤ ᠬᠤᠪᠢᠰᠬᠠᠯ ᠤᠨ ᠰᠣᠶᠣᠯ ᠤᠨ ᠠᠭᠤᠯᠤᠭᠳᠠᠬᠤᠨ᠂ | ᠲᠡᠦᠬᠡ ᠶᠢᠨ ᠪᠠᠶᠢᠷᠢ ᠰᠠᠭᠤᠷᠢ᠂ ᠲᠡᠦᠬᠡ ᠶᠢᠨ ᠨᠥᠯᠥᠭᠡ᠂ ᠦᠦᠰᠢᠨ ᠤ ᠬᠤᠪᠢᠰᠬᠠᠯᠲᠤ ᠰᠣᠶᠣᠯ ᠤᠨ ᠪᠠᠶᠢᠭᠤᠯᠤᠯᠲᠠ | ᠶᠢᠨ ᠴᠢᠭᠯᠡᠯ ᠪᠣᠯᠤᠨ ᠭᠤᠤᠯᠳᠠᠯᠭ᠎ᠠ᠂ ᠦᠦᠰᠢᠨ ᠤ ᠬᠤᠪᠢᠰᠬᠠᠯᠲᠤ ᠰᠣᠶᠣᠯ ᠤᠨ ᠪᠠᠶᠢᠭᠤᠯᠤᠯᠲᠠ ᠶᠢᠨ ᠨᠠᠷᠠᠲᠤ | ᠲᠡᠮᠳᠡᠭ ᠢ ᠱᠤᠭᠤᠬᠤ᠂ ᠦᠦᠰᠢᠨ ᠤ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠤᠨ ᠬᠠᠮᠠᠭᠠᠯᠠᠯᠳᠠ ᠠᠰᠢᠭᠯᠠᠯᠳᠠ | ᠂ ᠬᠤᠪᠢᠰᠬᠠᠯᠳᠤ ᠵᠤᠭᠠᠴᠠᠯ ᠤᠨ ᠪᠦᠲᠦᠭᠡᠨ ᠪᠠᠶᠢᠭᠤᠯᠤᠯᠲᠠ ᠪᠤᠯᠤᠨ ᠦᠦᠰᠢᠨ ᠤ ᠬᠤᠪᠢᠰᠬᠠᠯᠲᠤ ᠰᠣᠶᠣᠯ ᠢ | ᠤᠯᠠᠮᠵᠢᠯᠠᠬᠤ ᠲᠠᠯ᠎ᠠ ᠳᠤ ᠶᠠᠷᠢᠯᠴᠠᠭ᠎ᠠ ᠥᠷᠨᠢᠭᠦᠯᠵᠠᠢ᠃ | | | | | | | | | | ᠥᠯᠵᠠᠢ᠂ ᠬᠠᠨ ᠳ᠋ᠥᠩ ᠨᠠᠷ ᠤᠨ ᠥᠵᠠᠭᠦ ᠪᠠᠷ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠨᠢ | ᠡᠯ᠎ᠡ ᠲᠤᠰᠬᠠᠶ ᠮᠡᠷᠭᠡᠵᠢᠯᠲᠡᠨ ᠡᠷᠳᠡᠮᠲᠡᠳ ᠭᠤᠤᠯ ᠰᠡᠳᠦᠪ ᠤᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ | ᠭᠦᠨ ᠭᠦᠨᠵᠡᠭᠡᠶ ᠦᠨ᠎ᠡ ᠥᠷᠲᠡᠭ ᠲᠠᠢ ᠤᠨᠤᠯ ᠤᠨ ᠦᠷ᠎ᠡ ᠪᠦᠲᠦᠭᠡᠯ ᠣᠯᠵᠤ ᠮᠠᠨ ᠤ ᠬᠤᠰᠢᠭᠤᠨ ᠤ | ᠬᠤᠪᠢᠰᠬᠠᠯᠲᠤ ᠰᠣᠶᠣᠯ ᠤᠨ ᠰᠤᠳᠤᠯᠭᠠᠨ ᠤ ᠠᠵᠢᠯ ᠳᠤ ᠡᠯᠪᠡᠭ ᠪᠠᠶᠠᠯᠢᠭ ᠣᠨᠣᠯ ᠪᠠ ᠦᠶᠯᠡᠳᠦᠯᠭᠡ ᠶᠢᠨ | ᠵᠢᠯᠣᠭᠤᠳᠤᠯᠭ᠎ᠠ ᠬᠠᠩᠭᠠᠨ ᠢᠷᠡᠭᠡᠳᠦᠢ ᠳᠤ ᠬᠤᠪᠢᠰᠬᠠᠯᠳᠤ ᠰᠣᠶᠣᠯ ᠤᠨ ᠰᠤᠳᠤᠯᠭᠠᠨ ᠢ ᠦᠷᠭᠦᠯᠵᠢᠯᠡᠨ ᠠᠬᠢᠭᠤᠯᠵᠤ | ᠬᠤᠪᠢᠰᠬᠠᠯ ᠤᠨ ᠰᠣᠶᠣᠯ ᠤᠨ ᠨᠥᠯᠥᠭᠡ ᠶᠢ ᠥᠷᠭᠡᠳᠬᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠭᠦᠭᠰᠡᠨ | ᠪᠠᠶᠢᠨ᠎ᠠ ᠭᠡᠵᠡᠢ᠃ | ᠲᠣᠰ ᠤᠳᠠᠭᠠᠨ ᠤ ᠦᠤᠰᠢᠨ ᠤ ᠬᠤᠪᠢᠰᠬᠠᠯᠲᠤ ᠰᠣᠶᠣᠯ ᠢ ᠤᠯᠠᠮᠵᠢᠯᠠᠨ ᠬᠠᠮᠠᠭᠠᠯᠠᠬᠤ ᠪᠠ ᠬᠥᠭᠵᠢᠭᠦᠯᠬᠦ | ᠰᠤᠳᠤᠯᠭᠠᠨ ᠤ ᠰᠠᠭᠤᠳᠠᠯ ᠤᠨ ᠬᠤᠷᠠᠯ ᠨᠢ ᠦᠤᠰᠢᠨ ᠬᠤᠰᠢᠭᠤᠨ ᠤ ᠬᠤᠪᠢᠰᠬᠠᠯᠲᠤ ᠰᠣᠶᠣᠯ ᠢ | ᠬᠦᠨᠵᠡᠭᠡᠶᠢᠷᠡᠬᠦᠯᠬᠦ ᠳᠤ ᠰᠢᠨ᠎ᠡ ᠬᠦᠳᠡᠯᠭᠡᠭᠴᠢ ᠬᠦᠴᠦᠨ ᠪᠤᠯᠵᠤ ᠬᠤᠷᠠᠯ ᠳᠤ ᠣᠷᠣᠯᠴᠠᠭᠰᠠᠨ ᠤᠳᠤᠷᠢᠳᠤᠯᠭ᠎ᠠ᠂ | ᠲᠤᠰᠬᠠᠶ ᠮᠡᠷᠭᠡᠵᠢᠯᠲᠡᠨ᠂ ᠡᠷᠳᠡᠮᠲᠡᠨ ᠨᠠᠷ ᠬᠤᠪᠢᠰᠬᠠᠯ ᠤᠨ ᠰᠣᠶᠣᠯ ᠢ ᠠᠭᠤᠳᠠᠯᠠᠬᠤ᠂ ᠬᠠᠮᠠᠭᠠᠯᠠᠬᠤ ᠪᠠ | ᠤᠯᠠᠮᠵᠢᠯᠠᠬᠤ ᠬᠦᠷᠢᠶᠡᠨ ᠳᠤ ᠦᠤᠰᠢᠨ ᠬᠤᠰᠢᠭᠤᠨ ᠳᠤ ᠵᠢᠯᠣᠭᠤᠳᠤᠯᠭ᠎ᠠ ᠪᠠ ᠰᠡᠩᠬᠡᠷᠡᠭᠦᠯᠦᠯ ᠥᠭᠴᠦ ᠦᠤᠰᠢᠨ ᠤ | ᠬᠤᠪᠢᠰᠬᠠᠯ ᠤᠨ ᠰᠣᠶᠣᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠡᠬᠦᠭᠰᠡᠨ ᠪᠠᠶᠢᠨ᠎ᠠ᠃ | |