ᠪᠥᠭᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠤᠮ ᠤᠩᠰᠢᠬᠤ ᠠᠩᠭᠢ ᠶᠢᠨ ᠲᠥᠷᠪᠡᠳᠤᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/10/30
     10 ᠰᠠᠷ᠎ᠠ ᠶᠢᠨ 25  ᠤ ᠡᠳᠦᠷ᠂ ᠪᠥᠭᠦ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠤᠯ ᠰᠡᠳᠦᠪᠲᠦ ᠬᠥᠮᠦᠵᠢᠯ ᠤᠨ ᠨᠤᠮ ᠤᠩᠰᠢᠬᠤ ᠠᠩᠭᠢ ᠶᠢᠨ ᠲᠥᠷᠪᠡᠳᠤᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ ᠬᠤᠷᠠᠯᠳᠤᠭᠰᠠᠨ ᠪᠠᠶᠢᠨ᠎ᠠ᠃ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠭᠢᠷᠠᠭᠤᠯᠵᠤ ᠸᠢᠳᠢᠤ᠋ ᠬᠡᠯᠪᠡᠷᠢ ᠪᠠᠷ ᠬᠤᠷᠠᠯ ᠢ ᠭᠥᠯᠢᠶᠠᠨ ᠦᠵᠡᠵᠤ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠠᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ ᠵᠢᠴᠢ ᠮᠠᠨ ᠤ ᠬᠤᠰᠢᠭᠤᠨ ᠤ ᠰᠢᠶᠠᠨ ᠤ ᠲᠠᠰ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
     ᠬᠤᠷᠠᠯ ᠲᠡᠭᠡᠷ᠎ᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠣᠹᠧᠰᠰᠣᠷ ᠡᠸᠦ ᠶᠠᠩ ᠯᠢ ᠨᠠ ᠶᠢ ᠤᠨᠴᠠᠭᠠᠶᠢᠯᠠᠨ ᠤᠷᠢᠵᠤ ︽ᠨᠠᠮ ᠤᠨ ᠳᠦᠷᠢᠮ ᠲᠠᠢ ᠬᠠᠷᠢᠴᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠶ᠎ᠠ︾ ᠭᠡᠬᠦ ᠲᠤᠰᠬᠠᠶ ᠰᠡᠳᠦᠪᠲᠦ ᠨᠠᠮ ᠤᠨ ᠬᠢᠴᠢᠶᠡᠯ ᠤᠷᠤᠭᠤᠯᠪᠠ ᠃ ᠨᠠᠮ ᠤᠨ ᠬᠢᠴᠢᠶᠡᠯ ᠤᠨ ᠠᠭᠤᠯᠭ᠎ᠠ ᠨᠢ ᠨᠠᠮ ᠤᠨ ᠳᠣᠲᠣᠭᠠᠳᠤ ᠶᠢᠨ ᠪᠦᠷᠢᠨ ᠲᠡᠭᠦᠯᠳᠡᠷ ᠬᠠᠤᠯᠢ ᠲᠣᠭᠲᠠᠭᠠᠯ ᠤᠨ ᠲᠤᠭᠳᠠᠯᠴᠠᠭ᠎ᠠ᠂ ᠨᠠᠮ ᠤᠨ ᠳᠦᠷᠢᠮ ᠲᠠᠢ ᠣᠨᠣᠪᠴᠢᠲᠠᠶ ᠬᠠᠷᠢᠴᠠᠭᠤᠯᠤᠨ ᠵᠥᠷᠢᠶ᠎ᠡ ᠪᠠᠨ ᠡᠷᠢᠵᠦ ᠠᠰᠠᠭᠤᠳᠠᠯ ᠢ ᠪᠠᠶᠢᠴᠠᠭᠠᠨ ᠳᠡᠯᠭᠡᠬᠦ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠭᠤᠷᠪᠠᠨ ᠲᠠᠯ᠎ᠠ ᠶᠢᠨ ᠲᠤᠭᠤᠷᠢᠨ ᠳᠤ  ᠵᠢᠱᠢᠶ᠎ᠡ ᠲᠠᠲᠠᠬᠤ᠂ ᠠᠰᠠᠭᠤᠳᠠᠯ ᠡᠷᠢᠬᠦ᠂ ᠲᠥᠷᠥᠭᠳᠡᠯ ᠢᠶᠠᠨ ᠶᠠᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠦᠷᠭᠦᠯᠵᠢ ᠨᠠᠮ ᠤᠨ ᠳᠦᠷᠢᠮ᠂ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠤᠨ ᠥᠪᠡᠷ ᠤᠨ ᠬᠦᠰᠡᠯᠡᠩ ᠢᠲᠡᠭᠡᠯ ᠪᠢᠰᠢᠷᠡᠯ ᠪᠣᠯᠤᠨ ᠦᠵᠡᠯ ᠰᠠᠨᠠᠭ᠎ᠠ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠠᠶᠢᠴᠠᠭᠠᠨ ᠦᠵᠡᠵᠦ ᠦᠵᠡᠯ ᠰᠠᠨᠠᠭᠠᠨ ᠤ ᠲᠠᠯ᠎ᠠ ᠪᠠᠷ ᠬᠢ ᠬᠤᠭ ᠲᠤᠭᠤᠰᠤ ᠶᠢ ᠲᠠᠰᠤᠷᠠᠯᠲᠠ ᠦᠭᠡᠢ ᠠᠷᠢᠯᠭᠠᠵᠤ ᠤᠯᠤᠰ ᠲᠥᠷᠥ ᠶᠢᠨ ᠵᠤᠭᠰᠤᠴᠠ ᠪᠠᠨ ᠢᠮᠡᠭ᠌ᠲᠠ ᠪᠠᠷᠢᠮᠲᠠᠯᠠᠬᠤ ᠶᠢ ᠵᠤᠷᠢᠭᠵᠢᠭᠤᠯᠤᠨ ᠵᠢᠯᠤᠭᠤᠳᠤᠭᠰᠠᠨ ᠪᠠᠶᠢᠨ᠎ᠠ᠃      ᠡᠸᠤ ᠶᠠᠩ ᠫᠷᠣᠹᠧᠰᠰᠣᠷ ᠵᠢᠭᠠᠵᠤ ᠭᠠᠷᠭᠠᠭᠰᠠᠨ ᠨᠢ᠂ ᠵᠥᠷᠢᠶ᠎ᠡ ᠪᠠᠨ ᠡᠷᠢᠬᠦ ᠪᠣᠯ ᠳᠠᠷᠤᠶ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠬᠠᠷᠢᠴᠠᠭᠤᠯᠵᠤ᠂ ᠨᠠᠮ ᠤᠨ ᠳᠦᠷᠢᠮ ᠲᠠᠢ ᠬᠠᠷᠭᠤᠭᠤᠯᠵᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠲᠠᠢ ᠬᠠᠷᠭᠤᠭᠤᠯᠵᠤ᠂ ᠳᠡᠷᠭᠡᠳᠡᠬᠢ ᠬᠡᠪ ᠳᠠᠭᠤᠷᠢᠶᠠᠯ ᠲᠠᠢ ᠬᠠᠷᠭᠤᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠬᠤ ᠶᠠᠪᠤᠳᠠᠯ ᠪᠣᠯᠤᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠠᠯ᠎ᠠ ᠪᠠᠷ ᠶᠠᠮᠠᠷ ᠶᠠᠮᠠᠷ ᠵᠥᠷᠢᠶ᠎ᠡ ᠣᠷᠣᠰᠢᠵᠤ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠴᠡᠭᠡᠷᠯᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠲᠠᠯ᠎ᠠ ᠪᠠᠷ ᠶᠠᠮᠠᠷ ᠵᠥᠷᠢᠶ᠎ᠡ ᠣᠷᠣᠰᠢᠵᠤ ᠪᠠᠶᠢᠬᠤ ᠶᠢ ᠡᠷᠢᠵᠦ ᠣᠯᠬᠤ ᠬᠡᠷᠡᠭᠲᠡᠶ᠃ ᠣᠯᠠᠨ ᠲᠦᠮᠡᠨᠴᠢ ᠦᠵᠡᠯᠲᠡ᠂ ᠣᠯᠠᠨ ᠲᠦᠮᠡᠨ ᠤ ᠵᠣᠭᠰᠣᠯᠲᠠ᠂ ᠣᠯᠠᠨ ᠲᠦᠮᠡᠨ ᠤ ᠬᠠᠶᠢᠷ᠎ᠠ ᠰᠡᠳᠬᠢᠯᠭᠡ᠂ ᠣᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠵᠥᠷᠢᠶ᠎ᠡ ᠣᠷᠣᠰᠢᠵᠤ ᠪᠠᠶᠢᠬᠤ ᠶᠢ ᠡᠷᠢᠵᠦ ᠦᠵᠡᠯ ᠰᠠᠨᠠᠭᠠᠨ ᠤ ᠤᠬᠠᠮᠰᠠᠷ᠂ ᠴᠢᠳᠠᠪᠤᠷᠢ ᠶᠢᠨ ᠬᠡᠪ ᠴᠢᠨᠠᠷ᠂ ᠶᠣᠰᠣ ᠮᠣᠷᠠᠯ ᠤᠨ ᠪᠣᠯᠪᠠᠰᠤᠷᠠᠯ᠂ ᠣᠪᠣᠷ ᠰᠤᠷᠲᠠᠯ ᠤᠨ ᠳᠦᠷᠢ ᠲᠥᠷᠬᠦ ᠶᠢᠨ ᠲᠠᠯ᠎ᠠ ᠪᠠᠷ ᠶᠠᠮᠠᠷ ᠵᠥᠷᠢᠶ᠎ᠡ ᠣᠷᠣᠰᠢᠵᠤ ᠪᠠᠶᠢᠬᠤ ᠶᠢ ᠡᠷᠢᠵᠦ ᠬᠠᠷᠠᠯᠲᠠ ᠲᠠᠢ ᠪᠠᠷ ᠰᠤᠮᠤ ᠬᠠᠷᠪᠤᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠠᠢ᠃      ᠲᠣᠰ ᠤᠳᠠᠭᠠᠨ ᠤ ᠨᠠᠮ ᠤᠨ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠨᠠᠷᠢᠨ ᠪᠣᠳᠠᠲᠠᠶ᠂ ᠭᠤᠤᠯ ᠰᠡᠳᠦᠪ ᠨᠢ ᠢᠯᠡ ᠲᠣᠳᠣ᠂ ᠤᠨᠤᠯ ᠤᠨ ᠦᠨᠳᠦᠷᠴᠡ ᠲᠠᠢ ᠪᠥᠭᠡᠳ ᠪᠠᠰᠠ ᠦᠢᠯᠡᠳᠦᠯᠭᠡ ᠶᠢᠨ ᠭᠡᠷᠡᠴᠢ ᠪᠠᠷᠢᠮᠲᠠ ᠲᠠᠢ᠂ ᠭᠦᠨᠵᠡᠭᠡᠶ ᠰᠡᠳᠬᠢᠭᠦᠰᠢᠲᠡᠶ ᠰᠤᠷᠤᠯᠴᠠᠭᠰᠠᠨ ᠲᠥᠷᠥᠭᠳᠡᠯ ᠲᠠᠢ ᠮᠥᠷᠲᠡᠭᠡᠨ ᠲᠤᠬᠠᠢ ᠶᠢᠨ ᠭᠠᠵᠠᠷ ᠲᠤᠨᠢ ᠬᠦᠷᠴᠦ ᠠᠰᠠᠭᠤᠳᠠᠯ ᠢ ᠪᠠᠶᠢᠴᠠᠭᠠᠨ ᠦᠵᠡᠭᠰᠡᠨ ᠪᠠᠶᠢᠨ᠎ᠠ᠃ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ᠲᠤᠰ ᠤᠳᠠᠭᠠᠨ ᠤ ᠨᠠᠮ ᠤᠨ ᠬᠢᠴᠢᠶᠡᠯ ᠢᠶᠠᠷ ᠲᠣᠬᠢᠶᠠᠯ ᠪᠣᠯᠭᠠᠵᠤ ᠤᠭ ᠰᠠᠨᠠᠭ᠎ᠠ ᠪᠠᠨ ᠦᠯᠦ ᠮᠠᠷᠲᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠬᠦᠴᠢᠷ ᠪᠡᠷᠬᠡᠰᠢᠶᠡᠯ ᠠᠴᠠ ᠠᠶᠤᠬᠤ ᠦᠭᠡᠢ ᠰᠥᠰᠥ ᠵᠣᠷᠢᠭ᠂ ᠲᠡᠷᠢᠭᠦᠨ ᠤ ᠡᠩᠨᠡᠭᠡᠨ ᠳᠤ ᠣᠷᠣᠬᠤ ᠦᠢᠯᠡᠳᠦᠯᠭᠡ ᠪᠣᠯᠭᠠᠨ ᠬᠤᠪᠢᠷᠠᠭᠤᠯᠵᠤ ᠮᠠᠨ ᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ ᠢᠯᠡᠳᠬᠡᠵᠡᠭᠡᠪᠡ᠃    
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ