ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠶᠢᠨ ᠲᠥᠯᠥᠪᠵᠢᠭᠦᠯᠭᠡ ᠪᠠ ᠪᠠᠷᠠᠭᠠᠨ ᠭᠦᠢᠯᠭᠡᠭᠡᠨ ᠤ ᠲᠥᠯᠥᠪᠵᠢᠭᠦᠯᠬᠡ ᠶᠢ ᠨᠠᠶᠢᠷᠠᠭᠤᠯᠤᠨ ᠲᠤᠭᠳᠠᠭᠠᠬᠤ ᠠᠵᠢᠯ  ᠤᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-31
     10 ᠰᠠᠷ᠎ᠠ ᠶᠢᠨ 25 ᠤ ᠡᠳᠦᠷ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠶᠢᠨ ᠲᠥᠯᠥᠪᠵᠢᠭᠦᠯᠭᠡ ᠪᠠ ᠪᠠᠷᠠᠭᠠᠨ ᠭᠦᠢᠯᠭᠡᠭᠡᠨ ᠤ ᠲᠥᠯᠥᠪᠵᠢᠭᠦᠯᠬᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠰᠠᠭᠤᠳᠠᠯ ᠤᠨ ᠬᠤᠷᠠᠯ ᠬᠤᠷᠠᠯᠳᠤᠵᠤ ᠬᠤᠰᠢᠭᠤ ᠤᠳᠤᠷᠢᠳᠤᠯᠭ᠎ᠠ ᠡᠷᠳᠡᠨᠢᠪᠢᠯᠢᠭ᠂ ᠵᠣᠣ ᠹᠸᠢ ᠯᠦ᠂ ᠵᠣᠣ ᠶᠦᠩ ᠹᠧᠩ᠂ ᠯᠢ ᠵᠦᠩ ᠯᠢᠨ᠂ ᠮᠦᠩᠭᠦᠨ᠂ ᠶᠠᠩ ᠵᠦᠩ ᠬᠤᠩ ᠬᠤᠷᠠᠯ ᠳᠤ ᠤᠷᠤᠯᠴᠠᠵᠤ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠭᠰᠠᠨ ᠪᠠᠶᠢᠨ᠎ᠠ᠃
     ᠬᠤᠷᠠᠯ ᠳᠡᠭᠡᠷ᠎ᠡ᠂ ᠵᠦᠩᠽᠢ ᠺᠤᠮᠫᠠᠨᠢ ᠶᠢᠨ ᠬᠠᠷᠢᠭᠤᠴᠠᠯᠭᠠᠲᠠᠨ ᠠᠴᠠ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠪᠣᠬᠢᠷᠳᠦᠯ ᠦᠭᠡᠢ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠪᠠᠷᠠᠭᠠᠨ ᠭᠦᠢᠯᠭᠡᠭᠡᠨ ᠤ ᠲᠥᠯᠥᠪᠵᠢᠭᠦᠯᠭᠡ ᠶᠢ ᠨᠠᠶᠢᠷᠠᠭᠤᠯᠤᠨ ᠪᠢᠴᠢᠬᠦ ᠠᠵᠢᠯ ᠤᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠠᠶᠢᠨ᠎ᠠ᠃      ᠬᠤᠷᠠᠯ ᠠᠴᠠ ᠵᠢᠭᠠᠵᠤ ᠭᠠᠷᠭᠠᠬᠤ ᠳᠠᠭᠠᠨ᠂ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠪᠣᠯ ᠦᠦᠰᠢᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠷᠲᠡᠭᠡᠨ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠡᠳᠬᠢᠮᠵᠢ ᠶᠢ ᠲᠤᠭᠲᠠᠭᠠᠬᠤ ᠪᠠ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠲᠤᠭᠲᠠᠭᠠᠬᠤ ᠦᠨᠳᠦᠰᠦᠨ ᠱᠠᠭᠠᠷᠳᠠᠯᠭ᠎ᠠ ᠪᠣᠯᠣᠨ᠎ᠠ᠃ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠪᠣᠬᠢᠷᠳᠤᠯ ᠦᠬᠡᠢ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠪᠠᠷᠠᠭᠠᠨ ᠭᠦᠢᠯᠭᠡᠭᠡᠨ ᠤ ᠲᠥᠯᠥᠪᠵᠢᠭᠦᠯᠭᠡ ᠶᠢ ᠨᠠᠶᠢᠷᠠᠭᠤᠯᠤᠨ ᠪᠢᠴᠢᠬᠦ ᠠᠵᠢᠯ ᠨᠢ ᠡᠷᠬᠡᠪᠰᠢ ᠠᠮᠢ ᠠᠬᠤᠢ ᠶᠢ ᠲᠡᠷᠢᠭᠦᠨ ᠳᠤ ᠲᠠᠯᠪᠢᠵᠤ ᠪᠤᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠤᠳᠤᠷᠢᠳᠤᠮᠵᠢ ᠪᠣᠯᠭᠠᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠤᠪᠢᠰᠤᠯ ᠪᠠ ᠬᠡᠪ ᠵᠠᠭᠪᠤᠷ ᠤᠨ ᠰᠢᠨᠡᠴᠢᠯᠡᠯᠲᠡ ᠶᠢ ᠬᠦᠴᠦᠯᠡᠨ ᠠᠬᠢᠭᠤᠯᠵᠤ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠪᠠ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠵᠦᠩᠽᠢ ᠺᠤᠮᠫᠠᠨᠢ ᠡᠷᠬᠡᠪᠰᠢ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠤᠮᠵᠢ ᠶᠢ ᠭᠦᠢᠴᠡᠳ ᠬᠦᠯᠢᠶᠡᠨ ᠠᠪᠴᠤ ᠲᠥᠯᠥᠪᠵᠢᠬᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠮᠠᠨ ᠤ ᠬᠤᠰᠢᠭᠤᠨ ᠤ ᠪᠤᠲᠠᠲᠤ ᠪᠠᠶᠢᠳᠠᠯ ᠲᠠᠢ ᠲᠣᠬᠢᠷᠠᠯᠴᠠᠭᠰᠠᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠶᠢᠨ ᠲᠥᠯᠥᠪᠵᠢᠭᠦᠯᠬᠡ ᠵᠢᠴᠢ ᠪᠠᠷᠠᠭᠠᠨ ᠭᠦᠢᠯᠭᠡᠭᠡᠨ ᠤ ᠲᠥᠯᠥᠪᠵᠢᠭᠦᠯᠬᠡ ᠶᠢ ᠨᠠᠶᠢᠷᠠᠭᠤᠯᠤᠨ ᠪᠢᠴᠢᠬᠦ ᠬᠡᠷᠡᠭᠲᠡᠢ᠃ ᠡᠯ᠎ᠡ ᠬᠦᠷᠢᠶᠡᠯᠡᠩ ᠲᠤᠭᠤᠷᠢᠭ᠂ ᠡᠯ᠎ᠡ ᠰᠠᠯᠠᠭ᠎ᠠ ᠮᠥᠴᠢᠷ ᠲᠥᠯᠥᠪᠵᠢᠭᠦᠯᠭᠡ ᠪᠠ ᠨᠠᠶᠢᠷᠠᠭᠤᠯᠤᠨ ᠪᠢᠴᠢᠬᠦ ᠠᠵᠢᠯ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠵᠦᠩᠽᠢ ᠺᠤᠮᠫᠠᠨᠢ ᠶᠢᠨ ᠠᠵᠢᠯ ᠢ ᠪᠥᠬᠦ ᠬᠦᠴᠦᠨ ᠢᠶᠠᠷ ᠢᠶᠠᠨ ᠬᠠᠪᠰᠤᠷᠤᠯᠴᠠᠨ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠪᠣᠬᠢᠷᠳᠤᠯ ᠦᠭᠡᠢ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠪᠠᠷᠠᠭᠠᠨ ᠬᠦᠢᠯᠭᠡᠭᠡᠨ ᠤ ᠲᠥᠯᠥᠪᠵᠢᠭᠦᠯᠭᠡ ᠶᠢ ᠡᠷᠲᠡ ᠨᠢᠭᠡᠨ ᠡᠳᠦᠷ ᠨᠠᠶᠢᠷᠠᠭᠤᠯᠤᠨ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号