ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠡᠤ ᠲᠤᠸᠠᠨ ᠶᠢᠩ ᠮᠠᠨ ᠤ ᠬᠤᠰᠢᠭᠤᠨ ᠳᠤ ᠢᠷᠡᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-10-31
     10 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠡᠦ ᠲᠤᠸᠠᠨ ᠶᠢᠩ ᠮᠠᠨ ᠤ ᠬᠤᠰᠢᠭᠤᠨ ᠳᠤ ᠢᠷᠡᠵᠦ ᠵᠠᠬᠢᠳᠠᠯ ᠰᠤᠷᠪᠤᠯᠵᠢᠯᠠᠭ᠎ᠠ ᠶᠢᠨ ᠤᠴᠢᠷ ᠶᠠᠪᠤᠳᠠᠯ  ᠢ ᠰᠢᠢᠳᠪᠦᠷᠢᠯᠡᠭᠰᠡᠨ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠬᠠᠷᠢᠭᠤ ᠮᠡᠳᠡᠭᠦᠯᠥᠯᠳᠠ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠡᠦ ᠲᠤᠸᠠᠨ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠮᠢᠩ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠦᠵᠢ  ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ ᠵᠢᠴᠢ ᠭᠠᠯᠠᠭᠤᠲᠤ ᠪᠠᠯᠭᠠᠰᠤ᠂ ᠰᠢᠷᠬᠤᠰᠤᠨ ᠪᠠᠯᠭᠠᠰᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ᠡᠷᠳᠡᠨᠢᠪᠢᠯᠢᠭ ᠮᠠᠨ ᠤ ᠬᠤᠰᠢᠭᠤᠨ ᠤ ᠦᠨᠳᠦᠰᠦᠨ ᠪᠠᠶᠢᠳᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠵᠠᠬᠢᠳᠠᠯ ᠰᠤᠷᠪᠤᠯᠵᠢᠯᠠᠭ᠎ᠠ ᠶᠢᠨ ᠤᠴᠢᠷ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃      ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠦ᠋ ᠲᠤᠸᠠᠨ ᠶᠢᠩ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠳᠤ ᠥᠥᠰᠢᠨ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠬᠡᠮ ᠤᠨ ᠵᠠᠰᠠᠯᠲᠠ᠂ ᠠᠮᠢ ᠠᠬᠤᠢ ᠶᠢᠨ ᠪᠣᠯᠪᠠᠰᠤᠨ᠂ ᠰᠣᠶᠣᠯ ᠤᠨ ᠬᠥᠭᠵᠢᠯᠲᠡ ᠵᠡᠷᠭᠡ ᠠᠵᠤ ᠠᠬᠤᠶ ᠨᠡᠶᠢᠬᠡᠮ ᠤᠨ ᠡᠯ᠎ᠡ ᠲᠦᠷᠦᠯ ᠤᠨ ᠦᠢᠯᠡᠰ ᠴᠥᠮ ᠲᠦᠷᠭᠡᠨ ᠳᠠᠪᠰᠢᠯᠲᠠ ᠲᠠᠢ ᠪᠤᠯᠤᠭᠰᠠᠨ ᠪᠠᠶᠢᠨ᠎ᠠ᠃ ᠨᠡᠶᠢᠭᠡᠮ ᠤᠨ ᠵᠥᠷᠢᠴᠡᠯ ᠢ ᠨᠠᠮᠳᠠᠭᠤᠯᠬᠤ ᠠᠵᠢᠯ ᠯᠠᠪᠳᠠᠭᠤᠨ ᠬᠦᠴᠦᠲᠠᠢ᠂ ᠨᠡᠶᠢᠭᠡᠮ ᠤᠨ ᠬᠥᠭᠵᠢᠯᠲᠡ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠵᠤ ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠭᠤᠯᠤᠭᠰᠠᠨ ᠰᠢᠮᠳᠠᠭᠤᠯᠤᠨ ᠭᠦᠢᠴᠡᠳᠬᠡᠬᠦ ᠡᠯ᠎ᠡ ᠬᠡᠷᠡᠭ ᠢ ᠤᠳᠤᠷᠢᠳᠤᠯᠭ᠎ᠠ ᠨᠠᠷ ᠴᠢᠬᠤᠯᠠᠴᠢᠯᠠᠨ ᠦᠵᠡᠵᠦ ᠯᠠᠪᠳᠠᠭᠤᠨ ᠠᠬᠢᠭᠤᠯᠤᠭᠰᠠᠨ ᠠᠴᠠ ᠢᠯᠡᠷᠭᠡᠢ ᠦᠷ᠎ᠡ ᠪᠦᠲᠦᠮᠵᠢ ᠤᠯᠵᠤ ᠲᠤᠬᠠᠢ ᠶᠢᠨ ᠬᠥᠮᠦᠨ ᠰᠢᠢᠳᠪᠦᠷᠢᠯᠡᠭᠰᠡᠨ ᠦᠷ᠎ᠡ ᠳ᠋ᠦ᠋ᠩ ᠳᠤ ᠰᠡᠳᠬᠢᠯ ᠬᠠᠨᠤᠮᠵᠢᠲᠠᠶ ᠪᠠᠶᠢᠬᠤ ᠪᠠᠷ ᠪᠠᠷᠠᠬᠤ ᠦᠭᠡᠢ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠵᠤ ᠨᠡᠶᠢᠭᠡᠮ ᠤᠨ ᠡᠮᠬᠢ ᠳᠢᠭᠯᠢᠮ᠂ ᠲᠣᠭᠲᠠᠭᠤᠨ ᠪᠠᠶᠢᠳᠠᠯ ᠢ ᠬᠠᠮᠠᠭᠠᠯᠠᠵᠤ ᠴᠢᠳᠠᠭᠰᠠᠨ ᠪᠠᠶᠢᠨ᠎ᠠ ᠭᠡᠵᠡᠢ᠃      ᠦ᠋ ᠲᠤᠸᠠᠨ ᠶᠢᠩ ᠴᠢᠬᠤᠯᠠᠴᠢᠯᠠᠬᠤ ᠳᠤ ᠪᠠᠨ᠂ ᠳᠠᠷᠠᠭᠠᠴᠢ ᠶᠢᠨ ᠠᠯᠬᠤᠮ ᠳᠤ ᠥᠥᠰᠢᠨ ᠬᠤᠰᠢᠭᠤ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ ᠥᠥᠰᠢᠨ ᠤ ᠡᠯ᠎ᠡ ᠲᠥᠷᠤᠯ ᠤᠨ ᠠᠵᠢᠯ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠨᠡᠶᠢᠬᠡᠮ ᠤᠨ ᠣᠷᠴᠢᠨ ᠢ ᠪᠦᠷᠢᠯᠳᠦᠭᠦᠯᠵᠦ ᠥᠭᠬᠦ ᠬᠡᠷᠡᠭᠲᠡᠶ ᠭᠡᠵᠡᠢ᠃      ᠦ᠋ ᠲᠤᠸᠠᠨ ᠶᠢᠩ ᠪᠠᠰᠠ ᠬᠡᠷᠡᠭ ᠰᠢᠢᠳᠪᠤᠷᠢᠯᠡᠬᠦᠯᠦᠭᠰᠡᠨ ᠲᠤᠬᠠᠶ ᠶᠢᠨ ᠬᠥᠮᠦᠨ ᠲᠠᠢ ᠠᠭᠤᠯᠵᠠᠨ ᠳᠣᠲᠣᠨᠣ ᠪᠠᠷ ᠶᠠᠷᠢᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号