ᠮᠠᠨ ᠤ ᠬᠤᠰᠢᠭᠤ ᠮᠠᠯ ᠤᠨ ᠠᠰᠢᠭ ᠰᠢᠮ᠎ᠡ ᠶᠢ ᠤᠯᠠᠨ ᠲᠦᠷᠦᠯᠵᠢᠬᠦᠯᠵᠦ ᠵᠠᠬ᠎ᠠ ᠲᠡᠯᠬᠡᠬᠦᠷ ᠤᠨ ᠣᠷᠣᠨ ᠵᠠᠢ ᠪᠠᠨ ᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2019-10-08
     ᠮᠠᠯ ᠠᠵᠤ ᠠᠬᠤᠢ ᠶᠢᠨ ᠦᠨᠳᠦᠷ ᠴᠢᠨᠠᠷ ᠲᠡᠰᠳᠤ ᠬᠦᠭᠵᠢᠯᠳᠡ ᠶᠢ ᠪᠡᠶᠡᠯᠡᠬᠦᠯᠵᠦ ᠮᠠᠯᠴᠢᠳ ᠤᠨ ᠤᠷᠤᠯᠭ᠎ᠠ  ᠶᠢ ᠨᠡᠮᠡᠭᠳᠡᠬᠦᠯᠬᠦ ᠳᠤ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠠᠷᠭ᠎ᠠ ᠵᠠᠮ ᠢ ᠰᠡᠳᠦᠬᠦ ᠨᠢ ᠮᠠᠰᠢ ᠴᠢᠬᠤᠯᠠ ᠪᠢᠯᠠ᠃ ᠮᠠᠨ ᠤ ᠬᠤᠰᠢᠭᠤ ᠵᠠᠰᠠᠭ ᠤᠨ ᠤᠷᠳᠤᠨ ᠤ ᠲᠡᠮᠵᠢᠯᠬᠡ ᠪᠠ ᠵᠠᠬ᠎ᠠ ᠲᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠶᠢ ᠲᠤᠬᠢᠳᠠᠢ ᠣᠶᠠᠯᠳᠣᠭᠤᠯᠵᠣ ᠤᠯᠠᠨ ᠲᠦᠮᠡᠨ ᠤ ᠦᠵᠡᠯᠳᠡ ᠲᠠᠨᠢᠯᠳᠠ ᠶᠢ ᠲᠡᠬᠡᠭᠰᠢᠯᠡᠬᠦᠯᠦᠨ ᠰᠢᠨ᠎ᠡ ᠰᠦᠪᠡᠭᠴᠢᠯᠠᠯᠳᠠ ᠶᠢ ᠰᠠᠳᠦᠭᠰᠡᠨ ᠢᠶᠠᠷ ᠮᠠᠯ ᠤᠨ ᠠᠰᠢᠭ ᠰᠢᠮ᠎ᠡ ᠳᠤ ᠲᠦᠰᠢᠭᠯᠡᠵᠤ ᠤᠷᠤᠯᠭ᠎ᠠ ᠪᠠᠨ ᠨᠡᠮᠡᠭᠳᠡᠬᠦᠯᠦᠭᠰᠡᠨ ᠬᠦᠮᠦᠰ ᠤᠯᠠᠨ ᠪᠤᠯᠤᠯ᠎ᠠ᠃      ᠣᠶᠢᠷ᠎ᠠ ᠶᠢᠨ ᠵᠢᠯ ᠠᠴᠠ ᠨᠠᠰᠢ ᠨᠠᠮ ᠵᠠᠰᠠᠭ ᠤᠨ ᠣᠳᠣᠷᠢᠳᠣᠯᠭ᠎ᠠ ᠪᠣᠯᠣᠨ ᠵᠦᠪ ᠣᠨᠣᠪᠴᠢᠳᠡᠢ ᠳᠦᠷᠣ ᠶᠢᠨ ᠪᠣᠳᠣᠯᠭ᠎ᠠ ᠶᠢᠨ ᠬᠠᠪᠰᠣᠷᠣᠯᠭ᠎ᠠ ᠳᠠᠮᠵᠢᠯᠭᠡ ᠪᠠᠷ ᠮᠠᠯᠴᠢᠨ ᠳᠦᠮᠡᠨ ᠤ ᠦᠵᠡᠯᠳᠡ ᠲᠠᠨᠢᠯᠳᠡ ᠨᠢ ᠵᠠᠬ᠎ᠠ ᠲᠡᠯᠬᠡᠬᠦᠷ ᠲᠠᠢ ᠣᠷᠭᠠᠨᠢᠭ ᠢᠶᠠᠷ ᠣᠶᠠᠯᠳᠣᠨ ᠦᠬᠡᠷᠡᠴᠢᠯᠡᠭᠳᠡᠵᠣ ᠮᠠᠯ ᠤᠨ ᠠᠰᠢᠭ ᠰᠢᠮ᠎ᠡ ᠳᠤ ᠲᠦᠰᠢᠭᠯᠡᠨ ᠵᠠᠬ᠎ᠠ ᠲᠡᠯᠬᠡᠬᠦᠷ ᠲᠤ ᠰᠢᠨ᠎ᠡ ᠪᠦᠳᠦᠬᠡᠭᠳᠡᠬᠦᠨ ᠢᠶᠠᠷ ᠢᠶᠠᠨ ᠤᠷᠤᠨ ᠵᠠᠢ ᠡᠵᠡᠯᠡᠬᠦ ᠶᠢ ᠰᠦᠪᠡᠭᠴᠢᠯᠠᠬᠦ ᠪᠤᠯᠤᠭᠰᠠᠨ ᠦᠵᠡᠭᠳᠡᠯ ᠨᠡᠶᠢᠳᠡᠮ ᠭᠠᠷᠬᠤ ᠪᠤᠯᠤᠯ᠎ᠠ᠃      ᠰᠦᠯᠳᠡ ᠰᠤᠮᠤᠨ ᠤ ᠲᠦᠩᠽᠢ ᠭᠠᠴᠠᠭᠠᠨ ᠤ ᠮᠠᠯᠴᠢᠨ ᠬᠡᠷᠡᠯᠳᠤᠶᠠᠭ᠎ᠠ 2018 ᠤᠨ ᠠᠴᠠ ᠡᠬᠢᠯᠡᠵᠤ ᠲᠤᠰᠬᠠᠶᠢᠯᠠᠨ ᠦᠢᠯᠡᠳᠪᠤᠷᠢ ᠶᠢᠨ ᠬᠡᠷ ᠪᠠᠷᠢᠵᠤ ᠲᠤᠯᠤᠭᠠᠨ ᠡᠷᠦᠬᠡ ᠲᠠᠢ ᠬᠤᠯᠪᠤᠭᠠᠯᠠᠨ ᠴᠠᠭᠠᠨ ᠢᠳᠡᠭᠡ ᠶᠢ ᠶᠡᠭᠡ ᠬᠡᠪᠴᠢᠶ᠎ᠠ ᠲᠠᠢ ᠬᠢᠬᠦ ᠪᠤᠯᠵᠠᠢ᠃ ᠤᠷᠴᠢᠮ ᠤᠨ ᠵᠢᠯ ᠠᠴᠠ ᠴᠠᠭᠠᠨ ᠢᠳᠡᠭᠡᠨ ᠤ ᠬᠡᠷᠡᠭᠯᠡᠭᠴᠢᠳ ᠲᠤ ᠶᠡᠬᠡᠪᠡᠷ ᠲᠠᠨᠢᠭᠳᠠᠵᠤ ᠵᠠᠬ᠎ᠠ ᠲᠡᠯᠬᠡᠬᠦᠷ ᠠᠶᠠᠨᠳᠠᠭᠠᠨ ᠦᠷᠬᠡᠨ ᠪᠤᠯᠤᠭᠰᠠᠨ ᠴᠤ ᠴᠠᠭᠠᠨ ᠢᠳᠡᠬᠡᠨ ᠤ ᠦᠢᠯᠡᠳᠪᠤᠷᠢ ᠶᠢᠨ ᠠᠷᠭ᠎ᠠ ᠮᠠᠶ᠋ᠢᠭ᠂ ᠪᠤᠷᠤᠯᠠᠭᠤᠯᠬᠤ ᠠᠷᠭ᠎ᠠ ᠮᠠᠶ᠋ᠢᠭ ᠬᠡᠷᠡᠭᠯᠡᠭᠴᠢᠳ ᠤᠨ ᠤᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ ᠲᠡᠶᠢᠯᠬᠦ ᠦᠬᠡᠢ ᠪᠠᠶᠢᠨ᠎ᠠ ᠬᠡᠵᠤ ᠬᠡᠷᠡᠯᠳᠤᠶᠠᠭ᠎ᠠ ᠦᠵᠡᠳᠡᠭ ᠪᠤᠯᠬᠤᠷ ᠲᠡᠷᠡ ᠤᠯᠠᠮᠵᠢᠯᠠᠯᠳᠤ ᠪᠤᠯᠪᠠᠰᠤᠷᠠᠭᠤᠯᠬᠤ ᠠᠷᠭ᠎ᠠ  ᠪᠠᠷ ᠢᠶᠠᠨ ᠴᠠᠭᠠᠨ ᠢᠳᠡᠬᠡᠨ ᠤ ᠴᠡᠪᠡᠷ ᠠᠷᠢᠭᠤᠨ ᠴᠢᠨᠠᠷ ᠴᠢᠨᠰᠠᠭ᠎ᠠ ᠶᠢ ᠪᠠᠳᠤᠯᠠᠭᠰᠠᠨ ᠤᠷᠢᠳᠠᠯ ᠲᠤᠤᠷ᠎ᠠ ᠰᠢᠨ᠎ᠡ ᠰᠦᠪᠡᠭᠴᠢᠯᠠᠯᠳᠠ ᠬᠢᠵᠤ ᠴᠠᠭᠠᠨ ᠢᠳᠡᠭᠡᠨ ᠤ ᠰᠤᠯᠠ ᠢᠳᠡᠭᠡᠨ ᠬᠢᠵᠦ ᠡᠬᠢᠯᠡᠵᠡᠢ᠃       ᠨᠡᠶᠢᠬᠡᠮ ᠤᠨ ᠬᠦᠭᠵᠢᠯᠳᠡ᠂ ᠵᠠᠬ᠎ᠠ ᠳᠡᠯᠭᠡᠬᠦᠷᠴᠢᠯᠡᠯᠳᠡ ᠶᠢ ᠳᠠᠭᠠᠯᠳᠣᠨ ᠬᠤᠨᠢ ᠦᠬᠡᠷ ᠤᠨ ᠠᠷᠡᠰᠣ᠂ ᠣᠯᠠᠮᠵᠢᠯᠠᠯᠳᠣ ᠠᠷᠠᠰᠤᠨ ᠤᠷᠠᠯᠠᠯ ᠢᠶᠠᠷ ᠣᠯᠠᠨ ᠳᠦᠮᠡᠨ ᠤ ᠭᠡᠷᠡᠭᠴᠡᠭᠡ ᠲᠤ ᠳᠣᠬᠢᠷᠠᠭᠰᠠᠨ ᠡᠯ᠎ᠡ ᠵᠣᠶᠢᠯ ᠤᠨ ᠭᠠᠷ ᠣᠷᠠᠯᠠᠯ ᠤᠨ ᠪᠦᠳᠣᠭᠡᠭᠳᠡᠬᠦᠨ ᠬᠢᠵᠣ ᠣᠷᠣᠯᠭ᠎ᠠ ᠪᠠᠨ ᠨᠡᠮᠡᠭᠳᠡᠬᠦᠯᠬᠦ ᠶᠢᠨ ᠬᠠᠮᠳᠣ ᠪᠠᠰᠠ ᠦᠨᠳᠣᠰᠣᠳᠡᠨ ᠤ ᠣᠯᠠᠮᠵᠢᠯᠠᠯᠳᠣ ᠠᠷᠠᠰᠣᠨ ᠣᠷᠠᠯᠠᠯ ᠤᠨ ᠰᠣᠶᠣᠯ ᠢ ᠬᠦᠭᠵᠢᠬᠦᠯᠵᠣ ᠪᠠᠶᠢᠭ᠎ᠠ ᠬᠦᠮᠦᠰ ᠨᠡᠯᠢᠶᠠᠳ ᠭᠠᠷᠬᠤ ᠪᠣᠯᠣᠯ᠎ᠠ᠃ ᠮᠠᠨ ᠤ ᠬᠤᠰᠢᠭᠤᠨ ᠤ ᠤᠶᠤᠳᠠᠳ ᠤᠨ ᠦᠢᠯᠡᠰ ᠪᠤᠰᠬᠠᠬᠤ ᠬᠦᠷᠢᠶᠠᠯᠠᠩ ᠳᠤ ᠦᠢᠯᠡᠰ ᠪᠤᠰᠬᠠᠵᠤ ᠪᠠᠶᠢᠭ᠎ᠠ ᠤᠶᠤᠨᠰᠤᠳᠤ ᠠᠷᠠᠰᠤᠨ ᠤᠷᠠᠯᠠᠯ ᠤᠨ ᠪᠦᠳᠦᠬᠡᠭᠳᠡᠬᠦᠨ ᠬᠢᠬᠡᠳ ᠨᠡᠯᠢᠶᠡᠳ ᠤᠳᠠᠵᠤ ᠪᠤᠢ᠃ ᠦᠢᠯᠡᠰ ᠪᠤᠰᠬᠠᠬᠤ ᠬᠤᠭᠤᠴᠠᠭᠠᠨ ᠳᠤ ᠲᠡᠷᠡ ᠦᠢᠯᠡᠰ ᠪᠤᠰᠬᠠᠯᠳᠠ ᠶᠢ ᠲᠡᠮᠵᠢᠬᠦ ᠠᠯᠢ ᠤᠯᠠᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ  ᠢ ᠬᠦᠷᠳᠡᠭᠰᠡᠨ ᠢᠶᠠᠷ ᠨᠡᠩ ᠵᠤᠷᠢᠭ ᠡᠷᠴᠢᠯᠡᠭᠳᠡᠵᠤ ᠤᠳᠤ ︽ᠲᠤᠭᠤᠶᠢᠮ᠎ᠠ︾ ᠬᠡᠬᠦ ᠲᠠᠸᠠᠷ ᠤᠨ ᠲᠡᠮᠳᠡᠭ ᠢᠶᠠᠷ ᠰᠢᠨ᠎ᠡ ᠮᠠᠶ᠋ᠢᠭ ᠤᠨ ᠵᠤᠭᠠᠴᠠᠯ ᠤᠨ ᠪᠦᠳᠦᠬᠡᠭᠳᠡᠬᠦᠨ ᠤ ᠲᠦᠰᠦᠪᠯᠡᠯᠳᠡ ᠬᠢᠵᠤ ᠪᠤᠢ᠃      ᠤᠶᠤᠨᠰᠤᠳᠤ ᠶᠢᠨ ᠤᠷᠤᠯᠭ᠎ᠠ ᠶᠢᠨ ᠨᠡᠮᠡᠭᠳᠡᠯ ᠨᠢ ᠮᠠᠯ ᠤᠨ ᠠᠰᠢᠭ ᠰᠢᠮ᠎ᠡ ᠶᠢ ᠵᠠᠬ᠎ᠠ ᠲᠡᠯᠬᠡᠬᠦᠷᠴᠢᠯᠠᠵᠤ ᠨᠡᠩ ᠢᠯᠡᠬᠦᠦ ᠤᠷᠤᠯᠭ᠎ᠠ ᠡᠬᠦᠳᠬᠦ ᠰᠢᠨ᠎ᠡ ᠰᠦᠪᠡᠭᠴᠢᠯᠠᠯᠳᠠ ᠶᠢᠨ ᠠᠮᠵᠢᠯᠳᠠ ᠪᠤᠯᠤᠨ᠎ᠠ᠃      ᠦᠥᠰᠢᠨ ᠬᠤᠰᠢᠭᠤᠨ ᠤ ᠤᠶᠤᠳᠠᠳ ᠤᠨ ᠲᠠᠪᠳᠠᠨ ᠪᠤᠯᠪᠠᠰᠤᠷᠠᠭᠤᠯᠬᠤ ᠭᠠᠵᠠᠷ ᠤᠨ ᠵᠢᠯᠤᠭᠤᠳᠤᠭᠴᠢ ᠨᠠᠷᠠᠨᠳᠠᠯᠠᠢ᠄ ︽ᠬᠤᠪᠢ ᠡᠷᠦᠬᠡ ᠴᠤ ᠪᠤᠯᠤᠭ ᠺᠤᠮᠫᠠᠨᠢ ᠴᠤ ᠪᠤᠯᠤᠭ ᠡᠨᠡ ᠲᠡᠯ᠎ᠠ ᠲᠡᠬᠡᠷ᠎ᠡ ᠶᠡᠭᠡ ᠲᠠᠪᠰᠢᠯᠳᠠ ᠲᠠᠢ᠃ ᠤᠤᠯ ᠨᠢ ᠮᠠᠨ ᠤ ᠨᠤᠳᠤᠭ ᠲᠤ ᠬᠢᠬᠦ ᠬᠦᠮᠦᠨ ᠠᠷᠪᠢᠨ ᠴᠤ ᠪᠦᠳᠦᠬᠡᠭᠳᠡᠬᠦᠨ ᠢᠶᠠᠨ ᠬᠠᠮᠢᠭ᠎ᠠ ᠠᠪᠠᠴᠢᠵᠤ ᠦᠭᠬᠦ ᠪᠢᠯᠡ︖ ᠶᠠᠮᠠᠷ ᠶᠠᠩᠵᠤ ᠪᠠᠷ ᠬᠢᠳᠡᠭ ᠪᠢᠯᠡ︖ ᠡᠶᠢᠮᠦ ᠲᠠᠯᠠᠪᠠᠢ ᠴᠤ ᠦᠬᠡᠢ ᠪᠠᠶᠢᠭᠰᠠᠨ᠃ ᠡᠨᠡ ᠬᠤᠶᠠᠷ ᠵᠢᠯ ᠵᠠᠰᠠᠭ ᠤᠨ ᠤᠷᠳᠤᠨ ᠤ ᠲᠡᠮᠵᠢᠯᠬᠡ ᠲᠤᠤᠷ᠎ᠠ ᠮᠠᠰᠢ ᠠᠷᠪᠢᠨ ᠵᠠᠯᠠᠭᠤᠴᠤᠳ ᠶᠡᠭᠡ ᠠᠷᠪᠢᠨ ᠤᠶᠤᠳᠠᠳ ᠭᠠᠷᠴᠤ ᠶᠡᠭᠡ ᠠᠷᠪᠢᠨ ᠪᠦᠳᠦᠬᠡᠭᠳᠡᠬᠦᠨ ᠢ ᠦᠢᠯᠡᠳᠴᠤ ᠪᠠᠶᠢᠨ᠎ᠠ︾ ᠬᠡᠵᠦ ᠪᠠᠶᠢᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号