ᠮᠠᠨ ᠤ ᠬᠤᠰᠢᠭᠤ ᠰᠦᠯᠵᠢᠶᠡᠨ ᠤ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2019-10-08
     ᠤᠶᠢᠷ᠎ᠠ ᠶᠢᠨ ᠡᠳᠦᠷ᠂ ᠮᠠᠨ ᠤ ᠬᠤᠰᠢᠭᠤ ᠰᠦᠯᠵᠢᠶᠡᠨ ᠤ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠡᠷᠬᠢᠯᠡᠨ ᠶᠠᠪᠤᠭᠳᠠᠭᠤᠯᠵᠦ ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠠᠵᠢᠯᠲᠠᠳ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠳᠤ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠰᠦᠯᠵᠢᠶᠡᠨ ᠤ ᠠᠮᠤᠷ ᠲᠦᠪᠰᠢᠨ ᠤ ᠰᠤᠳᠤᠯᠭᠠᠨ ᠤ ᠭᠠᠵᠠᠷ ᠤᠨ ᠡᠷᠬᠢᠯᠡᠭᠴᠢ ᠫᠷᠤᠹᠧᠰᠰᠤᠷ ᠸᠠᠩ ᠭᠠᠩ ᠢ ᠲᠤᠰᠬᠠᠶᠢᠯᠠᠨ ᠤᠷᠢᠵᠤ ᠲᠤᠭ᠎ᠠ ᠪᠠᠷᠢᠮᠲᠠ ᠶᠢᠨ ᠬᠠᠮᠠᠭᠠᠯᠠᠯᠲᠠ᠂ ᠴᠢᠬᠤᠯᠠ ᠮᠡᠳᠡᠭᠡ ᠵᠠᠩᠭᠢ ᠶᠢᠨ ᠰᠢᠰᠲ᠋ᠧᠮ ᠪᠣᠯᠤᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ   ᠳᠤ ᠠᠮᠤᠷ ᠲᠦᠪᠰᠢᠨ ᠤ ᠪᠠᠶᠢᠴᠠᠭᠠᠯᠲᠠ ᠪᠣᠯᠤᠨ ᠠᠶᠤᠯ ᠲᠦᠭᠰᠢᠭᠦᠷᠢ ᠶᠢᠨ ᠦᠨᠡᠯᠡᠯᠲᠡ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠪᠣᠳᠠᠲᠠᠶ ᠠᠵᠢᠯᠯᠠᠬᠤ ᠶᠠᠪᠤᠴᠠ ᠵᠡᠷᠭᠡ ᠲᠠᠯ᠎ᠠ ᠪᠠᠷ ᠨᠠᠷᠢᠨ ᠨᠢᠮᠪᠠᠶ ᠪᠦᠬᠦ ᠲᠠᠯ᠎ᠠ ᠶᠢᠨ ᠲᠠᠶᠢᠯᠤᠮᠵᠢ ᠬᠢᠯᠭᠡᠭᠰᠡᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠨᠢ ᠰᠦᠯᠵᠢᠶᠡᠨ ᠤ ᠠᠮᠤᠷ ᠲᠦᠪᠰᠢᠨ ᠤ ᠬᠠᠤᠯᠢ ᠪᠠ ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠬᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠦᠯᠵᠢᠶᠡᠨ ᠤ ᠠᠮᠤᠷ ᠲᠦᠪᠰᠢᠨ ᠤ ᠬᠡᠯᠪᠡᠷᠢ ᠪᠠ ᠡᠭᠦᠷᠭᠡ ᠶᠢ ᠭᠦᠨᠵᠡᠭᠡᠶ ᠲᠠᠨᠢᠨ ᠰᠦᠯᠵᠢᠶᠡᠨ  ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠦ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ  ᠶᠢ ᠴᠢᠩᠭᠠᠳᠬᠠᠨ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠠᠵᠢᠯᠲᠠᠨ ᠤ ᠠᠮᠤᠷ ᠲᠦᠪᠰᠢᠨ ᠤ ᠤᠬᠠᠮᠰᠠᠷ ᠪᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠵᠣᠷᠢᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号