ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 6 ᠤ ᠴᠠᠬᠢᠯᠭᠠᠨ ᠮᠡᠳᠡᠭᠡ ᠨᠠᠮ ᠤᠨ ᠲᠦᠪ | ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠰᠤᠯᠤᠩᠭᠤᠰ ᠤᠨ ᠬᠦᠳᠡᠯᠮᠦᠷᠢᠴᠢᠨ ᠤ | ᠨᠠᠮ ᠤᠨ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠷᠢᠶᠠᠨ ᠳᠠᠷᠤᠭ᠎ᠠ ᠶᠢᠨ ᠵᠧᠩ | ᠡᠸ᠋ᠨ ᠯᠦᠭᠡ ᠳᠤᠮᠳᠠᠳᠤ ᠰᠤᠯᠤᠩᠭᠤᠰ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠳᠤ ᠵᠤᠷᠢᠭᠤᠯᠤᠨ | ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ | ᠪᠠ ᠪᠦᠬᠦᠳᠠ ᠨᠠᠶᠢᠷᠠᠮᠳᠠᠬᠤ ᠠᠷᠠᠳᠴᠢᠯᠠᠬᠰᠠᠨ ᠰᠤᠯᠤᠩᠭᠤᠰ ᠠᠷᠠᠳ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 70 | ᠵᠢᠯ ᠤᠨ ᠤᠢ ᠶᠢᠨ ᠲᠠᠰᠢᠷᠠᠮ ᠳᠤ᠂ ᠪᠢ ᠳᠤᠮᠳᠠᠳᠤ ᠤᠯᠤᠰ ᠤᠨ ᠡᠪ ᠬᠠᠮᠳᠦ ᠨᠠᠮ᠂ ᠳᠤᠮᠳᠠᠳᠤ ᠤᠯᠤᠰ ᠤᠨ | ᠵᠠᠰᠠᠭ ᠤᠨ ᠤᠷᠳᠤᠨ᠂ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠠ ᠠᠴᠠ ᠲᠠ ᠵᠢᠴᠢ ᠲᠠᠨ ᠢᠶᠠᠷ | ᠳᠠᠮᠵᠢᠭᠤᠯᠤᠨ ᠰᠤᠯᠤᠩᠭᠤᠰ ᠤᠨ ᠬᠦᠳᠡᠯᠮᠦᠷᠢᠴᠢᠨ ᠤ ᠨᠠᠮ᠂ ᠰᠤᠯᠤᠩᠭᠤᠰ ᠤᠨ ᠵᠠᠰᠠᠭ ᠤᠨ ᠤᠷᠳᠤᠨ᠂ | ᠰᠤᠯᠤᠩᠭᠤᠰ ᠤᠨ ᠠᠷᠠᠳ ᠲᠦᠮᠡᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ ᠭᠡᠪᠡ᠃ | ᠰᠢ ᠶᠢᠨ ᠫᠢᠩ᠂ 70 ᠵᠢᠯ ᠤᠨ ᠡᠮᠦᠨ᠎ᠠ᠂ ᠳᠤᠮᠳᠠᠳᠤ ᠰᠤᠯᠤᠩᠭᠤᠰ ᠵᠢᠩᠬᠢᠨᠢ ᠪᠠᠷ ᠭᠠᠳᠠᠭᠠᠳᠦ ᠬᠠᠷᠢᠯᠴᠠᠭ᠎ᠠ | ᠪᠠᠶᠢᠭᠤᠯᠪᠠ᠂ ᠡᠨᠡ ᠨᠢ ᠬᠤᠶᠠᠷ ᠨᠠᠮ ᠬᠤᠶᠠᠷ ᠤᠯᠤᠰ ᠤᠨ ᠬᠠᠷᠢᠯᠴᠠᠭᠠᠨ ᠤ ᠲᠡᠦᠭᠡᠨ ᠳᠡᠭᠡᠷ᠎ᠠ ᠴᠠᠭ ᠦᠶ᠎ᠠ ᠶᠢ | ᠵᠠᠭᠠᠭᠯᠠᠬᠰᠠᠨ ᠴᠢᠬᠤᠯᠠ ᠠᠴᠢ ᠬᠤᠯᠪᠤᠭᠳᠠᠯ ᠲᠠᠢ ᠶᠤᠮ᠃ ᠰᠤᠯᠤᠩᠭᠤᠰ ᠪᠤᠯ ᠬᠠᠮᠤᠭ ᠡᠷᠳᠡ ᠰᠢᠨ᠎ᠠ ᠳᠤᠮᠳᠠᠳᠤ | ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠤᠯᠤᠰ ᠤᠨ ᠨᠢᠭᠡ ᠪᠤᠯᠤᠨ᠎ᠠ᠃ 70 ᠵᠢᠯ ᠤᠨ ᠲᠤᠷᠰᠢ᠂ ᠬᠤᠶᠠᠷ ᠨᠠᠮ | ᠬᠤᠶᠠᠷ ᠤᠯᠤᠰ ᠤᠨ ᠦᠶ᠎ᠠ ᠦᠶ᠎ᠠ ᠶᠢᠨ ᠤᠳᠤᠷᠢᠳᠬᠤ ᠬᠦᠮᠦᠰ ᠤᠨ ᠬᠠᠯᠠᠮᠵᠢᠯᠠᠯ ᠪᠠ ᠬᠤᠶᠠᠷ ᠲᠠᠯ᠎ᠠ ᠶᠢᠨ | ᠬᠠᠮᠳᠤ ᠶᠢᠨ ᠴᠢᠷᠮᠠᠶᠢᠯᠭ᠎ᠠ ᠪᠠᠷ᠂ ᠳᠤᠮᠳᠠᠳᠤ ᠰᠤᠯᠤᠩᠭᠤᠰ ᠤᠨ ᠤᠯᠠᠮᠵᠢᠯᠠᠯᠳᠦ ᠨᠦᠬᠦᠷᠯᠡᠯ ᠲᠡᠯᠡᠬᠡᠢ ᠶᠢᠨ ᠬᠤᠪᠢᠷᠠᠯᠳᠠ | ᠪᠠ ᠴᠠᠭ ᠦᠶ᠎ᠠ ᠶᠢᠨ ᠬᠤᠪᠢᠰᠤᠯᠳᠠ ᠶᠢᠨ ᠰᠢᠯᠭᠠᠯᠳᠠ ᠶᠢ ᠳᠠᠭᠠᠭᠠᠵᠦ᠂ ᠳᠠᠰᠤᠷᠠᠯᠳᠠ ᠦᠭᠡᠢ ᠬᠦᠭᠵᠢᠨ᠂ ᠤᠷᠳᠤ | ᠤᠳᠠᠭᠠᠨ ᠬᠤᠭᠤᠴᠠᠭ᠎ᠠ ᠶᠢ ᠲᠤᠭᠤᠯᠤᠨ ᠤᠯᠠᠮ ᠪᠠᠳᠤᠵᠢᠵᠦ᠂ ᠬᠦᠮᠦᠰ ᠤᠨ ᠰᠡᠳᠬᠢᠯ ᠳᠤ ᠬᠠᠳᠠᠩᠰᠢᠵᠠᠢ᠃ ᠬᠤᠶᠠᠷ | ᠤᠯᠤᠰ ᠤᠨ ᠡᠯ᠎ᠠ ᠬᠦᠷᠢᠶᠡᠨ ᠳᠠᠬᠢ ᠶᠠᠪᠤᠯᠴᠠᠭ᠎ᠠ ᠬᠠᠮᠳᠤᠷᠠᠯᠴᠠᠭᠠᠨ ᠤ ᠦᠷ᠎ᠠ ᠪᠦᠳᠦᠭᠡᠯ ᠡᠯᠪᠡᠭ ᠪᠤᠯᠵᠦ᠂ ᠬᠤᠶᠠᠷ | ᠤᠯᠤᠰ ᠤᠨ ᠲᠤᠰ ᠲᠤᠰ ᠤᠨ ᠨᠡᠶᠢᠭᠡᠮ ᠵᠢᠷᠤᠮ ᠤᠨ ᠦᠢᠯᠡᠰ ᠤᠨ ᠬᠦᠭᠵᠢᠯ ᠴᠡᠴᠡᠭᠯᠡᠯ ᠲᠠᠪᠰᠢᠯᠳᠠ ᠶᠢ ᠬᠦᠴᠦᠳᠠᠢ | ᠠᠬᠢᠭᠤᠯᠤᠭᠰᠠᠨ ᠢᠶᠠᠷ ᠪᠠᠷᠠᠬᠤ ᠦᠭᠡᠢ ᠭᠠᠵᠠᠷ ᠤᠷᠤᠨ ᠤ ᠡᠩᠭᠡ ᠲᠠᠶᠢᠪᠤᠩ ᠲᠤᠭᠳᠠᠭᠤᠨ ᠢ ᠬᠠᠮᠠᠭᠠᠯᠠᠬᠤ ᠳᠤ | ᠴᠢᠬᠤᠯᠠ ᠢᠳᠡᠪᠬᠢᠳᠠᠢ ᠦᠢᠯᠡᠳᠦᠯ ᠦᠵᠡᠬᠦᠯᠵᠡᠢ ᠭᠡᠵᠦ ᠢᠯᠡᠳᠭᠡᠪᠡ᠃ | ᠰᠢ ᠶᠢᠨ ᠫᠢᠩ᠂ ᠳᠤᠮᠳᠠᠳᠤ ᠰᠤᠯᠤᠩᠭᠤᠰ ᠤᠨ ᠤᠯᠠᠮᠵᠢᠯᠠᠯᠳᠦ ᠨᠦᠬᠦᠷᠯᠡᠯ ᠪᠤᠯ ᠬᠤᠶᠠᠷ ᠨᠠᠮ᠂ ᠬᠤᠶᠠᠷ | ᠤᠯᠤᠰ᠂ ᠬᠤᠶᠠᠷ ᠤᠯᠤᠰ ᠤᠨ ᠠᠷᠠᠳ ᠲᠦᠮᠡᠨ ᠤ ᠬᠠᠮᠳᠦ ᠶᠢᠨ ᠦᠨᠡᠳᠦ ᠦᠪ ᠬᠦᠷᠦᠩᠭᠡ ᠮᠦᠨ᠃ ᠳᠤᠮᠳᠠᠳᠤ | ᠰᠤᠯᠤᠩᠭᠤᠰ ᠤᠨ ᠬᠠᠷᠢᠯᠴᠠᠭ᠎ᠠ ᠶᠢ ᠰᠠᠶᠢᠳᠤᠷ ᠬᠠᠮᠠᠭᠠᠯᠠᠵᠦ᠂ ᠰᠠᠶᠢᠳᠤᠷ ᠪᠠᠬᠢᠵᠢᠬᠦᠯᠵᠦ᠂ ᠰᠠᠶᠢᠳᠤᠷ ᠬᠦᠭᠵᠢᠬᠦᠯᠬᠦ ᠨᠢ | ᠳᠤᠮᠳᠠᠳᠤ ᠤᠯᠤᠰ ᠤᠨ ᠨᠠᠮ ᠪᠤᠯᠤᠨ ᠵᠠᠰᠠᠭ ᠤᠨ ᠤᠷᠳᠤᠨ ᠤ ᠢᠮᠠᠬᠳᠠ ᠡᠷᠡᠰ ᠭᠤᠶᠢᠪᠢᠰᠢ ᠦᠭᠡᠢ ᠪᠠᠷᠢᠮᠳᠠᠯᠠᠬᠤ | ᠴᠢᠭᠯᠡᠯᠳᠠ ᠮᠦᠨ᠃ ᠪᠢ ᠳᠤᠮᠳᠠᠳᠤ ᠰᠤᠯᠤᠩᠭᠤᠰ ᠤᠨ ᠬᠠᠷᠢᠯᠴᠠᠭᠠᠨ ᠤ ᠬᠦᠭᠵᠢᠯᠳᠠ ᠶᠢ ᠳᠡᠭᠡᠳᠦ ᠭᠡᠮᠵᠢᠶ᠎ᠠ ᠪᠠᠷ | ᠴᠢᠬᠤᠯᠠᠴᠢᠯᠠᠵᠦ᠂ ᠬᠤᠷᠢᠶᠠᠨ ᠳᠠᠷᠤᠭ᠎ᠠ ᠨᠦᠬᠦᠷ ᠯᠦᠭᠡ ᠶᠢᠨ ᠢᠳᠡᠭᠡᠯᠴᠡᠭᠡ ᠨᠦᠬᠦᠷᠯᠡᠯ ᠢ ᠨᠠᠨᠳᠢᠩᠨᠠᠵᠦ ᠪᠠᠶᠢᠨ᠎ᠠ᠃ | ᠨᠢᠳᠤᠨᠤᠨ ᠠᠴᠠ ᠨᠠᠭᠠᠰᠢ᠂ ᠪᠢ ᠬᠤᠷᠢᠶᠠᠨ ᠳᠠᠷᠤᠭ᠎ᠠ ᠨᠦᠬᠦᠷ ᠲᠠᠢ ᠲᠠᠪᠤ ᠤᠳᠠᠭ᠎ᠠ ᠠᠭᠤᠯᠵᠠᠵᠤ᠂ ᠠᠯᠢ ᠤᠯᠠᠨ | ᠴᠢᠬᠤᠯᠠ ᠬᠠᠮᠳᠦ ᠶᠢᠨ ᠲᠠᠨᠢᠯᠳᠠ ᠲᠠᠢ ᠪᠤᠯᠵᠤ᠂ ᠳᠤᠮᠳᠠᠳᠤ ᠰᠤᠯᠤᠩᠭᠤᠰ ᠤᠨ ᠬᠠᠷᠢᠯᠴᠠᠭ᠎ᠠ ᠶᠢ ᠬᠠᠮᠳᠦ ᠪᠠᠷ | ᠬᠦᠳᠦᠯᠦᠨ ᠳᠠᠭᠠᠭᠤᠯᠵᠤ ᠰᠢᠨ᠎ᠠ ᠲᠡᠤᠬᠡᠨ ᠴᠠᠭ ᠦᠶ᠎ᠠ ᠳᠤ ᠤᠷᠤᠭᠤᠯᠵᠠᠢ᠃ ᠳᠤᠮᠳᠠᠳᠤ ᠶᠢᠨ ᠲᠠᠯ᠎ᠠ ᠳᠤᠷᠠᠳᠠᠶ᠎ᠠ | ᠰᠤᠯᠤᠩᠭᠤᠰ ᠤᠨ ᠲᠠᠯ᠎ᠠ ᠲᠠᠢ ᠭᠠᠷ ᠬᠤᠯᠪᠤᠨ ᠴᠢᠷᠮᠠᠶᠢᠵᠤ᠂ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠠᠷ | ᠠᠵᠠ ᠳᠤᠬᠢᠶᠠᠯ ᠪᠤᠯᠭᠠᠵᠤ᠂ ᠳᠤᠮᠳᠠᠳᠤ ᠰᠤᠯᠤᠩᠭᠤᠰ ᠤᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ | ᠲᠤᠭᠳᠠᠭᠤᠨ ᠢᠶᠠᠷ ᠬᠦᠭᠵᠢᠬᠦ ᠶᠢ ᠠᠬᠢᠭᠤᠯᠵᠤ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ | ᠨᠡᠩ ᠰᠠᠶᠢᠨ ᠢᠶᠠᠷ ᠪᠤᠶᠠᠨ ᠦᠢᠯᠡᠳᠦᠨ᠎ᠠ ᠭᠡᠵᠤ ᠴᠢᠬᠤᠯᠠᠴᠢᠯᠠᠪᠠ᠃ | ᠶᠢᠨ ᠵᠧᠩ ᠡᠸ᠋ᠨ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠤᠯᠤᠩᠭᠤᠰ ᠳᠤᠮᠳᠠᠳᠤ ᠶᠢᠨ ᠬᠠᠷᠢᠯᠴᠠᠭ᠎ᠠ | ᠪᠠᠶᠢᠭᠤᠯᠤᠭᠰᠠᠨ 70 ᠵᠢᠯ ᠤᠨ ᠤᠢ ᠶᠢᠨ ᠲᠠᠰᠢᠷᠠᠮ ᠳᠤ᠂ ᠪᠢ ᠰᠤᠯᠤᠩᠭᠤᠰ ᠤᠨ ᠬᠦᠳᠡᠯᠮᠦᠷᠢᠴᠢᠨ ᠤ ᠨᠠᠮ᠂ | ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠤᠯᠤᠩᠭᠤᠰ ᠠᠷᠠᠳ ᠤᠯᠤᠰ ᠤᠨ ᠵᠠᠰᠠᠭ ᠤᠨ ᠤᠷᠳᠤᠨ ᠪᠤᠯᠤᠨ | ᠰᠤᠯᠤᠩᠭᠤᠰ ᠤᠨ ᠠᠷᠠᠳ ᠲᠦᠮᠡᠨ ᠤ ᠡᠮᠦᠨ᠎ᠠ ᠠᠴᠠ᠂ ᠶᠡᠷᠦᠩᠬᠡᠢ ᠱᠦᠵᠢ ᠨᠦᠬᠦᠷ ᠲᠤ᠂ ᠲᠠᠷᠡᠴᠢᠯᠠᠨ ᠶᠡᠷᠦᠩᠬᠡᠢ | ᠱᠦᠵᠢ ᠨᠦᠬᠦᠷ ᠢᠶᠠᠷ ᠳᠠᠮᠵᠢᠭᠤᠯᠤᠨ ᠳᠤᠮᠳᠠᠳᠤ ᠤᠯᠤᠰ ᠤᠨ ᠡᠪ ᠬᠠᠮᠳᠤ ᠨᠠᠮ᠂ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠤᠨ ᠤᠷᠳᠤᠨ ᠪᠤᠯᠤᠨ ᠪᠦᠬᠦ ᠳᠤᠮᠳᠠᠳᠤ ᠤᠯᠤᠰ ᠤᠨ ᠠᠷᠠᠳ ᠲᠦᠮᠡᠨ ᠳᠤ ᠬᠠᠮᠤᠭ ᠤᠨ | ᠬᠠᠯᠠᠭᠤᠨ ᠪᠠᠶᠠᠷ ᠪᠠ ᠬᠠᠮᠤᠭ ᠤᠨ ᠦᠨᠡᠨᠴᠢ ᠵᠦᠩᠨᠡᠯ ᠳᠡᠪᠰᠢᠭᠦᠯᠵᠤ ᠪᠠᠶᠢᠨ᠎ᠠ ᠭᠡᠵᠤ ᠢᠯᠡᠳᠭᠡᠵᠠᠢ᠃ | ᠶᠢᠨ ᠵᠧᠩ ᠡᠸ᠋ᠨ᠂ ᠰᠤᠯᠤᠩᠭᠤᠰ ᠳᠤᠮᠳᠠᠳᠤ ᠬᠤᠶᠠᠷ ᠤᠯᠤᠰ ᠬᠠᠷᠢᠯᠴᠠᠭ᠎ᠠ ᠪᠠᠶᠢᠭᠤᠯᠤᠭᠰᠠᠨ ᠨᠢ ᠴᠠᠭ | ᠦᠶ᠎ᠠ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠶᠤᠮ᠃ 70 ᠵᠢᠯ ᠤᠨ ᠲᠤᠷᠰᠢ᠂ ᠰᠤᠯᠤᠩᠭᠤᠰ ᠳᠤᠮᠳᠠᠳᠤ ᠶᠢᠨ | ᠬᠤᠶᠠᠷ ᠨᠠᠮ᠂ ᠬᠤᠶᠠᠷ ᠤᠯᠤᠰ ᠤᠨ ᠠᠷᠠᠳ ᠲᠦᠮᠡᠨ ᠨᠡᠶᠢᠭᠡᠮ ᠵᠢᠷᠤᠮ ᠤᠨ ᠦᠢᠯᠡᠰ ᠢ ᠬᠠᠮᠠᠭᠠᠯᠠᠨ ᠬᠦᠭᠵᠢᠭᠦᠯᠬᠦ | ᠠᠶᠠᠨ ᠳᠤᠮᠳᠠ ᠢᠮᠠᠭᠳᠠ ᠦᠬᠦᠵᠤ ᠰᠡᠭᠡᠬᠦ ᠪᠠᠨ ᠬᠠᠮᠳᠤᠳᠬᠠᠵᠤ᠂ ᠬᠦᠴᠢᠷ ᠵᠤᠪᠠᠯᠠᠩ ᠢ ᠬᠠᠮᠳᠦ ᠪᠠᠷ ᠲᠤᠭᠤᠯᠵᠤ᠂ | ᠤᠨ ᠰᠠᠷ᠎ᠠ ᠶᠢᠨ ᠰᠢᠯᠭᠠᠯᠳᠠ ᠶᠢ ᠦᠩᠭᠡᠷᠡᠭᠦᠯᠵᠤ᠂ ᠠᠭᠤᠤ ᠶᠡᠭᠡ ᠰᠤᠯᠤᠩᠭᠤᠰ ᠳᠤᠮᠳᠠᠳᠤ ᠶᠢᠨ ᠨᠦᠬᠦᠷᠯᠡᠯ ᠤᠨ | ᠲᠡᠤᠬᠡ ᠶᠢ ᠪᠢᠴᠢᠭᠯᠡᠪᠡ᠃ ᠤᠳᠤᠬᠠᠨ ᠳᠤ᠂ ᠰᠤᠯᠤᠩᠭᠤᠰ ᠳᠤᠮᠳᠠᠳᠤ ᠶᠢᠨ ᠬᠠᠷᠢᠯᠴᠠᠭ᠎ᠠ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠬᠡᠬᠡᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠭᠡᠷᠡᠭᠦᠯᠬᠦ ᠴᠢᠬᠤᠯᠠ | ᠵᠠᠩᠭᠢᠯᠠᠭ᠎ᠠ ᠶᠢᠨ ᠬᠤᠭᠤᠴᠠᠭᠠᠨ ᠳᠤ ᠤᠷᠤᠵᠠᠢ᠃ ᠡᠷᠬᠡᠪᠰᠢ ᠰᠤᠯᠤᠩᠭᠤᠰ ᠳᠤᠮᠳᠠᠳᠤ ᠶᠢᠨ ᠨᠦᠬᠦᠷᠯᠡᠯ ᠤᠨ ᠰᠢᠯᠢᠳᠡᠭ | ᠤᠯᠠᠮᠵᠢᠯᠠᠯ ᠢ ᠵᠠᠯᠭᠠᠮᠵᠢᠯᠠᠵᠤ᠂ ᠬᠤᠶᠠᠷ ᠤᠯᠤᠰ ᠤᠨ ᠨᠦᠬᠦᠷᠰᠡᠭ ᠬᠠᠮᠳᠤᠷᠠᠯᠴᠠᠭᠠᠨ ᠤ ᠬᠠᠷᠢᠯᠴᠠᠭ᠎ᠠ ᠶᠢᠨ ᠪᠦᠬᠦ | ᠲᠠᠯ᠎ᠠ ᠶᠢᠨ ᠰᠡᠷᠭᠦᠯᠳᠡ ᠶᠢ ᠪᠡᠶᠡᠯᠡᠭᠦᠯᠬᠦ ᠪᠤᠯ ᠮᠢᠨᠤ ᠪᠡᠶ᠎ᠡ ᠪᠠ ᠰᠤᠯᠤᠩᠭᠤᠰ ᠤᠨ ᠨᠠᠮ᠂ ᠵᠠᠰᠠᠭ ᠤᠨ ᠤᠷᠳᠤᠨ ᠤ | ᠭᠤᠶᠢᠪᠢᠰᠢ ᠦᠭᠡᠢ ᠵᠤᠭᠰᠤᠯᠳᠠ ᠪᠤᠯᠤᠨ᠎ᠠ᠃ ᠪᠢ ᠳᠤᠷᠠᠳᠠᠶ᠎ᠠ ᠶᠡᠷᠦᠩᠬᠡᠢ ᠱᠦᠵᠢ ᠨᠦᠬᠦᠷ ᠲᠠᠢ ᠭᠠᠷ ᠬᠤᠯᠪᠤᠵᠤ᠂ | ᠰᠤᠯᠤᠩᠭᠤᠰ ᠳᠤᠮᠳᠠᠳᠤ ᠬᠤᠶᠠᠷ ᠤᠯᠤᠰ ᠤᠨ ᠠᠷᠠᠳ ᠲᠦᠮᠡᠨ ᠤ ᠬᠠᠮᠳᠦ ᠶᠢᠨ ᠬᠦᠰᠡᠯ ᠡᠷᠡᠮᠡᠯᠵᠡᠯ ᠶᠤᠰᠤᠭᠠᠷ᠂ | ᠳᠡᠯᠡᠬᠡᠢ ᠶᠢᠨ ᠪᠠᠭ᠋ᠠᠷᠬᠠᠯ ᠢ ᠳᠠᠳᠠᠭᠰᠠᠨ ᠰᠤᠯᠤᠩᠭᠤᠰ ᠳᠤᠮᠳᠠᠳᠤ ᠶᠢᠨ ᠨᠦᠬᠦᠷᠯᠡᠯ ᠢ ᠪᠠᠬᠢᠵᠢᠭᠦᠯᠦᠨ ᠬᠦᠭᠵᠢᠭᠦᠯᠵᠤ᠂ | ᠨᠦᠬᠦᠷᠯᠡᠯ ᠪᠠ ᠪᠦᠯᠬᠦᠮᠳᠡᠯ ᠤᠨ ᠬᠦᠴᠦᠨ ᠢᠶᠠᠷ ᠨᠡᠶᠢᠭᠡᠮ ᠵᠢᠷᠤᠮ ᠤᠨ ᠦᠢᠯᠡᠰ ᠢ ᠡᠷᠡᠰ ᠬᠠᠮᠠᠭᠠᠯᠠᠵᠤ᠂ ᠰᠤᠯᠤᠩᠭᠤᠰ | ᠬᠤᠶᠢᠭ ᠪᠤᠯᠤᠨ ᠳᠡᠯᠡᠬᠡᠢ ᠶᠢᠨ ᠡᠩᠬᠡ ᠲᠠᠶᠢᠪᠤᠩ ᠪᠠ ᠲᠤᠭᠳᠠᠭᠤᠨ ᠢ ᠡᠷᠡᠰ ᠬᠠᠮᠠᠭᠠᠯᠠᠨ᠎ᠠ ᠭᠡᠵᠤ ᠢᠯᠡᠳᠭᠡᠪᠡ᠃ | |